ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠵᠤ ᠲᠣᠬᠢᠷᠠᠭᠤᠯᠤᠭᠰᠠᠨ ᠪᠠᠶᠢᠳᠠᠯ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/4/22
 ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠣᠬᠢᠰᠲᠠᠢ ᠠᠰᠢᠭᠯᠠᠬᠤ ᠶᠢᠨ ᠲᠥᠯᠥᠭᠡ᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠪᠠ ᠲᠣᠬᠢᠷᠠᠭᠤᠯᠬᠤ ᠠᠵᠢᠯ ᠤᠨ ᠲᠥᠰᠥᠯ︾ ︵ᠥᠪᠥᠷ ᠵᠠᠰᠠᠭ ᠠᠯᠪᠠᠨ ᠦᠰᠦᠭ ︵2022︶ 39 ᠳ᠋ᠦᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠤᠤᠯ ᠤᠨ ᠪᠠᠶᠢᠭᠰᠠᠨ ᠦᠨᠳᠦᠰᠦᠨ ᠨᠤᠲᠤᠭ ᠪᠡᠯᠴᠢᠭᠡᠷ ᠤᠨ ᠲᠠᠷᠬᠠᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠭᠰᠠᠨ ᠪᠠ ᠲᠣᠬᠢᠷᠠᠭᠤᠯᠤᠭᠰᠠᠨ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠪᠦᠬᠦ ᠰᠢᠶᠠᠨ ᠤ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠵᠤ ᠲᠣᠬᠢᠷᠠᠭᠤᠯᠤᠭᠰᠠᠨ ᠪᠠᠶᠢᠳᠠᠯ    ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠲᠦᠴᠢᠦᠸᠠᠨ ᠰᠢᠶᠠᠨ ᠤ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠶ 1049138.86 ᠮᠦ ᠪᠠᠶᠢᠵᠤ᠂ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠶ ᠶᠢᠨ 77.49% ᠶᠢ ᠡᠵᠡᠯᠡᠪᠡ᠃ ᠡᠭᠦᠨ ᠳᠤ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠳᠤ ᠣᠨᠴᠣᠭᠤᠢ ᠦᠢᠯᠡᠳᠦᠯ ᠲᠠᠢ ᠲᠠᠯ᠎ᠠ ᠨᠤᠲᠤᠭ 558802.56 ᠮᠦ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠲᠠᠯ᠎ᠠ ᠨᠤᠲᠤᠭ 471160.54 ᠮᠦ᠂ ᠲᠠᠷᠢᠮᠠᠯ ᠪᠡᠯᠴᠢᠭᠡᠷ 19175.76 ᠮᠦ ᠪᠠᠶᠢᠨ᠎ᠠ᠃     ᠬᠤᠶᠠᠷ᠂ ᠡᠯ᠎ᠡ ᠰᠢᠶᠠᠩ ᠪᠠᠯᠭᠠᠰᠤᠨ ᠤ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠵᠤ ᠲᠣᠬᠢᠷᠠᠭᠤᠯᠤᠭᠰᠠᠨ ᠪᠠᠶᠢᠳᠠᠯ     ︵ᠨᠢᠭᠡ︶ ᠪᠦᠦ ᠱᠢ ᠪᠠᠯᠭᠠᠰᠤ᠄ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠶ 475751.78 ᠮᠦ᠃ ᠡᠭᠦᠨ ᠳᠤ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠳᠤ ᠣᠨᠴᠠᠭᠠᠶ ᠦᠢᠯᠡᠳᠦᠯ ᠲᠠᠢ 51453.41 ᠮᠦ ᠨᠤᠲᠤᠭ ᠪᠡᠯᠴᠢᠭᠡᠷ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠤ 424298.37 ᠮᠦ ᠨᠤᠲᠤᠭ ᠪᠡᠯᠴᠢᠭᠡᠷ ᠪᠣᠶ᠃    ︵ᠬᠤᠶᠠᠷ︶ ᠵᠡᠭᠦᠨ ᠳᠦᠷᠵᠢ ᠪᠠᠯᠭᠠᠰᠤ᠄ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠶ 8159.26 ᠮᠦ᠃ ᠡᠭᠦᠨ ᠳᠤ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠳᠤ ᠤᠨᠴᠠᠭᠠᠢ ᠦᠢᠯᠡᠳᠦᠯ ᠲᠠᠢ ᠨᠤᠲᠤᠭ ᠪᠡᠯᠴᠢᠭᠡᠷ 8113.02 ᠮᠦ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠨᠤᠲᠤᠭ ᠪᠡᠯᠴᠢᠭᠡᠷ 46.24 ᠮᠦ ᠪᠠᠶᠢᠨ᠎ᠠ    ︵ᠭᠤᠷᠪᠠ︶ ᠤᠯᠤᠰ ᠤᠨ ᠳᠣᠷᠵᠢ ᠲᠠᠷᠢᠶᠠᠯᠠᠩ ᠤᠨ ᠲᠠᠯᠠᠪᠠᠶ᠄ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠶ 993.25 ᠮᠦ᠃ ᠡᠭᠦᠨ ᠳᠤ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠳᠤ ᠣᠨᠴᠠᠭᠠᠶ ᠦᠢᠯᠡᠳᠦᠯ ᠲᠠᠢ ᠨᠤᠲᠤᠭ ᠪᠡᠯᠴᠢᠭᠡᠷ 993.25 ᠮᠦ ᠪᠠᠶᠢᠨ᠎ᠠ᠃    ︵ᠳᠥᠷᠪᠡ︶ ᠵᠢᠦ ᠯᠦᠩ ᠰᠢᠶᠠᠩ᠄ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠶ 6308.03 ᠮᠦ᠃ ᠡᠭᠦᠨ ᠳᠤ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠳᠤ ᠣᠨᠴᠠᠭᠠᠶ ᠦᠢᠯᠡᠳᠦᠯ ᠲᠠᠢ ᠨᠤᠲᠤᠭ ᠪᠡᠯᠴᠢᠭᠡᠷ 6308.03 ᠮᠦ ᠪᠠᠶᠢᠨ᠎ᠠ᠃    ︵ᠲᠠᠪᠤ︶ ᠵᠢᠷᠭᠤᠭᠠᠨ ᠡᠷᠦᠬᠡ ᠪᠠᠯᠭᠠᠰᠤ᠄ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠶ 204188.38 ᠮᠦ᠃ ᠡᠭᠦᠨ ᠳᠤ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠳᠤ ᠣᠨᠴᠠᠭᠠᠶ ᠦᠢᠯᠡᠳᠦᠯ ᠲᠠᠢ ᠨᠤᠲᠤᠭ ᠪᠡᠯᠴᠢᠭᠡᠷ 188680.57 ᠮᠦ ᠪᠠᠶᠢᠵᠤ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠨᠤᠲᠤᠭ ᠪᠡᠯᠴᠢᠭᠡᠷ 15507.81 ᠮᠦ ᠪᠠᠶᠢᠨ᠎ᠠ᠃    ︵ᠵᠢᠷᠭᠤᠭ᠎ᠠ︶ ᠱᠦᠢ ᠴᠢᠤᠸᠠᠨ ᠪᠠᠯᠭᠠᠰᠤ᠄ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠶ 71503.27 ᠮᠦ᠃ ᠡᠭᠦᠨ ᠳᠤ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠳᠤ ᠣᠨᠴᠠᠭᠠᠶ ᠦᠢᠯᠡᠳᠦᠯ ᠲᠠᠢ 66382.35 ᠮᠦ ᠨᠤᠲᠤᠭ ᠪᠡᠯᠴᠢᠭᠡᠷ᠂ ᠲᠠᠷᠢᠮᠠᠯ ᠪᠡᠯᠴᠢᠭᠡᠷ 5120.92 ᠮᠦ ᠪᠠᠶᠢᠨ᠎ᠠ᠃     ︵ᠳᠣᠯᠤᠭ᠎ᠠ︶ ᠲᠠᠢ ᠫᠢᠩ ᠰᠢᠶᠠᠩ᠄ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠶ 73211.63 ᠮᠦ᠃ ᠡᠭᠦᠨ ᠳᠤ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠳᠤ ᠣᠨᠴᠠᠭᠠᠶ ᠦᠢᠯᠡᠳᠦᠯ ᠲᠠᠢ ᠨᠤᠲᠤᠭ ᠪᠡᠯᠴᠢᠭᠡᠷ 59156.79 ᠮᠦ᠂ ᠲᠠᠷᠢᠮᠠᠯ ᠪᠡᠯᠴᠢᠭᠡᠷ 14054.84 ᠮᠦ ᠪᠠᠶᠢᠨ᠎ᠠ᠃     ︵ᠨᠠᠢᠮᠠ︶ ᠲᠦᠴᠢᠦᠸᠠᠨ ᠪᠠᠯᠭᠠᠰᠤ᠄ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠶ 42000.91 ᠮᠦ᠃ ᠡᠭᠦᠨ ᠳᠤ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠳᠤ ᠣᠨᠴᠠᠭᠠᠶ ᠦᠢᠯᠡᠳᠦᠯ ᠲᠠᠢ 42000.91 ᠮᠦ ᠨᠤᠲᠤᠭ ᠪᠡᠯᠴᠢᠭᠡᠷ ᠪᠣᠶ᠃     ︵ᠶᠢᠰᠦ︶ ᠰᠢᠤᠸᠠᠢ ᠲᠢᠶᠠᠨ ᠰᠢᠶᠠᠩ᠄ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠶ 89120.46 ᠮᠦ᠃ ᠡᠭᠦᠨ ᠳᠤ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠳᠤ ᠣᠨᠴᠠᠭᠠᠶ ᠦᠢᠯᠡᠳᠦᠯ ᠲᠠᠢ ᠨᠤᠲᠤᠭ ᠪᠡᠯᠴᠢᠭᠡᠷ 59408.92 ᠮᠦ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠨᠤᠲᠤᠭ ᠪᠡᠯᠴᠢᠭᠡᠷ 29711.54 ᠮᠦ ᠪᠠᠶᠢᠨ᠎ᠠ᠃     ︵ᠠᠷᠪᠠ︶ ᠶᠦᠩ ᠠᠨ ᠪᠠᠯᠭᠠᠰᠤ᠄ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠶ 77901.89 ᠮᠦ᠃ ᠡᠭᠦᠨ ᠳᠤ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠳᠤ ᠣᠨᠴᠠᠭᠠᠶ ᠦᠢᠯᠡᠳᠦᠯ ᠲᠠᠢ 76305.31 ᠮᠦ ᠨᠤᠲᠤᠭ ᠪᠡᠯᠴᠢᠭᠡᠷ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠤ 1596.58 ᠮᠦ ᠨᠤᠲᠤᠭ ᠪᠡᠯᠴᠢᠭᠡᠷ ᠪᠠᠶᠢᠨ᠎ᠠ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号