ᠲᠦᠴᠢᠦᠸᠠᠨ ᠰᠢᠶᠠᠨ ᠠᠩᠬᠠᠳᠤᠭᠠᠷ ᠬᠤᠭᠤᠴᠠᠭᠠᠨ ᠤ ︽ᠪᠠᠶᠠᠷ ᠪᠠᠭ᠋ᠠᠳᠤᠯ ᠲᠠᠢ ᠨᠤᠮ ᠤᠩᠰᠢᠵᠤ᠂ ᠬᠥᠭᠵᠢᠯ ᠮᠠᠨᠳᠤᠯ ᠢ ᠠᠬᠢᠭᠤᠯᠬᠤ︾ ᠪᠦᠬᠦ ᠠᠷᠠᠳ ᠢᠶᠠᠷ ᠨᠤᠮ ᠤᠩᠰᠢᠬᠤ ᠠᠵᠢᠯᠯᠠᠭ᠎ᠠ ᠡᠬᠢᠯᠡᠬᠦ ᠶᠣᠰᠣᠯᠠᠯ ᠵᠢᠴᠢ ︽ᠬᠥᠳᠡᠭᠡ ᠲᠣᠰᠬᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ ·  ᠪᠢᠳᠡᠨ ᠤ ᠪᠦᠵᠢᠭ ᠤᠨ ᠲᠠᠶᠢᠰᠠ︾ ᠲᠠᠷᠢᠶᠠᠴᠢᠨ ᠤ ᠤᠳᠬ᠎ᠠ ᠤᠷᠠᠯᠢᠭ ᠤᠨ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2023/4/23
   ︽ᠡᠩ ᠤᠨ ᠴᠠᠭ ᠲᠤ ᠨᠣᠮ ᠦᠵᠡᠬᠦ ᠴᠠᠭ ᠦᠭᠡᠢ᠂ ᠣᠲᠣ ᠪᠠᠰᠠ ᠲᠠᠷᠢᠶᠠᠨ ᠠᠵᠢᠯ ᠳᠤ ᠶᠠᠭᠠᠷᠠᠵᠤ᠂ ᠡᠨᠡ ᠬᠦ ᠤᠩᠰᠢᠯᠭ᠎ᠠ ᠶᠢᠨ ᠲᠡᠷᠭᠡ ᠮᠠᠰᠢ ᠲᠥᠬᠦᠮ ᠪᠣᠯᠵᠠᠢ᠂ ᠮᠡᠳᠡᠯᠭᠡ ᠶᠢ ᠭᠡᠷ ᠤᠨ ᠡᠭᠦᠳᠡᠨ ᠳᠤ ᠬᠦᠷᠭᠡᠵᠤ᠂ ᠪᠢᠳᠡᠨ ᠴᠦ ᠬᠡᠵᠢᠶ᠎ᠡ ᠴᠦ ᠭᠡᠰᠡᠨ ᠨᠣᠮ ᠦᠵᠡᠵᠦ ᠴᠢᠳᠠᠬᠤ ᠪᠤᠯᠵᠠᠢ᠂ ᠥᠩᠭᠡᠷᠡᠭᠰᠡᠨ ᠳᠤ ᠪᠦᠷ ᠤᠯᠠᠭᠠᠨᠮᠥ᠋ᠴᠢᠷ ᠤᠨ ᠬᠥᠳᠡᠭᠡ ᠪᠠᠭᠤᠵᠤ ᠲᠣᠭᠯᠠᠯᠲᠠ ᠭᠠᠷᠭᠠᠬᠤ ᠶᠢ ᠦᠵᠡᠵᠦ ᠪᠠᠶᠢᠭᠰᠠᠨ᠂ ᠲᠤᠬᠠᠢ ᠶᠢᠨ ᠦᠶ᠎ᠡ ᠳᠤ ᠥᠪᠡᠷ ᠢᠶᠠᠨ ᠬᠡᠵᠢᠶ᠎ᠡ ᠲᠠᠶᠢᠰᠠᠨ ᠳᠤ ᠭᠠᠷᠴᠤ ᠲᠣᠭᠯᠠᠯᠲᠠ ᠭᠠᠷᠭᠠᠬᠤ ᠶᠢ ᠪᠤᠳᠤᠵᠤ ᠪᠠᠶᠢᠭᠰᠠᠨ᠂ ᠣᠲᠣ ᠬᠦᠰᠡᠯ ᠵᠡᠭᠦᠳᠦ ᠪᠠᠨ ᠪᠡᠶᠡᠯᠡᠭᠦᠯᠦᠨ᠎ᠡ ᠭᠡᠵᠦ ᠪᠤᠳᠤᠵᠤ ᠣᠯᠣᠭᠰᠠᠨ ᠦᠭᠡᠢ︕︾ ᠭᠡᠵᠦ ᠫᠢᠩ ᠰᠢᠨ ᠲᠣᠰᠬᠤᠨ ᠤ ᠠᠷᠠᠳ ᠦ᠋ ᠶᠢᠨ ᠯᠦᠩ ᠰᠡᠳᠬᠢᠯ ᠳᠣᠭᠳᠣᠯᠤᠨ ᠬᠡᠯᠡᠪᠡ᠃    ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ ᠲᠠᠷᠢᠶᠠᠴᠢᠳ ᠤᠨ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 4 ᠰᠠᠷ᠎ᠠ ᠶᠢᠨ 20 ᠤ ᠡᠳᠦᠷ᠂ ᠲᠦᠴᠢᠦᠸᠠᠨ ᠰᠢᠶᠠᠨ ᠠᠩᠬᠠᠳᠤᠭᠠᠷ ᠬᠤᠭᠤᠴᠠᠭᠠᠨ ᠤ ︽ᠪᠠᠶᠠᠷ ᠪᠠᠭ᠋ᠠᠳᠤᠯ ᠲᠠᠢ ᠨᠤᠮ ᠤᠩᠰᠢᠵᠤ᠂ ᠬᠥᠭᠵᠢᠯ ᠮᠠᠨᠳᠤᠯ ᠢ ᠠᠬᠢᠭᠤᠯᠬᠤ︾ᠪᠦᠬᠦ ᠠᠷᠠᠳ ᠢᠶᠠᠷ ᠨᠤᠮ ᠤᠩᠰᠢᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽ᠬᠥᠳᠡᠭᠡ ᠲᠣᠰᠬᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ ·  ᠪᠢᠳᠡᠨ ᠤ ᠪᠦᠵᠢᠭ ᠤᠨ ᠲᠠᠶᠢᠰᠠ︾ ᠤᠨ ᠲᠠᠷᠢᠶᠠᠴᠢᠨ ᠤ ᠤᠳᠬ᠎ᠠ ᠤᠷᠠᠯᠢᠭ ᠤᠨ ᠠᠵᠢᠯᠯᠠᠭ᠎ᠠ ᠶᠢ ᠡᠷᠬᠢᠯᠡᠪᠡ᠃ ᠠᠵᠢᠯᠯᠠᠭ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯᠳᠠᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠵᠢᠷᠭᠤᠭᠠᠨ ᠵᠦᠢᠯ ᠤᠨ ᠢᠨᠵᠧᠨᠧᠷᠢᠩ ᠵᠢᠷᠭᠤᠭ᠎ᠠ ᠶᠢ ᠲᠣᠰᠬᠤᠨ ᠡᠷᠦᠬᠡ ᠳᠤ ᠬᠦᠷᠭᠡᠬᠦ︾ ᠪᠠᠷ ᠲᠦᠰᠢᠭ ᠪᠣᠯᠭᠠᠵᠤ᠂ ᠪᠣᠯᠪᠠᠰᠤᠨ ᠬᠥᠳᠡᠭᠡ ᠲᠣᠰᠬᠤᠨ ᠤ ᠰᠤᠷᠲᠠᠯ ᠢ ᠲᠣᠰᠬᠤᠨ ᠳᠤ ᠬᠦᠷᠭᠡᠬᠦ ᠪᠠᠷ ᠬᠠᠷᠠᠯᠲᠠ ᠪᠣᠯᠭᠠᠵᠤ᠂  ᠡᠯ᠎ᠡ ᠦᠨᠳᠦᠰᠦᠲᠡᠨ ᠤ ᠲᠠᠷᠢᠶᠠᠴᠢᠨ ᠤ ᠤᠳᠬ᠎ᠠ ᠤᠷᠠᠯᠢᠭ ᠤᠨ ᠪᠠᠭ᠋ᠠᠲᠠᠳ ᠨᠢᠭᠡ ᠲᠠᠩᠬᠢᠮ ᠳᠤ ᠨᠠᠶᠢᠷᠠᠯᠳᠤᠨ ᠴᠤᠭᠯᠠᠷᠠᠵᠠᠢ᠃    ᠡᠬᠢᠯᠡᠯᠲᠡ ᠶᠢᠨ ᠶᠣᠰᠣᠯᠠᠯ ᠪᠣᠯᠣᠨ ᠤᠷᠠᠨ ᠰᠠᠶᠢᠬᠠᠨ ᠤ ᠲᠣᠭᠯᠠᠯᠲᠠ ᠬᠦᠷ ᠬᠥᠭᠵᠢᠶᠡᠨ ᠲᠠᠢ ᠶᠠᠩᠭᠠᠷ ᠪᠥᠵᠢᠭ ᠤᠨ ᠳᠤᠮᠳᠠ ᠬᠥᠰᠢᠭᠡ ᠪᠠᠨ ᠰᠡᠬᠦᠵᠦ᠂ ᠳᠠᠷᠠᠭ᠎ᠠ ᠪᠠᠷ ᠨᠢ ᠲᠣᠰᠬᠤᠨ ᠤ ᠠᠷᠠᠳ ᠤᠨ ᠥᠪᠡᠷ ᠢᠶᠠᠨ ᠵᠢᠯᠤᠭᠤᠳᠴᠤ ᠥᠪᠡᠷ ᠢᠶᠠᠨ ᠲᠣᠭᠯᠠᠭᠰᠠᠨ ᠳᠡᠪᠢᠭᠦᠷ ᠪᠥᠵᠢᠭ ︽ᠵᠣᠯ ᠵᠢᠷᠭᠠᠯᠲᠤ 2023︾᠂ ᠭᠤᠷᠪᠠᠨ ᠥᠭᠦᠯᠡᠪᠦᠷᠢ ᠬᠠᠭᠠᠰ᠂ ᠭᠤᠴᠣᠯᠠᠯ ᠳᠠᠭᠤᠤ ᠵᠡᠷᠭᠡ ᠲᠣᠭᠯᠠᠯᠲᠠ ᠶᠢ ᠡᠭᠡᠯᠵᠢᠯᠡᠨ ᠲᠣᠭᠯᠠᠵᠤ᠂ ᠲᠠᠷᠢᠶᠠᠴᠢᠨ ᠲᠦᠮᠡᠨ ᠤ ᠤᠯᠠᠨ ᠶᠠᠩᠵᠤ ᠶᠢᠨ ᠲᠠᠩᠰᠤᠭ ᠰᠠᠶᠢᠬᠠᠨ᠂ ᠢᠳᠡᠪᠬᠢᠲᠡᠢ ᠪᠠᠷ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ᠠᠵᠢᠯᠯᠠᠭ᠎ᠠ ᠶᠢᠨ ᠳᠤᠮᠳᠠ ᠪᠠᠰᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠤᠩᠰᠢᠯᠭ᠎ᠠ᠂ ᠱᠠᠩᠨᠠᠯ ᠲᠠᠢ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ᠂ ᠨᠣᠮ ᠪᠢᠴᠢᠭ ᠬᠠᠨᠳᠢᠪᠯᠡᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠲᠠᠷᠢᠶᠠᠴᠢᠳ ᠡᠭᠦᠨ ᠳᠤ ᠣᠷᠣᠯᠴᠠᠵᠤ᠂ ᠡᠭᠦᠨ ᠳᠤ ᠪᠠᠶᠠᠷ ᠪᠠᠭ᠋ᠠᠳᠤᠯ ᠲᠠᠢ ᠪᠠᠶᠢᠨ᠎ᠠ᠃    ᠲᠤᠰ ᠤᠳᠠᠭᠠᠨ ᠤ ᠠᠵᠢᠯᠯᠠᠭ᠎ᠠ ᠨᠢ ᠨᠠᠮ ᠤᠨ ᠣᠨᠣᠯ ᠲᠥᠷᠥ ᠶᠢᠨ ᠪᠣᠳᠣᠯᠭ᠎ᠠ᠂ ᠪᠦᠬᠦ ᠠᠷᠠᠳ ᠤᠨ ᠨᠣᠮ ᠤᠩᠰᠢᠬᠤ  ᠶᠢ ᠰᠠᠨᠠᠭᠠᠴᠢᠯᠠᠬᠤ ᠵᠢᠴᠢ ᠰᠣᠶᠣᠯ ᠤᠷᠠᠯᠢᠭ ᠤᠨ ᠠᠵᠢᠯᠯᠠᠭ᠎ᠠ ᠵᠡᠷᠭᠡ  ᠶᠢ ᠭᠡᠷ ᠤᠨ ᠡᠭᠦᠳᠡᠨ ᠳᠤ ᠬᠦᠷᠭᠡᠵᠦ᠂ ᠲᠠᠷᠢᠶᠠᠴᠢᠨ ᠲᠦᠮᠡᠨ ᠳᠤ ᠬᠥᠳᠡᠭᠡ ᠲᠣᠰᠬᠤᠨ ᠤ ᠰᠣᠶᠣᠯ ᠤᠨ ᠷᠢᠳᠢ ᠰᠢᠳᠢ ᠶᠢ ᠨᠡᠩ ᠦᠨᠡᠨ ᠪᠣᠳᠠᠲᠠᠢ ᠪᠠᠷ ᠮᠡᠳᠡᠷᠡᠭᠦᠯᠵᠦ᠂ ᠲᠠᠷᠢᠶᠠᠴᠢᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠴᠢᠨ ᠲᠦᠮᠡᠨ ᠤ ᠤᠯᠠᠨ ᠶᠠᠩᠵᠤᠴᠢᠯᠠᠭᠰᠠᠨ ᠰᠣᠶᠣᠯ ᠤᠨ ᠬᠡᠷᠡᠭᠴᠡᠭᠡ ᠶᠢ ᠦᠨᠡᠨᠬᠦ ᠬᠠᠩᠭᠠᠵᠤ᠂ ︽ᠬᠠᠯᠠᠮᠰᠢᠯ ᠨᠢ ᠦᠨᠳᠦᠰᠦᠨ ᠱᠠᠲᠤᠨ ᠳᠤ ᠪᠠᠶᠢᠵᠤ᠂ ᠤᠯᠠᠨ ᠲᠦᠮᠡᠨ ᠳᠤ ᠪᠠᠶᠠᠰᠤᠯ ᠲᠠᠢ ᠪᠠᠶᠢᠬᠤ︾ ᠪᠠᠶᠢᠩᠭᠤ ᠶᠢᠨ ᠤᠳᠬ᠎ᠠ ᠤᠷᠠᠯᠢᠭ ᠤᠨ ᠠᠵᠢᠯᠯᠠᠭ᠎ᠠ ᠶᠢᠨ ᠪᠠᠶᠢᠷᠢᠰᠢᠯ ᠢ ᠪᠠᠶᠢᠭᠤᠯᠵᠤ᠂ ᠤᠩᠰᠢᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ᠂ ᠪᠣᠯᠪᠠᠰᠤᠨ ᠰᠢᠶᠠᠨ ᠤ ᠬᠤᠳᠠ ᠶᠢ ᠡᠭᠦᠳᠦᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号