ᠲᠦᠴᠢᠦᠸᠠᠨ ᠰᠢᠶᠠᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠄ ︽ᠨᠠᠮ ᠤᠨ ᠠᠴᠢ ᠶᠢ ᠮᠠᠭᠲᠠᠨ ᠳᠠᠭᠤᠯᠠᠵᠤ ᠡᠷᠴᠢ ᠵᠣᠷᠢᠭ ᠢᠶᠠᠨ ᠬᠥᠪᠴᠢᠯᠡᠶ᠎ᠡ︾ ᠭᠡᠬᠦ ᠭᠤᠣᠯ ᠰᠡᠳᠦᠪᠲᠦ ᠬᠤᠪᠢᠰᠬᠠᠯᠳᠤ ᠳᠠᠭᠤᠤ ᠶᠢᠨ ᠤᠷᠤᠯᠳᠤᠭᠠᠨ ᠤ ᠬᠠᠭᠠᠰ ᠰᠢᠢᠳᠪᠦᠷᠢᠲᠦ ᠤᠷᠤᠯᠳᠤᠭᠠᠨ ᠬᠦᠷ ᠬᠥᠭᠵᠢᠶᠡᠨ ᠲᠠᠢ ᠶᠠᠪᠤᠭᠳᠠᠵᠠᠢ
ᠨᠡᠶᠢᠲᠡᠯᠡᠭᠰᠡᠨ ᠴᠠᠭ᠄
2023/4/24
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠵᠤ᠂ ︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠬᠦᠰᠡᠯᠡᠩ ᠢᠲᠡᠭᠡᠯ ᠪᠢᠰᠢᠷᠡᠯ ᠢ ᠵᠠᠯᠭᠠᠮᠵᠢᠯᠠᠵᠤ᠂ ᠪᠣᠯᠪᠠᠰᠤᠨ ᠤ ᠦᠢᠯᠡᠳᠦᠯᠭᠡ ᠪᠠᠷ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠭᠡᠯ ᠢ ᠪᠠᠲᠤᠳᠬᠠᠬᠤ ᠶᠢᠨ ᠲᠥᠯᠥᠭᠡ᠂ 4 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠠᠴᠠ ᠬᠠᠮᠲᠤᠷᠠᠨ ᠡᠷᠭᠢᠯᠡᠭᠰᠡᠨ ︽ᠨᠠᠮ ᠤᠨ ᠠᠴᠢ ᠶᠢ ᠮᠠᠭᠲᠠᠨ ᠳᠠᠭᠤᠯᠠᠵᠤ ᠡᠷᠴᠢ ᠵᠣᠷᠢᠭ ᠢᠶᠠᠨ ᠬᠥᠪᠴᠢᠯᠡᠶ᠎ᠡ ︾ ᠭᠡᠬᠦ ᠭᠤᠣᠯ ᠰᠡᠳᠦᠪᠲᠦ ᠬᠤᠪᠢᠰᠬᠠᠯᠳᠤ ᠳᠠᠭᠤᠤ ᠶᠢᠨ ᠤᠷᠤᠯᠳᠤᠭᠠᠨ ᠤ ᠬᠠᠭᠠᠰ ᠰᠢᠢᠳᠪᠦᠷᠢᠲᠦ ᠤᠷᠤᠯᠳᠤᠭᠠᠨ ᠢ ᠮᠢᠨ ᠵᠣ᠋ ᠲᠣᠭᠤᠷᠢᠭ ᠤᠨ ᠠᠵᠢᠯᠯᠠᠭᠠᠨ ᠤ ᠲᠠᠰᠤᠭ ᠲᠤ ᠬᠥᠷ ᠬᠥᠭᠵᠢᠶᠡᠨ ᠲᠠᠢ ᠶᠠᠪᠤᠭᠳᠠᠪᠠ᠃    ᠲᠤᠰ ᠤᠳᠠᠭ᠎ᠠ ᠶᠢᠨ ᠤᠷᠤᠯᠳᠤᠭᠠᠨ ᠨᠢ ᠤᠷᠤᠯᠴᠠᠭᠴᠢ ᠴᠢᠦᠢ ᠰᠢᠶᠣᠣ ᠵᠢᠤᠸᠠᠨ ᠤ ︽ᠬᠠᠪᠤᠷ ᠤᠨ ᠦᠯᠢᠭᠡᠷ︾ ᠭᠡᠬᠦ ᠳᠠᠭᠤᠤ ᠪᠠᠷ ᠬᠥᠰᠢᠭᠡ ᠪᠠᠨ ᠰᠡᠬᠦᠵᠦ᠂ ︽ᠨᠤᠲᠤᠭ ᠤᠨ ᠳᠠᠭᠤᠤ ᠶᠢ ᠨᠠᠮ ᠳᠠᠭᠠᠨ ᠳᠠᠭᠤᠯᠠᠨ᠎ᠠ︾᠂ ︽ᠮᠠᠯᠴᠢᠳ ᠡᠪ ᠬᠠᠮᠲᠤ ᠨᠠᠮ ᠢᠶᠠᠨ ᠳᠠᠭᠤᠯᠠᠨ᠎ᠠ︾᠂ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾ ᠭᠡᠬᠦ ᠳᠠᠭᠤᠤ ᠨᠤᠭᠤᠳ ᠢ ᠡᠭᠡᠯᠵᠢᠯᠡᠨ ᠲᠣᠭᠯᠠᠵᠤ᠂ ᠪᠦᠬᠦ ᠲᠠᠯᠠᠪᠠᠢ ᠶᠢᠨ ᠦᠵᠡᠭᠴᠢᠳ ᠤᠨ ᠬᠤᠪᠢᠰᠬᠠᠯ ᠤᠨ ᠳᠤᠷᠠᠰᠤᠮᠵᠢ ᠶᠢ ᠬᠥᠪᠴᠢᠯᠡᠪᠡ᠃ ᠤᠷᠤᠯᠴᠠᠭᠰᠠᠳ ᠵᠠᠷᠢᠮ ᠳᠠᠭᠠᠨ ᠤᠷᠮ᠎ᠠ ᠵᠣᠷᠢᠭ ᠪᠠᠳᠠᠷᠠᠩᠭᠤᠢ᠂ ᠵᠠᠷᠢᠮ ᠳᠠᠭᠠᠨ ᠤᠶᠠᠩᠭᠠᠯᠠᠵᠤ᠂ ᠴᠤᠭ ᠪᠠᠳᠠᠷᠠᠩᠭᠤᠢ ᠪᠠᠷ ︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠴᠠᠭ ᠦᠶ᠎ᠡ ᠶᠢᠨ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠰᠢᠶᠠᠨ ᠤ ᠬᠡᠪᠴᠢᠶᠡᠨ ᠤ ᠰᠠᠭᠤᠭᠠᠯᠢ ᠠᠷᠠᠳ ᠤᠨ ᠨᠠᠮ ᠤᠨ ᠤᠳᠤᠷᠢᠳᠤᠯᠭ᠎ᠠ ᠳᠣᠣᠷ᠎ᠠ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠲᠤᠬᠠᠢ ᠶᠢᠨ ᠲᠠᠯᠠᠪᠠᠢ ᠳᠤ ᠪᠠᠶᠢᠭᠰᠠᠨ ᠦᠵᠡᠭᠴᠢᠳ ᠲᠤ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠠᠪᠴᠢᠷᠠᠵᠤ᠂ ᠲᠠᠶᠢᠰᠠᠨ ᠳᠣᠣᠷᠠᠬᠢ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃    ᠪᠦᠬᠦ ᠲᠠᠯᠠᠪᠠᠢ ᠶᠢᠨ ᠬᠤᠪᠢᠰᠬᠠᠯᠳᠤ ᠳᠠᠭᠤᠤ ᠶᠢᠨ ᠤᠷᠤᠯᠳᠤᠭᠠᠨ ᠤ ᠠᠶᠢᠵᠠᠮ ᠨᠢ ᠠᠪᠴᠠᠯᠳᠤᠩᠭᠤᠢ᠂ ᠭᠤᠶᠢᠳᠠ ᠰᠠᠶᠢᠬᠠᠨ ᠪᠠᠶᠢᠵᠤ᠂ ᠣᠮᠤᠭ ᠲᠡᠭᠦᠯᠳᠡᠷ ᠳᠠᠭᠤᠤ ᠨᠢ ᠰᠡᠳᠬᠢᠯ ᠵᠢᠷᠦᠬᠡ ᠶᠢ ᠳᠣᠭᠳᠣᠯᠤᠭᠤᠯᠵᠤ᠂ 3 ᠴᠠᠭ ᠤᠨ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠲᠤᠰᠬᠠᠢ ᠮᠡᠷᠭᠡᠵᠢᠯ ᠤᠨ ᠰᠢᠯᠭᠠᠷᠠᠭᠤᠯᠬᠤ ᠺᠣᠮᠢᠰ ᠤᠨ ᠶᠡᠷᠦᠩᠬᠡᠢ ᠬᠢᠨᠠᠨ ᠲᠣᠭᠲᠠᠭᠠᠯᠲᠠ ᠵᠢᠴᠢ ᠲᠤᠬᠠᠢ ᠶᠢᠨ ᠲᠠᠯᠠᠪᠤᠷ ᠤᠨ ᠬᠤᠪᠢ ᠨᠡᠶᠢᠯᠡᠭᠦᠯᠦᠭᠰᠡᠨ ᠤ ᠳᠠᠷᠠᠭ᠎ᠠ᠂ ᠤᠷᠤᠯᠴᠠᠭᠴᠢ ᠤᠨ ᠳᠤᠮᠳᠠᠴᠢ ᠣᠯᠣᠭᠰᠠᠨ ᠬᠤᠪᠢ ᠶᠢᠨ ᠥᠨᠳᠥᠷ ᠪᠣᠭᠤᠨᠢ ᠶᠢ ᠦᠨᠳᠦᠰᠦᠯᠡᠨ᠂ ᠡᠯ᠎ᠡ ᠨᠡᠶᠢᠭᠡᠮ ᠲᠣᠭᠤᠷᠢᠭ ᠠᠴᠠ ᠢᠷᠡᠭᠰᠡᠨ 20 ᠬᠥᠮᠥᠨ ᠢ ᠬᠤᠪᠢᠰᠬᠠᠯᠳᠤ ᠳᠠᠭᠤᠤ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠣᠷᠣᠭᠤᠯᠬᠤ ᠪᠠᠷ ᠲᠣᠭᠲᠠᠭᠠᠵᠠᠢ᠃    ᠡᠨᠡ ᠤᠳᠠᠭ᠎ᠠ ᠶᠢᠨ ᠬᠤᠪᠢᠰᠬᠠᠯᠳᠤ ᠳᠠᠭᠤᠤ ᠶᠢᠨ ᠤᠷᠤᠯᠳᠤᠭᠠᠨ ᠨᠢ ᠤᠯᠠᠨ ᠲᠦᠮᠡᠨ ᠤ ᠠᠩᠬᠠᠷᠤᠯ ᠢ ᠲᠠᠲᠠᠵᠤ᠂ ᠰᠠᠭᠤᠭᠠᠯᠢ ᠠᠷᠠᠳ ᠢ ᠳᠠᠭᠠᠭᠤᠯᠤᠨ ᠬᠤᠪᠢᠰᠬᠠᠯ ᠤᠨ ᠵᠣᠷᠢᠭ ᠰᠠᠨᠠᠭ᠎ᠠ ᠶᠢ ᠲᠠᠬᠢᠨ ᠰᠠᠨᠠᠭᠠᠯᠵᠠᠵᠤ᠂ ᠪᠦᠯᠬᠦᠮᠳᠡᠨ ᠲᠡᠮᠡᠴᠡᠬᠦ᠂ ᠰᠢᠨ᠎ᠡ ᠪᠠᠶᠢᠳᠠᠯ ᠢ ᠡᠭᠦᠳᠬᠦ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ ᠶᠤᠮ᠃ ᠰᠠᠭᠤᠭᠠᠯᠢ ᠠᠷᠠᠳ ᠤᠨ ᠢᠳᠡᠪᠬᠢᠲᠡᠢ ᠣᠷᠣᠯᠴᠠᠭ᠎ᠠ ᠨᠢ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠴᠠᠭ ᠦᠶ᠎ᠡ ᠶᠢᠨ ᠭᠤᠣᠯ ᠬᠥᠭ ᠠᠶᠠᠰ ᠢ ᠬᠦᠴᠦᠲᠡᠢ ᠬᠠᠩᠭᠢᠨᠠᠭᠤᠯᠵᠤ᠂ ᠰᠢᠢᠳᠪᠦᠷᠢᠲᠦ ᠤᠷᠤᠯᠳᠤᠭᠠᠨ ᠤ ᠭᠤᠭᠴᠤᠭ᠎ᠠ ᠳᠤ᠂ ᠡᠯ᠎ᠡ ᠤᠷᠤᠯᠴᠠᠭᠴᠢ ᠬᠠᠮᠤᠭ ᠤᠨ ᠰᠠᠶᠢᠨ ᠪᠠᠶᠢᠳᠠᠯ ᠢᠶᠠᠷ ᠨᠠᠮ᠂ ᠠᠭᠤᠤ ᠶᠡᠭᠡ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠬᠦ ᠶᠢ ᠬᠦᠰᠡᠵᠦ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号