ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ 2023 ᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠲᠤᠰᠬᠠᠢ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/28
   2023 ᠣᠨ ᠤ 4 ᠰᠠᠷ᠎ᠠ ᠶᠢᠨ 26  ᠤ ᠡᠳᠦᠷ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠲᠤᠰᠬᠠᠢ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ ᠨᠢ ᠠᠩᠭᠢ ᠪᠠᠷ ᠨᠢᠭᠡᠴᠢ ᠪᠣᠯᠭᠠᠨ᠂ ᠰᠦᠯᠵᠢᠶᠡᠨ ᠲᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡ ᠪᠠᠷ ᠶᠠᠪᠤᠭᠳᠠᠬᠤ ᠠᠷᠭ᠎ᠠ ᠬᠡᠯᠪᠡᠷᠢ ᠶᠢ ᠠᠪᠴᠤ᠂ ᠪᠥᠬᠦ ᠰᠢᠶᠠᠨ ᠤ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠵᠢᠴᠢ ᠥᠷᠭᠡᠨ ᠣᠯᠠᠨ ᠪᠠᠭᠰᠢ ᠨᠠᠷ ᠲᠤ ᠪᠥᠬᠦ ᠲᠠᠯ᠎ᠠ ᠶᠢᠨ ᠤᠬᠠᠭᠤᠯᠭ᠎ᠠ ᠬᠥᠮᠦᠵᠢᠯ ᠬᠢᠵᠡᠢ᠃
       ︵ᠰᠢᠶᠠᠨ ᠤ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠠᠴᠠ ᠰᠤᠷᠤᠭᠴᠢᠳ ᠲᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ︶
          ︵ᠰᠢᠶᠠᠨ ᠤ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠶᠢᠨ ᠯᠧᠺᠲ᠋ᠣᠷ ᠪᠥᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠠᠵᠢᠯᠲᠠᠨ ᠪᠠ ᠰᠤᠷᠤᠭᠴᠢᠳ ᠲᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠮᠡᠳᠡᠯᠭᠡ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠢᠨ᠎ᠡ︶
       ︵ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠭᠤᠤ ᠰᠢᠶᠣᠣ ᠳ᠋ᠦᠩ ᠶᠠᠷᠢᠶ᠎ᠠ ᠲᠠᠯᠪᠢᠪᠠ︶        ᠬᠤᠷᠠᠯ ᠤᠨ ᠡᠴᠦᠰ ᠲᠤ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠭᠤᠸ ᠰᠢᠶᠣᠣ ᠳ᠋ᠦᠩ ᠶᠠᠷᠢᠶ᠎ᠠ ᠲᠠᠯᠪᠢᠵᠤ᠂ ᠪᠥᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠬᠦ ᠲᠤᠬᠠᠢ ᠴᠢᠬᠤᠯᠠᠴᠢᠯᠠᠨ ᠪᠠᠶᠢᠷᠢᠯᠠᠭᠤᠯᠵᠠᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号