ᠬᠠᠪᠤᠷ ᠤᠨ ᠳᠤᠯᠠᠭᠠᠨ ᠳᠤ ᠴᠡᠴᠡᠭ ᠳᠡᠯᠭᠡᠷᠡᠵᠦ ᠪᠠᠶᠢᠬᠤ ᠳᠤ ᠲᠦᠴᠢᠣᠸᠠᠨ ᠳᠤ ᠵᠤᠭᠠᠴᠠᠬᠤ ᠰᠠᠶᠢᠬᠠᠨ ᠴᠠᠭ
ᠨᠡᠶᠢᠲᠡᠯᠡᠭᠰᠡᠨ ᠴᠠᠭ᠄
2023/4/13
   ᠵᠠᠮ ᠱᠤᠭᠤᠮ ᠤᠨ ᠲᠠᠨᠢᠯᠴᠠᠭᠤᠯᠭ᠎ᠠ᠄    ᠡᠮᠳᠤ ᠶᠢᠨ ᠭᠤᠤᠯ ᠤᠢ ᠰᠢᠭᠤᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ︱ ᠴᠡᠴᠡᠭ ᠤᠨ ᠲᠠᠯᠠᠢ ᠬᠡᠮᠬᠡ ᠶᠢᠨ ᠲᠠᠷᠢᠶᠠᠨ ᠤ ᠵᠤᠭᠠᠴᠠᠯ ᠤᠨ ᠦᠷᠳᠡᠭᠡ ︱ ᠱᠤ᠋ ᠭᠤᠸᠠᠩ ᠤᠳᠤ ᠦᠶ᠎ᠡ ᠶᠢᠨ ᠲᠠᠷᠢᠶᠠᠯᠠᠩ ᠣᠷᠴᠢᠯ ᠠᠵᠤ ᠠᠬᠤᠢ ᠶᠢᠨ ᠲᠤᠭᠤᠷᠢᠭ ︱ ᠵᠢᠦᠢ ᠮᠧᠢ ᠾᠧᠩ ᠭᠦᠸᠧ ᠲᠦᠷᠪᠡᠨ ᠤᠯᠠᠷᠢᠯ ᠤᠨ ᠵᠢᠮᠢᠰ ᠲᠡᠭᠦᠬᠦ ᠬᠦᠷᠢᠶᠡᠯᠡᠩ ︱ ᠰᠠᠶᠢᠬᠠᠨᠬᠤᠸᠠ ᠤᠳᠤ ᠦᠶ᠎ᠡ ᠶᠢᠨ ᠲᠠᠷᠢᠶᠠᠯᠠᠩ ᠠᠮᠢ ᠠᠬᠤᠢ ᠶᠢᠨ ᠬᠦᠷᠢᠶᠡᠯᠡᠩ ︱ ᠮᠢᠩ ᠰᠢᠩ ᠨᠠᠭᠤᠷ ᠤᠨ ᠵᠤᠭᠠᠴᠠᠯ ᠤᠨ ᠠᠮᠠᠷᠠᠯᠲᠠ ᠶᠢᠨ ᠣᠷᠣᠨ ︱ ᠶᠦᠩ ᠠᠨ ᠪᠠᠯᠭᠠᠰᠤ ᠶᠢᠨ ᠤᠨᠤᠭᠠᠨ ᠠᠭᠤᠯᠠ ︱ ᠳ᠋ᠦ᠋ ᠰᠢ ᠭᠧᠦ ᠶᠢᠨ ᠵᠤᠭᠠᠴᠠᠯ ᠤᠨ ᠠᠮᠠᠷᠠᠯᠲᠠ ᠶᠢᠨ ᠣᠷᠣᠨ ︱ ᠪᠦᠦ ᠱᠢ ᠬᠧ ᠨᠠᠭᠤᠷ ᠤᠨ ᠵᠤᠭᠠᠴᠠᠯ ᠤᠨ ᠦᠵᠡᠮᠵᠢ ᠶᠢᠨ ᠣᠷᠣᠨ ︱ ᠪᠦᠦ ᠱᠢ ᠨᠠᠭᠤᠷ ᠤᠨ ᠵᠤᠭᠠᠴᠠᠯ ᠤᠨ ᠦᠵᠡᠮᠵᠢ ᠶᠢᠨ ᠣᠷᠣᠨ    ᠵᠢᠭᠤᠯᠴᠢᠯᠠᠯ ᠤᠨ ᠬᠠᠮᠤᠭ ᠤᠨ ᠰᠠᠶᠢᠨ ᠴᠠᠭ᠄ 4 ᠰᠠᠷ᠎ᠠ ᠶᠢᠨ 25 ᠤ ᠡᠳᠦᠷ ︱ 5 ᠰᠠᠷ᠎ᠠ ᠶᠢᠨ 20 ᠤ ᠡᠳᠦᠷ    ᠡᠮᠳᠤ ᠶᠢᠨ ᠭᠤᠤᠯ ᠤᠢ ᠰᠢᠭᠤᠢ ᠶᠢᠨ ᠭᠠᠵᠠᠷ ᠰᠢᠨᠵᠢᠯᠡᠭᠡᠨ ᠤ ᠴᠡᠴᠡᠷᠯᠢᠭ (AA)    ᠡᠮᠳᠤ ᠶᠢᠨ ᠭᠤᠤᠯ ᠤᠨ ᠠᠭᠤᠯᠠᠷᠬᠠᠭ ᠣᠷᠣᠨ ᠳᠤ ᠲᠦᠰᠢᠭᠯᠡᠨ᠂ ᠠᠭᠤᠯᠠ ᠠᠪᠠᠷᠢᠬᠤ ᠵᠢᠭᠤᠯᠴᠢᠯᠠᠯ᠂ ᠤᠳᠪᠠᠯᠠ ᠴᠡᠴᠡᠭ ᠰᠣᠨᠢᠷᠬᠠᠬᠤ᠂ ᠬᠠᠯᠠᠭᠤᠨ ᠷᠠᠰᠢᠶᠠᠨ ᠤ ᠤᠬᠢᠶᠠᠯᠭ᠎ᠠ᠂ ᠬᠡᠦᠬᠡᠳ ᠤᠨ ᠤᠰᠤᠨ ᠳᠡᠭᠡᠷᠡᠬᠢ ᠴᠡᠩᠭᠡᠯ ᠤᠨ ᠬᠦᠷᠢᠶᠡᠯᠡᠩ᠂ ᠮᠣᠩᠭᠤᠯ ᠭᠡᠷ ᠤᠨ ᠣᠨᠴᠠᠯᠢᠭᠲᠤ ᠢᠳᠡᠭᠡᠨ ᠤᠮᠳᠠᠭᠠᠨ ᠵᠡᠷᠭᠡ ᠠᠵᠢᠯᠯᠠᠭ᠎ᠠ ᠶᠢ ᠬᠠᠩᠭᠠᠨ᠎ᠠ    ᠬᠠᠶ᠋ᠢᠭ᠄ ᠰᠢᠶᠠᠨ ᠤ ᠬᠤᠲᠠ ᠶᠢᠨ ᠪᠠᠷᠠᠭᠤᠨ ᠬᠤᠶᠢᠲᠤ ᠶᠢᠨ ᠡᠮᠳᠤ ᠶᠢᠨ ᠭᠤᠤᠯ ᠤᠨ ᠠᠭᠤᠯᠠᠷᠬᠠᠭ ᠣᠷᠣᠨ
   ᠱᠤ᠋ ᠭᠤᠸᠠᠩ ᠣᠲᠣ ᠦᠶ᠎ᠡ ᠶᠢᠨ ᠲᠠᠷᠢᠶᠠᠯᠠᠩ ᠣᠷᠴᠢᠯ ᠠᠵᠤ ᠠᠬᠤᠢ ᠶᠢᠨ ᠲᠣᠭᠤᠷᠢᠭ ︵AA︶    ᠬᠠᠪᠤᠷ ᠤᠨ ᠡᠬᠢᠨ ᠤ ᠰᠠᠯᠬᠢᠨ ᠳᠤ ᠲᠠᠯ᠎ᠠ ᠲᠦᠭᠦᠷᠡᠩ ᠶᠢᠨ ᠴᠡᠴᠡᠭ ᠳᠡᠯᠭᠡᠷᠡᠵᠦ᠂ ᠲᠣᠭᠤᠷᠢᠭ ᠲᠤ ᠴᠡᠴᠡᠭ ᠤᠨ ᠦᠨᠦᠷ ᠬᠠᠩᠬᠤᠯᠵᠤ᠂ ᠪᠢᠳᠡᠨ ᠭᠠᠷ ᠲᠠᠬᠢ ᠭᠡᠷᠡᠯ ᠵᠢᠷᠤᠭ ᠤᠨ ᠮᠠᠰᠢᠨ ᠢᠶᠠᠨ ᠡᠷᠭᠦᠵᠦ᠂ ᠬᠥᠮᠥᠰ ᠤᠨ ᠰᠡᠳᠬᠢᠯ ᠢ ᠬᠥᠳᠡᠯᠭᠡᠮ᠎ᠡ ᠬᠠᠪᠤᠷ ᠤᠨ ᠦᠵᠡᠮᠵᠢ ᠶᠢ ᠰᠤᠨᠢᠷᠬᠠᠶ᠎ᠠ᠃    ᠬᠠᠶ᠋ᠢᠭ᠄ ᠲᠦᠴᠢᠦᠸᠠᠨ ᠰᠢᠶᠠᠨ ᠤ ᠲᠠᠢ ᠫᠢᠩ ᠰᠢᠶᠠᠩ
   ᠵᠢᠦᠢ ᠮᠧᠶ ᠾᠧᠩ ᠭᠦᠸᠧ ᠳᠥᠷᠪᠡᠨ ᠤᠯᠠᠷᠢᠯ ᠤᠨ ᠵᠢᠮᠢᠰ ᠲᠡᠭᠦᠬᠦ ᠬᠦᠷᠢᠶᠡᠯᠡᠩ ︵AA︶ᠵᠢᠦᠢ ᠮᠧᠢ ᠾᠧᠩ ᠭᠦᠸᠧ ᠲᠦᠷᠪᠡᠨ ᠤᠯᠠᠷᠢᠯ ᠤᠨ ᠵᠢᠮᠢᠰ ᠲᠡᠭᠦᠬᠦ ᠬᠦᠷᠢᠶᠡᠯᠡᠩ ᠪᠣᠯ ᠬᠢᠩᠭᠠᠨ ᠠᠶᠢᠮᠠᠭ ᠤᠨ ᠭᠠᠵᠠᠷ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ ᠲᠥᠬᠦᠭᠡᠷᠦᠮᠵᠢᠲᠦ ᠲᠠᠷᠢᠶᠠᠯᠠᠩ ᠤᠨ ᠵᠢᠮᠢᠰ ᠲᠡᠭᠦᠬᠦ ᠬᠦᠷᠢᠶᠡᠯᠡᠩ ᠪᠠᠶᠢᠵᠤ᠂ ᠵᠤᠭᠠᠴᠠᠨ ᠲᠣᠭᠤᠷᠢᠬᠤ᠂ ᠲᠡᠭᠦᠬᠦ᠂ ᠬᠤᠭᠤᠯᠠ ᠤᠮᠳᠠ᠂ ᠵᠤᠭ᠎ᠠ ᠴᠡᠩᠭᠡᠯ ᠢ ᠨᠢᠭᠡ ᠴᠣᠭᠴᠠᠵᠢᠭᠤᠯᠵᠤ᠂ ᠵᠤᠭᠠᠴᠠᠭᠰᠠᠳ ᠤᠨ ᠵᠢᠯ ᠤᠨ ᠲᠦᠷᠪᠡᠨ ᠤᠯᠠᠷᠢᠯ ᠤᠨ ᠭᠤᠸᠠ ᠵᠢᠮᠢᠰ ᠲᠡᠭᠦᠬᠦ ᠶᠢ ᠬᠠᠩᠭᠠᠨ᠎ᠠ᠃    ᠬᠠᠶ᠋ᠢᠭ᠄ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠱᠤ᠋ ᠭᠤᠸᠠᠩ ᠲᠣᠰᠬᠤᠨ
   ᠰᠠᠶᠢᠬᠠᠨᠬᠤᠸᠠ ᠣᠳᠣ ᠦᠶ᠎ᠡ ᠶᠢᠨ ᠲᠠᠷᠢᠶᠠᠯᠠᠩ ᠠᠮᠢ ᠠᠬᠤᠢ ᠶᠢᠨ ᠬᠦᠷᠢᠶᠡᠯᠡᠩ ︵AA︶    ᠤᠯᠤᠰ ᠤᠨ ᠲᠠᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠡᠯ᠎ᠡ ᠲᠥᠷᠥᠯ ᠤᠨ ᠵᠢᠮᠢᠰ ᠨᠣᠭᠤᠭ᠎ᠠ ᠳᠥᠷᠪᠡᠨ ᠤᠯᠠᠷᠢᠯ ᠳᠤ ᠠᠩᠬᠢᠯᠤᠮ᠎ᠠ ᠦᠨᠦᠷ ᠬᠠᠩᠬᠤᠯᠵᠤ᠂ ᠬᠦᠷᠢᠶᠡᠯᠡᠩ ᠲᠤ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠲᠣᠮᠣ ᠠᠷᠠᠳ ᠤᠨ ᠵᠠᠩ ᠦᠶᠯᠡ ᠶᠢᠨ ᠮᠦᠽᠧᠢ᠂ ᠥᠪᠡᠷᠮᠢᠴᠡ ᠣᠨᠴᠠᠯᠢᠭ ᠲᠠᠢ ᠲᠠᠷᠢᠶᠠᠯᠠᠵᠤ ᠰᠤᠷᠤᠯᠴᠠᠬᠤ ᠲᠠᠯᠠᠪᠠᠶ᠂ ᠬᠤᠪᠢ ᠶᠢᠨ ᠮᠠᠰᠢᠨ ᠲᠡᠷᠭᠡᠨ ᠤ ᠬᠤᠸᠠᠷᠠᠨ᠂ ᠳᠤᠭᠤᠢ ᠲᠡᠷᠭᠡᠨ ᠤ ᠨᠣᠭᠤᠭᠠᠨ ᠵᠠᠮ᠂ ᠲᠠᠷᠢᠶᠠᠴᠢᠨ ᠠᠶᠢᠯ ᠤᠨ ᠬᠦᠷᠢᠶᠡᠯᠡᠩ ᠵᠡᠷᠭᠡ ᠵᠤᠭᠠᠴᠠᠨ ᠰᠡᠯᠡᠭᠦᠴᠡᠬᠦ ᠲᠣᠭᠤᠷᠢᠭ ᠠᠭᠤᠯᠤᠭᠳᠠᠵᠤ᠂ ᠣᠲᠣ ᠨᠢᠭᠡᠨᠲᠡ ᠮᠠᠨ ᠤ ᠰᠢᠶᠠᠨ ᠤ ᠬᠤᠲᠠ ᠬᠥᠳᠡᠭᠡ ᠶᠢᠨ ᠵᠢᠭᠤᠯᠴᠢᠯᠠᠯ᠂ ᠠᠮᠠᠷᠠᠯᠲᠠ ᠶᠢᠨ ᠵᠢᠭᠤᠯᠴᠢᠯᠠᠯ᠂ ᠲᠡᠭᠦᠬᠦ ᠵᠢᠭᠤᠯᠴᠢᠯᠠᠯ ᠤᠨ ᠬᠠᠮᠤᠭ ᠤᠨ ᠰᠠᠶᠢᠨ ᠤᠴᠢᠬᠤ ᠭᠠᠵᠠᠷ ᠪᠣᠯᠤᠭᠰᠠᠨ ᠪᠠᠶᠢᠨ᠎ᠠ᠃    ᠬᠠᠶ᠋ᠢᠭ᠄ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠰᠠᠶᠢᠬᠠᠨᠬᠤᠸᠠ ᠲᠣᠰᠬᠤᠨ
   ᠪᠠᠭᠤᠴᠠ ᠶᠢᠨ ᠠᠷᠠᠳ ᠤᠨ ᠪᠠᠭᠤᠳᠠᠯ
   ᠮᠢᠩ ᠰᠢᠩ ᠨᠠᠭᠤᠷ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ︵AAA︶ᠦᠵᠡᠮᠵᠢ ᠶᠢᠨ ᠣᠷᠣᠨ ᠢ ᠵᠢᠭᠠᠰᠤ ᠠᠩᠨᠠᠬᠤ ᠨᠢᠭᠡᠳᠦᠯ᠂ ᠶᠢᠨ ᠱᠠ ᠴᠡᠩᠭᠡᠯ ᠤᠨ ᠬᠦᠷᠢᠶᠡᠯᠡᠩ᠂ ᠪᠢᠴᠢᠯ ᠲᠠᠷᠢᠶᠠᠯᠠᠭ᠎ᠠ ᠶᠢᠨ ᠲᠤᠲᠤᠷᠭ᠎ᠠ ᠶᠢᠨ ᠤᠰᠤᠨ ᠰᠢᠰᠲ᠋ᠧᠮ᠂ ᠲᠤᠲᠤᠷᠭ᠎ᠠ ᠶᠢᠨ ᠵᠡᠭᠦᠳᠦ ᠶᠢᠨ ᠣᠷᠣᠨ ᠵᠠᠢ ᠵᠡᠷᠭᠡ ᠳᠥᠷᠪᠡᠨ ᠲᠥᠷᠥᠯ ᠵᠦᠢᠯ ᠤᠨ ᠲᠣᠭᠤᠷᠢᠭ ᠬᠤᠪᠢᠶᠠᠵᠤ᠂ ᠠᠭᠤᠯᠭ᠎ᠠ ᠳᠤᠨᠢ ᠵᠢᠭᠠᠰᠤᠨ ᠶᠠᠰᠤᠨ ᠤ ᠭᠤᠣᠯ ᠰᠡᠳᠦᠪᠲᠦ ᠣᠨᠴᠠᠯᠢᠭᠲᠤ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ᠂ ᠣᠩᠭᠤᠴᠠᠨ ᠵᠣᠭᠰᠣᠭᠠᠯ ᠪᠠᠭᠤᠳᠠᠯ᠂ ᠲᠦᠭᠦᠷᠢᠭ ᠰᠠᠷᠠᠨ ᠬᠤᠭᠤᠯᠠᠨ ᠲᠢᠩᠬᠢᠮ᠂ ᠬᠠᠯᠢᠮᠤ ᠶᠢᠨ ᠦᠰᠦᠷᠦᠯᠲᠡ ᠶᠢᠨ ᠡᠭᠦᠯᠡ ᠵᠡᠷᠭᠡ 16 ᠣᠨᠴᠠᠯᠢᠭᠲᠤ ᠵᠢᠭᠤᠯᠴᠢᠯᠠᠯ ᠤᠨ ᠺᠠᠷᠲ ᠴᠣᠬᠢᠬᠤ ᠭᠠᠵᠠᠷ ᠪᠠᠭᠲᠠᠨ᠎ᠠ᠃    ᠬᠠᠶ᠋ᠢᠭ᠄ ᠲᠦᠴᠢᠦᠸᠠᠨ ᠰᠢᠶᠠᠨ ᠤ ᠲᠦᠷᠦᠯᠵᠢ ᠪᠠᠯᠭᠠᠰᠤᠨ ᠤ ᠮᠢᠩ ᠰᠢᠩ ᠲᠣᠰᠬᠤᠨ
   ᠶᠦᠩ ᠠᠨ ᠪᠠᠯᠭᠠᠰᠤᠨ ᠤ ᠤᠨᠤᠭᠠᠨ ᠠᠭᠤᠯᠠ ︵A ᠪᠤᠰᠤ︶    ᠤᠨᠤᠭᠠᠨ ᠠᠭᠤᠯᠠᠨ ᠳᠤ᠂ ᠬᠠᠪᠤᠷ ᠤᠨ ᠤᠯᠠᠷᠢᠯ ᠡᠬᠡ ᠭᠠᠵᠠᠷ ᠲᠤ ᠲᠦᠭᠡᠵᠦ᠂ ᠬᠦᠢᠯᠡᠰᠦᠨ ᠴᠡᠴᠡᠭ ᠵᠤᠭᠠᠴᠠᠭᠰᠠᠳ ᠲᠤ ᠥᠪᠡᠷᠮᠢᠴᠡ ᠣᠨᠴᠠᠯᠢᠭ ᠲᠠᠢ ᠭᠤᠸ᠎ᠠ ᠰᠠᠶᠢᠬᠠᠨ ᠢᠶᠠᠨ ᠳᠡᠯᠭᠡᠨ ᠦᠵᠡᠭᠦᠯᠦᠨ᠎ᠡ᠃ ᠠᠭᠤᠯᠠᠷᠬᠠᠭ ᠣᠷᠣᠨ ᠳᠤ ᠪᠢᠯᠢᠭ ᠬᠦᠴᠢᠯᠲᠥ᠋ᠷᠥᠭᠴᠢ ᠶᠢᠨ ᠢᠶᠤᠨ ᠤ ᠠᠭᠤᠯᠤᠭᠳᠠᠴᠠ ᠥᠨᠳᠥᠷ ᠪᠠᠶᠢᠳᠠᠭ ᠨᠢ ᠵᠢᠭᠤᠯᠴᠢᠯᠠᠯ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠦᠭᠡᠷ᠎ᠡ ᠰᠣᠩᠭᠤᠯᠲᠠ ᠦᠭᠡᠢ ᠪᠣᠯᠣᠨ᠎ᠠ᠃    ᠬᠠᠶ᠋ᠢᠭ᠄ ᠲᠦᠴᠢᠦᠸᠠᠨ ᠰᠢᠶᠠᠨ ᠤ ᠶᠦᠩ ᠠᠨ ᠪᠠᠯᠭᠠᠰᠤᠨ ᠤ ᠤᠨᠤᠭᠠᠨ ᠠᠭᠤᠯᠠ ᠲᠣᠰᠬᠤᠨ
   ᠳ᠋ᠦ᠋ ᠰᠢ ᠭᠧᠦ ᠵᠢᠭᠤᠯᠴᠢᠯᠠᠯ ᠤᠨ ᠠᠮᠠᠷᠠᠯᠲᠠ ᠶᠢᠨ ᠣᠷᠣᠨ (A ᠪᠤᠰᠤ)    ᠳ᠋ᠦ᠋ ᠰᠢ ᠭᠧᠦ ᠶᠢᠨ ᠦᠵᠡᠮᠵᠢ ᠶᠢᠨ ᠣᠷᠣᠨ ᠤ ᠤᠰᠤ ᠨᠢ ᠲᠤᠩᠭᠠᠯᠠᠭ ᠠᠭᠤᠯᠠ ᠨᠢ ᠦᠵᠡᠰᠬᠦᠯᠡᠩ ᠰᠠᠶᠢᠬᠠᠨ ᠥᠩᠭᠡ ᠦᠵᠡᠮᠵᠢ ᠲᠠᠢ᠃ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠠᠭᠤᠯᠠ ᠨᠢᠷᠤᠭᠤᠳ᠂ ᠵᠢᠮᠢᠰ ᠤᠨ ᠮᠣᠳᠣ ᠂ ᠵᠤᠯᠵᠠᠭ᠎ᠠ ᠮᠣᠳᠣ ᠶᠢ ᠥᠩᠭᠡᠶᠢᠨ ᠬᠠᠷᠠᠵᠤ᠂ ᠰᠡᠳᠬᠢᠯ ᠰᠠᠨᠠᠭ᠎ᠠ ᠶᠢ ᠡᠬᠡ ᠪᠠᠶᠢᠭᠠᠯᠢ ᠳᠤ ᠪᠤᠴᠠᠭᠠᠵᠤ᠂ ᠤᠷᠮ᠎ᠠ ᠰᠡᠳᠬᠢᠯᠭᠡ ᠶᠢ ᠲᠠᠶᠢᠪᠤᠰᠢᠷᠠᠭᠤᠯᠤᠨ᠎ᠠ᠃ ᠳ᠋ᠦ᠋ ᠰᠢ ᠭᠧᠦ ᠶᠢᠨ ᠦᠵᠡᠮᠵᠢ ᠶᠢᠨ ᠣᠷᠣᠨ ᠨᠢ ᠣᠲᠣ ᠨᠢᠭᠡᠨᠲᠡ ᠰᠤᠨᠢᠷᠬᠠᠬᠤ᠂ ᠵᠤᠭ᠎ᠠ ᠴᠡᠩᠭᠡᠯ᠂ ᠢᠳᠡᠭᠡᠨ ᠤᠮᠳᠠᠭᠠᠨ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠦᠵᠡᠮᠵᠢᠲᠦ ᠵᠢᠭᠤᠯᠴᠢᠯᠠᠯ ᠤᠨ ᠣᠷᠣᠨ ᠪᠣᠯᠵᠤ᠂ ᠵᠢᠭᠤᠯᠴᠢᠯᠠᠬᠤ᠂ ᠬᠡᠷᠡᠯ ᠵᠢᠷᠤᠭ ᠲᠠᠲᠠᠬᠤ ᠬᠦᠰᠡᠯᠡᠩ ᠤᠨ ᠭᠠᠵᠠᠷ ᠪᠣᠯᠤᠭᠰᠠᠨ ᠪᠠᠶᠢᠨ᠎ᠠ᠃    ᠬᠠᠶ᠋ᠢᠭ᠄ ᠲᠦᠴᠢᠦᠸᠠᠨ ᠰᠢᠶᠠᠨ ᠤ ᠰᠢᠤᠸᠠᠢ ᠲᠢᠶᠠᠨ ᠰᠢᠶᠠᠩ
   ᠪᠦᠦ ᠱᠢ ᠨᠠᠭᠤᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ ︵A ᠪᠤᠰᠤ︶    ᠡᠬᠡᠯ ᠪᠣᠷᠣᠭᠵᠢᠭᠤᠨ ᠴᠦᠨ ᠵᠧᠦ ᠶᠢᠨ ᠡᠷᠲᠡᠨ ᠤ ᠬᠤᠳᠠ᠂ ᠦᠵᠡᠰᠬᠦᠯᠡᠩᠲᠦ ᠰᠠᠶᠢᠬᠠᠨ ᠦᠵᠡᠮᠵᠢ ᠲᠠᠢ ᠪᠦᠦ ᠱᠢ ᠸᠠᠨ ᠪᠤᠯᠤᠩ᠂ ᠠᠶᠤᠮᠰᠢᠭᠳᠤ ᠰᠡᠳᠡᠯᠲᠡ ᠲᠠᠢ ᠭᠡᠨᠡᠳᠲᠡ ᠶᠢᠨ ᠳᠠᠭᠠᠷᠢᠯᠲᠠ ᠶᠢᠨ ᠬᠦᠪᠦᠮᠡᠯ ᠤᠷᠤᠰᠬᠠᠯ᠂ ᠬᠥᠮᠥᠰ ᠤᠨ ᠪᠠᠭ᠋ᠠᠷᠤᠯ ᠢ ᠲᠠᠲᠠᠭᠰᠠᠨ ᠤᠢ ᠰᠢᠭᠤᠢ ᠶᠢ ᠲᠤᠭᠤᠯᠵᠤ᠂ ᠵᠤᠭᠠᠴᠠᠭᠰᠠᠳ ᠤᠨ ᠰᠡᠳᠬᠢᠯ ᠢ ᠰᠣᠭᠲᠣᠭᠤᠷᠠᠭᠤᠯᠤᠨ᠎ᠠ᠃    ᠬᠠᠶ᠋ᠢᠭ᠄ ᠲᠦᠴᠢᠦᠸᠠᠨ ᠰᠢᠶᠠᠨ ᠤ ᠪᠦᠦ ᠱᠢ ᠪᠠᠯᠭᠠᠰᠤ    1ᠴᠦᠨ ᠵᠧᠦ ᠶᠢᠨ ᠡᠷᠲᠡᠨ ᠤ ᠬᠤᠳᠠ
   2ᠲᠦᠴᠢᠦᠸᠠᠨ ᠤ ᠲᠡᠦᠬᠡ ᠰᠣᠶᠣᠯ ᠤᠨ ᠮᠦᠽᠧᠢ
   3ᠪᠦᠦ ᠱᠢ ᠸᠠᠨ
   4ᠤᠳᠤᠨ ᠣᠭᠲᠠᠷᠭᠤᠢ ᠶᠢᠨ ᠭᠡᠷ
   5ᠰᠣᠶᠣᠯ ᠬᠤᠳᠠᠯᠳᠤᠭᠠᠨ ᠤ ᠣᠨᠴᠠᠯᠢᠭᠲᠤ ᠵᠡᠭᠡᠯᠢ
   6ᠡᠷᠲᠡᠨ ᠤ ᠬᠤᠳᠠ ᠶᠢᠨ ᠤᠷᠠᠨ ᠲᠣᠭᠯᠠᠯᠲᠠ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号