ᠲᠦᠴᠢᠦᠸᠠᠨ ᠰᠢᠶᠠᠨ ᠤ ᠨᠣᠮ ᠤᠨ ᠰᠠᠩ ᠠᠴᠠ ᠬᠥᠳᠡᠭᠡ ᠲᠣᠰᠬᠤᠨ ᠳᠤ ᠨᠣᠮ ᠤᠩᠰᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/21
   ᠰᠢᠶᠠᠩ ᠪᠠᠯᠭᠠᠰᠤᠨ ᠤ ᠮᠠᠯᠴᠢᠨ ᠲᠠᠷᠢᠶᠠᠴᠢᠨ ᠤᠩᠰᠢᠭᠴᠢᠳ ᠲᠤ ᠨᠡᠩ ᠰᠠᠶᠢᠨ ᠦᠢᠯᠡᠴᠢᠯᠡᠬᠦ ᠶᠢᠨ ᠲᠥᠯᠥᠭᠡ᠂ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠠᠬᠢᠭᠤᠯᠵᠤ᠂  ᠰᠤᠶᠤᠯ ᠤᠨ ᠦᠨᠦᠷ ᠠᠮᠳᠠ ᠲᠠᠢ ᠲᠦᠴᠢᠦᠸᠠᠨ ᠢ ᠪᠦᠲᠦᠭᠡᠨ ᠪᠠᠶᠢᠭᠤᠯᠵᠤ᠂ ᠮᠠᠯᠴᠢᠨ ᠲᠠᠷᠢᠶᠠᠴᠢᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠦᠨᠡᠨᠬᠦ ᠬᠠᠩᠭᠠᠵᠤ᠂ ᠥᠷᠭᠡᠨ ᠣᠯᠠᠨ ᠤᠩᠰᠢᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠨᠣᠮ ᠤᠩᠰᠢᠬᠤ ᠳᠤᠷᠠᠲᠠᠢ᠂ ᠰᠤᠷᠤᠯᠴᠠᠬᠤ ᠳᠤᠷᠠᠲᠠᠢ ᠰᠠᠶᠢᠨ ᠰᠠᠶᠢᠬᠠᠨ ᠵᠠᠩ ᠳᠠᠳᠬᠠᠯ ᠢ ᠬᠥᠮᠥᠵᠢᠭᠦᠯᠬᠦ ᠶᠢᠨ ᠬᠠᠮᠲᠤ 4.23 ᠤ ᠳᠡᠯᠡᠬᠡᠢ ᠶᠢᠨ ᠨᠣᠮ ᠤᠩᠰᠢᠬᠤ ᠡᠳᠦᠷ ᠪᠣᠯᠬᠤ ᠭᠡᠵᠦ ᠪᠠᠶᠢᠭ᠎ᠠ ᠦᠶ᠎ᠡ ᠳᠤ ᠰᠢᠶᠠᠩ ᠪᠠᠯᠭᠠᠰᠤᠨ ᠤ ᠨᠣᠮ ᠪᠢᠴᠢᠭ ᠤᠨ ᠥᠷᠥᠭᠡ ᠶᠢᠨ ᠨᠣᠮ ᠪᠢᠴᠢᠭ ᠢ ᠪᠠᠶᠠᠯᠢᠭᠵᠢᠭᠤᠯᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠪᠣᠯᠣᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ ᠲᠦᠴᠢᠦᠸᠠᠨ ᠰᠢᠶᠠᠨ ᠤ ᠨᠣᠮ ᠤᠨ ᠰᠠᠩ ᠲᠦᠴᠢᠦᠸᠠᠨ ᠪᠠᠯᠭᠠᠰᠤᠨ ᠤ ᠫᠢᠩ ᠰᠢᠨ ᠲᠣᠰᠬᠤᠨ ᠳᠤ ᠬᠦᠷᠴᠦ᠂ ᠬᠥᠳᠡᠭᠡ ᠲᠣᠰᠬᠤᠨ ᠳᠤ ᠨᠣᠮ ᠤᠩᠰᠢᠬᠤ ᠠᠵᠢᠯᠯᠠᠭ᠎ᠠ ᠶᠢ ᠥᠷᠨᠢᠭᠦᠯᠪᠡ᠃    ᠮᠠᠯᠴᠢᠨ ᠲᠠᠷᠢᠶᠠᠴᠢᠨ ᠤ ᠤᠩᠰᠢᠭᠴᠢᠳ ᠤᠨ ᠤᠩᠰᠢᠯᠭ᠎ᠠ ᠶᠢᠨ ᠤᠷᠮ᠎ᠠ ᠪᠠᠬ᠎ᠠ ᠪᠠ ᠱᠠᠭᠠᠷᠳᠠᠯᠭ᠎ᠠ ᠲᠠᠢ ᠤᠶᠠᠯᠳᠤᠭᠤᠯᠤᠨ᠂ ᠨᠣᠮ ᠤᠨ ᠰᠠᠩ ᠠᠴᠠ ᠬᠥᠳᠡᠭᠡ ᠠᠵᠤ ᠠᠬᠤᠢ ᠶᠢᠨ ᠳᠡᠯᠭᠡᠷᠡᠭᠦᠯᠦᠯᠲᠡ᠂ ᠨᠡᠶᠢᠭᠡᠮ ᠤᠨ ᠰᠢᠨᠵᠢᠯᠡᠬᠦ ᠤᠬᠠᠭᠠᠨ᠂ ᠤᠯᠤᠰ ᠲᠦᠷᠦ ᠬᠠᠤᠯᠢ ᠴᠠᠭᠠᠵᠠ᠂ ᠤᠳᠬ᠎ᠠ ᠵᠣᠬᠢᠶᠠᠯ ᠤᠨ ᠪᠦᠲᠦᠭᠡᠯ᠂ ᠡᠷᠡᠭᠦᠯ ᠮᠡᠨᠳᠦ ᠶᠢᠨ ᠮᠡᠳᠡᠯᠭᠡ᠂ ᠰᠣᠶᠣᠯ ᠰᠤᠷᠭᠠᠨ ᠬᠥᠮᠦᠵᠢᠯ ᠵᠡᠷᠭᠡ ᠲᠦᠷᠦᠯ ᠵᠦᠢᠯ ᠤᠨ ᠨᠣᠮ ᠪᠢᠴᠢᠭ ᠢ ᠨᠡᠶᠢᠳᠡ 200 ᠭᠠᠷᠤᠢ ᠳᠡᠪᠲᠡᠷ ᠢ ᠨᠠᠷᠢᠨ ᠨᠢᠮᠪᠠᠢ ᠰᠣᠩᠭᠤᠵᠤ᠂ ᠬᠦᠷᠭᠡᠭᠰᠡᠨ ᠨᠣᠮ ᠪᠢᠴᠢᠭ ᠤᠨ ᠲᠦᠷᠦᠯ ᠵᠦᠢᠯ ᠨᠢ ᠪᠦᠷᠢᠨ᠂ ᠤᠯᠠᠨ ᠲᠦᠮᠡᠨ ᠳᠤ ᠬᠤᠯᠪᠣᠭᠳᠠᠬᠤ ᠬᠡᠪᠴᠢᠶ᠎ᠡ ᠨᠢ ᠥᠷᠭᠡᠨ᠂ ᠠᠭᠤᠯᠭ᠎ᠠ ᠨᠢ ᠲᠦᠭᠦᠮ ᠣᠶᠢᠯᠠᠭᠠᠮᠵᠢᠲᠠᠢ ᠪᠠᠶᠢᠳᠠᠭ᠃ ᠲᠣᠰ ᠤᠳᠠᠭᠠᠨ ᠤ ᠨᠤᠮ ᠤᠩᠰᠢᠬᠤ ᠶᠢ ᠬᠥᠳᠡᠭᠡ ᠲᠣᠰᠬᠤᠨ ᠳᠤ ᠤᠷᠤᠭᠤᠯᠬᠤ ᠠᠵᠢᠯᠯᠠᠭ᠎ᠠ᠂ ᠦᠨᠳᠦᠰᠦᠨ ᠱᠠᠲᠤᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠲᠠᠭᠤ ᠬᠡᠷᠡᠭᠰᠡᠯ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠣᠰᠬᠤᠨ ᠤ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃    ᠬᠥᠳᠡᠭᠡ ᠲᠣᠰᠬᠤᠨ ᠳᠤ ᠨᠣᠮ ᠤᠩᠰᠢᠬᠤ ᠠᠵᠢᠯᠯᠠᠭ᠎ᠠ ᠥᠷᠭᠡᠨ ᠤᠯᠠᠨ ᠲᠣᠰᠬᠤᠨ ᠤ ᠠᠷᠠᠳ ᠤᠨ ᠬᠦᠷᠢᠶᠡᠯᠡᠯ ᠢ ᠣᠯᠵᠤ᠂ ᠤᠯᠠᠨ ᠲᠦᠮᠡᠨ ᠤ ᠭᠦᠢᠴᠡᠳ ᠨᠤᠲᠠᠯᠠᠯ ᠢ ᠣᠯᠪᠠ᠃ ᠲᠦᠴᠢᠦᠸᠠᠨ ᠰᠢᠶᠠᠨ ᠤ ᠨᠣᠮ ᠤᠨ ᠰᠠᠩ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠬᠥᠭᠵᠢᠯᠲᠡ ᠶᠢ ᠠᠬᠢᠭᠤᠯᠬᠤ᠂ ᠨᠣᠮ ᠤᠨ ᠰᠠᠩ ᠤᠨ ᠡᠭᠦᠷᠭᠡ ᠴᠢᠳᠠᠪᠬᠢ ᠶᠢ ᠥᠷᠭᠡᠳᠬᠡᠬᠦ ᠳᠤ ᠨᠡᠩ ᠰᠠᠶᠢᠨ ᠦᠢᠯᠡᠳᠦᠯ ᠦᠵᠡᠭᠦᠯᠬᠦ ᠪᠣᠯᠣᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号