ᠬᠠᠪᠤᠷ ᠤᠨ ᠤᠷᠢᠬᠠᠨ ᠰᠠᠯᠬᠢᠨ ᠳᠤ ᠬᠦᠢᠯᠡᠰᠦᠨ ᠴᠡᠴᠡᠭ ᠳᠡᠯᠭᠡᠷᠡᠨ᠎ᠡ
ᠨᠡᠶᠢᠲᠡᠯᠡᠭᠰᠡᠨ ᠴᠠᠭ᠄
2023/4/27
   ᠪᠠᠰᠠ ᠨᠢᠭᠡ ᠵᠢᠯ ᠤᠨ ᠬᠠᠪᠤᠷ ᠤᠨ ᠴᠠᠭ ᠡᠪᠡᠰᠦ ᠨᠣᠭᠤᠭᠠᠷᠠᠵᠤ᠂ ᠡᠨᠡ ᠵᠢᠯ ᠤᠨ ᠬᠦᠢᠯᠡᠰᠦᠨ ᠴᠡᠴᠡᠭ ᠤᠠᠴᠠᠭᠠᠢ ᠰᠤᠷᠭᠤᠭ᠃ ᠬᠠᠪᠤᠷ ᠤᠨ ᠤᠯᠠᠷᠢᠯ ᠤᠨ ᠲᠦᠴᠢᠦᠸᠠᠨ ᠲᠤ᠂ 44 ᠲᠦᠮᠡᠨ ᠮᠦ ᠠᠭᠤᠯᠠ ᠶᠢᠨ ᠬᠦᠢᠯᠡᠰᠦᠨ ᠴᠡᠴᠡᠭ ᠪᠠᠳᠠᠷᠠᠨ ᠳᠡᠯᠭᠡᠷᠡᠵᠦ᠂ ᠰᠠᠯᠬᠢᠨ ᠤ ᠠᠶ᠎ᠠ ᠪᠠᠷ ᠨᠠᠶᠢᠭᠤᠵᠤ᠂ ᠬᠥᠮᠥᠰ ᠤᠨ ᠪᠠᠭ᠋ᠠᠷᠤᠯ ᠢ ᠲᠠᠲᠠᠨ᠎ᠠ᠃
   ᠣᠶᠢᠷ᠎ᠠ ᠶᠢᠨ ᠵᠢᠯ ᠲᠤ᠂ ᠲᠦᠴᠢᠦᠸᠠᠨ ᠰᠢᠶᠠᠨ ︽ᠬᠢᠩᠭᠠᠨ ᠲᠠᠷᠪᠠᠭᠠᠨ ᠳᠠᠬᠢ ᠬᠢᠩᠭᠠᠨ ᠠᠶᠢᠮᠠᠭ︾ ᠤᠨ ᠣᠷᠣᠨ ᠪᠦᠰᠡ ᠶᠢᠨ ᠲᠡᠮᠳᠡᠭᠲᠦ ᠶᠢᠨ ᠭᠤᠣᠯ ᠴᠣᠭᠴᠠ ᠶᠢᠨ ᠳᠦᠷᠢ ᠲᠥᠷᠬᠦ ᠶᠢ ᠱᠤᠭᠤᠵᠤ ᠳᠡᠭᠡᠭᠰᠢᠯᠡᠭᠦᠯᠬᠦ ᠠᠵᠢᠯ ᠤᠨ ᠲᠣᠭᠤᠷᠢᠨ ᠳᠤ᠂ ᠬᠥᠳᠡᠭᠡ ᠲᠣᠰᠬᠤᠨ ᠤ ᠵᠤᠭᠠᠴᠠᠯ ᠤᠨ ᠳᠠᠯᠳᠠ ᠬᠦᠴᠦᠨ ᠢ ᠭᠦᠨᠵᠡᠭᠡᠢ ᠠᠭᠤᠳᠠᠯᠠᠵᠤ᠂ ᠮᠢᠩ ᠰᠢᠩ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠪᠦᠦ ᠱᠢ ᠶᠢᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠡᠮᠦᠨ᠎ᠡ ᠨᠠᠭᠤᠷ ᠤᠨ ᠨᠤᠭᠤ ᠭᠠᠵᠠᠷ᠂ ᠡᠮᠳᠤ ᠶᠢᠨ ᠭᠤᠣᠯ ᠤᠨ ᠰᠡᠯᠡᠭᠦᠴᠡᠯ ᠵᠤᠭᠠᠴᠠᠯ ᠤᠨ ᠪᠦᠰᠡ ᠵᠡᠷᠭᠡ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠨ ᠬᠡᠷᠡᠭᠵᠢᠭᠦᠯᠵᠦ᠂ ᠰᠡᠯᠡᠭᠦᠴᠡᠯ ᠲᠡᠭᠦᠬᠦ ᠪᠠᠷ ᠰᠠᠭᠤᠷᠢ ᠪᠣᠯᠭᠠᠭᠰᠠᠨ᠂ ᠠᠮᠠᠷᠠᠯᠲᠠ ᠶᠢᠨ ᠦᠨᠦᠷ ᠠᠮᠲᠠ ᠪᠠᠷ ᠤᠳᠤᠷᠢᠳᠤᠮᠵᠢ ᠪᠣᠯᠭᠠᠭᠰᠠᠨ᠂ ᠮᠥᠰᠥ ᠴᠠᠰᠤᠨ ᠤ ᠥᠩᠭᠡᠷᠡᠭᠡᠯᠲᠡ ᠪᠠᠷ ᠣᠨᠴᠠᠯᠢᠭ ᠪᠣᠯᠭᠠᠭᠰᠠᠨ᠂ ᠡᠷᠳᠡᠮ ᠰᠢᠨᠵᠢᠯᠡᠭᠡᠨ ᠤ ᠲᠥᠷᠥᠯ ᠤᠨ ᠰᠢᠯᠭᠠᠯᠲᠠ ᠶᠢ ᠤᠷᠲᠤᠳᠬᠠᠭᠰᠠᠨ ᠵᠢᠭᠤᠯᠴᠢᠯᠠᠯ ᠤᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠰᠢᠶᠠᠨ ᠤ ᠬᠡᠪᠴᠢᠶᠡᠨ ᠤ ᠵᠢᠭᠤᠯᠴᠢᠯᠠᠯ ᠤᠨ ᠳᠠᠪᠠᠭᠤᠯᠢᠭ ᠡᠬᠢ ᠪᠠᠶᠠᠯᠢᠭ ᠢ ᠦᠨᠡᠨᠬᠦ ᠣᠷᠣᠯᠭ᠎ᠠ ᠶᠢᠨ ᠡᠬᠢ ᠪᠠᠶᠠᠯᠢᠭ᠂ ᠡᠳ᠋ ᠪᠠᠶᠠᠯᠢᠭ ᠤᠨ ᠡᠬᠢ ᠪᠠᠶᠠᠯᠢᠭ ᠪᠣᠯᠭᠠᠨ ᠬᠤᠪᠢᠷᠠᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号