ᠭᠤᠣᠯ ᠰᠡᠳᠦᠪᠲᠦ ᠨᠠᠮ ᠡᠳᠦᠷ ᠨᠡᠶᠢᠭᠡᠮ ᠲᠣᠭᠤᠷᠢᠭ ᠳᠤ ᠤᠷᠤᠵᠤ ᠤᠷᠠᠨ ᠰᠠᠶᠢᠬᠠᠨ ᠤ  ᠲᠤᠭᠯᠠᠯᠳᠠ ᠨᠠᠮ ᠤᠨ ᠠᠴᠢ ᠶᠢ ᠮᠠᠭᠲᠠᠨ ᠰᠠᠶᠢᠰᠢᠶᠠᠨ᠎ᠠ
ᠨᠡᠶᠢᠲᠡᠯᠡᠭᠰᠡᠨ ᠴᠠᠭ᠄
2023/4/24
   ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ  ᠶᠢ ᠦᠨᠳᠦᠰᠦᠯᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠬᠤ ᠶᠢᠨ ᠲᠥᠯᠥᠭᠡ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠶᠢ ᠦᠷᠭᠦᠯᠵᠢᠯᠡᠨ ᠬᠡᠷᠡᠭᠵᠢᠭᠦᠯᠵᠦ᠂ ᠪᠦᠯᠬᠦᠮᠳᠡᠨ ᠲᠡᠮᠡᠴᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ  ᠪᠠᠶᠢᠭᠤᠯᠬᠤ ᠶᠢᠨ ᠲᠦᠯᠦᠭᠡ᠂ ᠣᠶᠢᠷ᠎ᠠ ᠶᠢᠨ ᠡᠳᠦᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠠᠭᠠᠨᠮᠥ᠋ᠴᠢᠷ᠂ ᠰᠢᠭᠦᠬᠦ ᠬᠤᠷᠢᠶ᠎ᠠ ᠵᠡᠷᠭᠡ ᠤᠯᠠᠨ ᠨᠢᠭᠡᠴᠡ ᠲᠠᠢ ᠬᠠᠮᠲᠤᠷᠠᠨ᠂ ︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠬᠤ︾ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠵᠡᠢ    ᠭᠤᠴᠣ ᠰᠠᠶᠢᠬᠠᠨ ᠲᠣᠭᠯᠠᠯᠲᠠ ᠨᠤᠭᠤᠳ ᠨᠢ ᠦᠵᠡᠭᠴᠢᠳ ᠲᠤ ᠰᠣᠶᠣᠯ ᠪᠣᠯᠣᠨ ᠬᠠᠷᠠᠭᠠᠨ ᠤ ᠰᠡᠷᠡᠯ ᠤᠨ ᠬᠤᠣᠰ ᠣᠶᠢᠯᠠᠭᠠᠯᠲᠠ ᠶᠢ ᠠᠪᠴᠢᠷᠠᠵᠤ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︽ᠤᠯᠠᠭᠠᠨ ᠤᠳᠤ ᠭᠢᠯᠠᠯᠵᠠᠬᠤ︾᠂ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠳᠠᠭᠤᠯᠠᠪᠠ︔ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ︽ᠴᠢᠨ᠋ᠸ᠎ᠠ ᠶᠢᠨ ᠲᠣᠲ᠋ᠧᠮ︾ ᠭᠡᠬᠦ ᠳᠠᠭᠤᠤ ᠳᠠᠭᠤᠯᠠᠪᠠ︔ ᠰᠢᠶᠠᠨ ᠤ ᠤᠯᠠᠭᠠᠨᠮᠥ᠋ᠴᠢᠷ ᠤᠨ ᠬᠤᠶᠠᠷ ᠤᠲᠠᠰᠤᠲᠤ ᠬᠤᠭᠤᠷ ᠤᠨ ᠭᠤᠴᠣᠯᠠᠯ ᠬᠥᠭᠵᠢᠮ ︽ ᠲᠠᠢ ᠵᠢᠢ  ᠶᠠᠳᠤᠭ᠎ᠠ ᠶᠢᠨ ᠪᠠᠭᠠᠲᠤᠷ︾ ᠢ ᠬᠥᠭᠵᠢᠮᠳᠡᠵᠦ᠂ ︽ᠡᠭᠦᠷᠢᠳᠡ ᠨᠠᠮ ᠢᠶᠠᠨ ᠳᠠᠭᠠᠨ᠎ᠠ︾ ᠭᠡᠬᠦ ᠳᠠᠭᠤᠤ ᠶᠢ ᠳᠠᠭᠤᠯᠠᠪᠠ︔ ᠭᠤᠸᠠᠩ ᠮᠢᠩ ᠨᠡᠶᠢᠭᠡᠮ ᠲᠣᠭᠤᠷᠢᠭ ᠤᠨ ᠪᠢᠴᠢᠬᠠᠨ ᠵᠦᠴᠦᠭᠡ ᠶᠢᠨ ᠪᠦᠯᠬᠦᠮ ︽ᠮᠠᠯᠴᠢᠳ ᠡᠪ ᠬᠠᠮᠲᠤ ᠨᠠᠮ ᠢᠶᠠᠨ ᠳᠠᠭᠤᠯᠠᠨ᠎ᠠ︾᠂ ︽ᠬᠤᠩ ᠬᠣ᠋ ᠨᠠᠭᠤᠷ ᠤᠨ ᠤᠰᠤ︾ ᠵᠡᠷᠭᠡ ᠳᠠᠭᠤᠤ ᠶᠢ ᠳᠠᠭᠤᠯᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠠᠯᠠᠭ᠎ᠠ ᠲᠡᠰᠢᠯᠲᠡ ᠶᠢᠨ ᠲᠠᠭᠤᠨ ᠲᠠᠰᠤᠷᠠᠯᠳᠡ ᠦᠭᠡᠢ ᠨᠢᠵᠢᠭᠢᠨᠡᠵᠦ᠂ ᠨᠠᠮ ᠤᠨ ᠭᠡᠰᠢᠭᠦᠨ ᠺᠠᠳ᠋ᠷ ᠵᠢᠴᠢ ᠤᠯᠠᠨ ᠲᠦᠮᠡᠨ ᠤ ᠤᠳᠬ᠎ᠠ ᠤᠷᠠᠯᠢᠭ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠳᠠᠭᠠᠤ᠂ ︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ ᠡᠬᠡ ᠣᠷᠣᠨᠴᠢ ᠦᠵᠡᠯ ᠤᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠤᠳᠬ᠎ᠠ ᠤᠷᠠᠯᠢᠭ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ ᠳᠤ ᠣᠷᠣᠯᠴᠠᠬᠤ ᠶᠢ ᠲᠠᠰᠤᠷᠠᠯᠳᠠ ᠦᠭᠡᠢ ᠵᠣᠷᠢᠭᠵᠢᠭᠤᠯᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠠᠮ ᠢᠶᠠᠨ ᠬᠠᠶᠢᠷᠠᠯᠠᠬᠤ᠂ ᠡᠬᠡ ᠣᠷᠣᠨ ᠢᠶᠠᠨ ᠬᠠᠶᠢᠷᠠᠯᠠᠬᠤ ᠶᠢ ᠦᠨᠡᠨ ᠬᠦ ᠪᠡᠶᠡᠯᠡᠭᠦᠯᠵᠦ᠂ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠦᠢᠯᠡᠳᠦᠯᠭᠡᠵᠢᠭᠦᠯᠦᠨ᠎ᠡ᠃    ︽ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠲᠡᠭᠦᠰ ᠠᠮᠵᠢᠯᠲᠠ ᠲᠠᠢ ᠶᠠᠪᠤᠭᠳᠠᠵᠤ᠂ ᠰᠠᠭᠤᠭᠠᠯᠢ ᠠᠷᠠᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠨᠠᠮ ᠤᠨ ᠭᠡᠰᠢᠭᠦᠨ ᠺᠠᠳ᠋ᠷ ᠪᠣᠯᠣᠨ ᠰᠠᠭᠤᠭᠠᠯᠢ ᠠᠷᠠᠳ ᠤᠨ ᠣᠯᠣᠯᠴᠠᠭ᠎ᠠ ᠰᠣᠯᠢᠯᠴᠠᠭ᠎ᠠ ᠶᠢ ᠣᠶᠢᠷᠠᠲᠤᠭᠤᠯᠵᠤ᠂ ᠨᠠᠮ ᠤᠨ ᠭᠡᠰᠢᠭᠦᠨ ᠺᠠᠳ᠋ᠷ ᠨᠢᠭᠡᠪᠦᠷᠢ ᠶᠢ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠨᠠᠮ ᠤᠨ ᠭᠡᠰᠢᠭᠦᠨ ᠺᠠᠳ᠋ᠷ ᠤᠨ ᠤᠯᠠᠨ ᠲᠦᠮᠡᠨ ᠢ ᠵᠣᠬᠢᠶᠠᠨ ᠪᠠᠶᠢᠭᠤᠯᠬᠤ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠢ ᠬᠥᠮᠥᠵᠢᠭᠦᠯᠬᠦ ᠪᠠ ᠤᠯᠠᠨ ᠲᠦᠮᠡᠨ ᠳᠤ ᠦᠢᠯᠡᠴᠢᠯᠡᠬᠦ ᠦᠢᠯᠡᠳᠦᠯ ᠢ ᠭᠦᠢᠴᠡᠳ ᠪᠠᠳᠠᠷᠠᠭᠤᠯᠪᠠ︾ ᠭᠡᠵᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠯᠢ ᠪᠢᠩ ᠬᠡᠯᠡᠪᠡ᠃    ᠲᠤᠰ ᠤᠳᠠᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠣᠯᠣᠨ ᠠᠷᠠᠳ ᠤᠯᠠᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠠᠮᠢᠳᠤᠯᠢᠭ ᠪᠠᠶᠢᠳᠠᠯ ᠢ ᠪᠤᠢ ᠪᠣᠯᠭᠠᠵᠤ᠂ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠤ ᠰᠦᠷ ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠬᠤ ᠳᠤ ᠠᠰᠢᠭᠲᠠᠢ ᠶᠤᠮ᠃ ᠪᠢᠳᠡᠨ ᠢ ᠳᠠᠭᠠᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ ᠡᠨᠡᠬᠦ ᠭᠤᠣᠯ ᠰᠢᠵᠢᠮ ᠢ ᠪᠠᠲᠤ ᠪᠠᠬᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号