ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2022﹈ 66 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽ᠬᠢᠩᠭᠠᠨ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ | ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ ︾ ᠢ ᠠᠶᠢᠮᠠᠭ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ | ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ | ᠬᠡᠷᠡᠭᠵᠢᠭᠦᠯᠦᠭᠡᠷᠡᠢ᠃ | 2022 ᠣᠨ ᠤ 12 ᠰᠠᠷ᠎ᠠ ᠶᠢᠨ 30 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ ︶ | ᠬᠢᠩᠭᠠᠨ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠠᠶᠢᠲᠤᠷ ᠬᠢᠬᠦ ᠲᠤᠬᠠᠶ ᠬᠠᠮᠢᠶ᠎ᠠ ᠪᠦᠬᠦᠢ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ | ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ ﹀ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ | ᠲᠤᠬᠠᠶ ᠬᠡᠷᠡᠭᠵᠢᠭᠦᠯᠬᠦ ᠰᠠᠨᠠᠯ ︾ ᠶᠣᠰᠣᠭᠠᠷ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 65 | ᠳ᠋ᠤᠭᠠᠷ ᠲᠣᠭᠠᠲᠤ ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ | ᠲᠠᠷᠬᠠᠭᠠᠬᠤ ᠲᠤᠬᠠᠶ ᠮᠡᠳᠡᠭᠳᠡᠯ ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 38 ᠳ᠋ᠤᠭᠠᠷ | ᠲᠣᠭᠠᠲᠤ ︶ ᠵᠢᠴᠢ ︽ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︿ᠳᠥᠷᠪᠡᠨ ᠰᠠᠶᠢᠨᠲᠠᠶ ᠬᠥᠳᠡᠭᠡ | ᠲᠣᠰᠬᠤᠨ ᠤ ᠵᠠᠮ ﹀ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ ︾ | ︵ᠰᠢᠩ ᠵᠠᠬᠢᠷᠭ᠎ᠠ ᠠᠯᠪᠠᠨ ᠲᠠᠷᠬᠠᠭᠠᠭᠰᠠᠨ ﹇2019﹈ 12 ᠳ᠋ᠤᠭᠠᠷ ᠲᠣᠭᠠᠲᠤ ︶ ᠤᠨ ᠱᠠᠭᠠᠷᠳᠠᠯᠭ᠎ᠠ᠂ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ | ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ ︾ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠥᠪᠡᠷᠲᠡᠭᠡᠨ ᠵᠠᠰᠠᠬᠤ | ᠣᠷᠣᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ ︾ ᠤᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠬᠠᠷᠢᠶ᠎ᠠ ᠣᠷᠣᠨ ᠢᠶᠠᠷ | ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ | ᠨᠡᠶᠢᠲᠡ ᠪᠠᠷ ᠢᠶᠠᠨ ᠣᠷᠣᠯᠴᠠᠬᠤ ᠵᠠᠷᠴᠢᠮ ᠢ ᠪᠠᠷᠢᠮᠲᠠᠯᠠᠵᠤ᠂ ᠪᠦᠬᠦ ᠠᠶᠢᠮᠠᠭ ᠤᠨ ᠪᠤᠶ ᠪᠦᠬᠦᠢ ᠬᠤᠰᠢᠭᠤ ᠰᠢᠶᠠᠨ | ᠬᠤᠲᠠ ᠳᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ᠂ | ᠬᠤᠰᠢᠭᠤ ᠰᠢᠶᠠᠨ ᠬᠤᠲᠠ᠂ ᠰᠤᠮᠤ ᠰᠢᠶᠠᠩ ᠪᠠᠯᠭᠠᠰᠤ᠂ ᠪᠠᠶᠢᠭᠤᠯᠤᠯᠳᠤ ᠭᠠᠴᠠᠭ᠎ᠠ ᠲᠣᠰᠬᠤᠨ ᠤ ᠬᠥᠳᠡᠭᠡ | ᠲᠣᠰᠬᠤᠨ ᠤ ᠵᠠᠰᠠᠮᠠᠯ ᠵᠠᠮ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠦᠢᠯᠡᠴᠢᠯᠡᠬᠦ ᠪᠠᠶᠢᠯᠳᠤᠬᠤ ᠪᠣᠳᠣᠯᠭ᠎ᠠ ᠳᠠᠬᠢ ᠲᠤᠯᠭᠠᠭᠤᠷᠢᠯᠠᠬᠤ ᠦᠢᠯᠡᠳᠦᠯ ᠢ ᠭᠦᠢᠴᠡᠳ | ᠪᠠᠳᠠᠷᠠᠭᠤᠯᠬᠤ ᠳᠤ ᠪᠠᠶᠢᠭᠤᠯᠤᠯ ᠲᠣᠭᠲᠠᠴᠠ ᠶᠢᠨ ᠬᠦᠴᠦᠲᠡᠶ ᠪᠠᠲᠤᠯᠠᠭ᠎ᠠ ᠬᠠᠩᠭᠠᠨ᠎ᠠ᠃ | ᠬᠤᠶᠠᠷ᠂ ᠠᠵᠢᠯ ᠤᠨ ᠬᠠᠷᠠᠯᠲᠠ | ᠬᠠᠷᠢᠭᠤᠴᠠᠯᠭ᠎ᠠ ᠨᠢ ᠲᠣᠳᠣᠷᠬᠠᠶ᠂ ᠵᠣᠬᠢᠴᠠᠩᠭᠤᠶ ᠪᠥᠭᠡᠳ ᠡᠮᠬᠢ ᠵᠢᠷᠤᠮ ᠲᠠᠢ᠂ ᠬᠢᠨᠠᠯᠲᠠ ᠬᠠᠮᠢᠶᠠᠷᠤᠯᠲᠠ ᠨᠢ | ᠴᠢᠩᠭ᠎ᠠ᠂ ᠬᠠᠮᠠᠭᠠᠯᠠᠯᠲᠠ ᠨᠢ ᠬᠦᠴᠦᠲᠡᠶ ᠵᠠᠮ ᠤᠨ ᠳᠠᠷᠤᠭ᠎ᠠ ᠶᠢᠨ ᠳᠦᠷᠢᠮᠲᠦ ᠵᠣᠬᠢᠶᠠᠨ ᠪᠠᠶᠢᠭᠤᠯᠤᠯᠲᠠ ᠶᠢᠨ | ᠰᠢᠰᠲ᠋ᠧᠮᠵᠢ ᠬᠢᠭᠡᠳ ᠠᠵᠢᠯᠯᠠᠭᠠᠨ ᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ︽ᠲᠦᠷᠪᠡᠨ ᠰᠠᠶᠢᠨ | ᠬᠥᠳᠡᠭᠡ ᠲᠣᠰᠬᠤᠨ ᠤ ᠵᠠᠮ ︾ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ︾ ᠤ ᠪᠥᠳᠥᠭᠡᠨ ᠪᠠᠶᠢᠭᠤᠯᠤᠯᠲᠠ ᠲᠠᠢ ᠤᠶᠠᠯᠳᠤᠭᠤᠯᠤᠨ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠡᠪᠴᠢᠶᠡᠨ ᠤ ᠣᠷᠴᠢᠨ ᠲᠣᠭᠤᠷᠢᠨ ᠢ ᠶᠡᠬᠡᠪᠡᠷ ᠴᠡᠭᠴᠡᠯᠡᠨ | ᠵᠠᠰᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ | ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠲᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠵᠠᠮ ᠤᠨ | ᠲᠣᠤᠷ ᠤᠨ ᠪᠦᠲᠦᠴᠡ ᠶᠢ ᠢᠯᠡᠳᠲᠡ ᠰᠢᠯᠢᠳᠡᠭᠵᠢᠭᠦᠯᠦᠨ᠂ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ | ᠬᠠᠮᠢᠶᠠᠷᠴᠤ ᠲᠡᠵᠢᠭᠡᠬᠦ ᠵᠠᠷᠤᠳᠠᠯ ᠤᠨ ᠪᠠᠲᠤᠯᠠᠭ᠎ᠠ ᠶᠢ ᠪᠣᠳᠠᠲᠠᠶᠢᠵᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ | ᠳᠠᠭᠠᠤ ᠶᠢᠨ ︽ᠪᠤᠵᠠᠷ᠂ ᠡᠷᠦᠶ ᠬᠤᠷᠤᠶ ᠥᠬᠡᠶ᠂ ᠪᠠᠷᠤᠭᠲᠠᠶ ︾ ᠦᠵᠡᠭᠳᠡᠯ ᠢ ᠦᠨᠳᠦᠰᠦᠨ ᠳᠡᠭᠡᠨ ᠠᠷᠢᠯᠭᠠᠵᠤ᠂ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ︽ᠰᠠᠭᠠᠳ ᠥᠬᠡᠶ ᠪᠥᠭᠡᠳ ᠲᠠᠭᠠᠯᠠᠮᠵᠢᠲᠠᠶ ︾ ᠪᠠᠶᠢᠬᠤ | ᠬᠠᠷᠠᠯᠲᠠ ᠶᠢ ᠪᠡᠶᠡᠯᠡᠭᠦᠯᠦᠨ᠎ᠡ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ | ︵ᠨᠢᠭᠡ ︶ ᠵᠣᠬᠢᠶᠠᠨ ᠪᠠᠶᠢᠭᠤᠯᠤᠯᠲᠠ ᠶᠢᠨ ᠬᠡᠯᠪᠡᠷᠢ | 1. ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠳᠦᠷᠢᠮ ᠤᠨ ᠥᠷᠨᠢᠯᠲᠡ ᠶᠢ ᠦᠨᠡᠨ ᠬᠦ | ᠠᠬᠢᠭᠤᠯᠬᠤ ᠶᠢᠨ ᠲᠥᠯᠥᠭᠡ᠂ ᠠᠶᠢᠮᠠᠭ ᠤᠨ ᠵᠠᠬᠢᠷᠭ᠎ᠠ ᠳᠤ ᠠᠶᠢᠮᠠᠭ ᠤᠨ ᠵᠠᠬᠢᠷᠭ᠎ᠠ ᠶᠢᠨ ᠬᠤᠪᠢᠳᠠᠨ ᠬᠠᠮᠢᠶᠠᠷᠴᠤ | ᠪᠠᠶᠢᠭ᠎ᠠ ᠳᠡᠳ᠋ ᠠᠶᠢᠮᠠᠭ ᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠵᠠᠮ ᠬᠠᠷᠢᠯᠴᠠᠭ᠎ᠠ ᠲᠡᠭᠡᠭᠡᠪᠦᠷᠢ᠂ | ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ | ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠤᠰᠤᠨ ᠠᠰᠢᠭᠯᠠᠯᠲᠠ᠂ ᠣᠷᠣᠨ ᠰᠠᠭᠤᠴᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠰᠣᠶᠣᠯ ᠵᠤᠭᠠᠴᠠᠯ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ | ᠨᠤᠳᠤᠭ ᠪᠡᠯᠴᠢᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠵᠢᠴᠢ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ ᠢᠶᠠᠷ ᠪᠦᠷᠢᠯᠳᠦᠬᠦᠨ ᠪᠣᠯᠭᠠᠭᠰᠠᠨ ᠠᠶᠢᠮᠠᠭ ᠤᠨ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ | ᠪᠠᠶᠢᠷᠢᠯᠠᠭᠤᠯᠤᠨ᠎ᠠ᠃ | 2. ︽ᠰᠢᠶᠠᠨ ᠤ ᠵᠠᠮ ᠢ ᠰᠢᠶᠠᠨ ᠠᠴᠠ ᠬᠠᠮᠢᠶᠠᠷᠴᠤ᠂ ᠬᠥᠳᠡᠭᠡ ᠲᠣᠰᠬᠤᠨ ᠤ ᠵᠠᠮ ᠢ ᠬᠥᠳᠡᠭᠡ | ᠲᠣᠰᠬᠤᠨ ᠠᠴᠠ ᠬᠠᠮᠢᠶᠠᠷᠬᠤ ︾ ᠵᠠᠷᠴᠢᠮ ᠤᠨ ᠶᠣᠰᠣᠭᠠᠷ᠂ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠣᠯ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠶᠡᠷᠦᠩᠬᠡᠶ ᠳᠠᠷᠤᠭ᠎ᠠ᠂ ᠬᠤᠰᠢᠭᠤ ᠰᠢᠶᠠᠨ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠢ ᠲᠣᠰ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠰᠢᠶᠠᠨ ᠤ ᠱᠠᠲᠤᠨ ᠤ ᠵᠠᠮ ᠤᠨ ᠳᠠᠷᠤᠭ᠎ᠠ᠂ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠰᠢᠶᠠᠩ ᠤᠨ ᠱᠠᠲᠤᠨ ᠤ ᠵᠠᠮ ᠤᠨ ᠳᠠᠷᠤᠭ᠎ᠠ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠭᠤᠤᠯ | ᠬᠠᠷᠢᠭᠤᠴᠠᠯᠭᠠᠲᠠᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠣᠰᠬᠤᠨ ᠤ ᠱᠠᠲᠤᠨ ᠤ ᠵᠠᠮ ᠤᠨ | ᠳᠠᠷᠤᠭ᠎ᠠ ᠪᠣᠯᠤᠨ᠎ᠠ᠂ ᠡᠯ᠎ᠡ ᠭᠠᠵᠠᠷ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠵᠠᠮ ᠤᠨ ᠳᠠᠷᠤᠭ᠎ᠠ ᠶᠢᠨ ᠲᠦᠷᠢᠮ ᠢ | ᠠᠶᠢᠯ ᠲᠣᠰᠬᠤᠨ ᠳᠤ ᠬᠦᠷᠲᠡᠯ᠎ᠡ ᠤᠷᠲᠤᠳᠬᠠᠵᠤ ᠪᠣᠯᠤᠨ᠎ᠠ᠃ | 3. ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠶᠡᠷᠦᠩᠬᠡᠶ ᠵᠠᠮ ᠤᠨ ᠳᠠᠷᠤᠭ᠎ᠠ ᠶᠢᠨ | ᠠᠯᠪᠠᠨ ᠭᠡᠷ ᠪᠠᠶᠢᠭᠤᠯᠵᠤ᠂ ᠬᠤᠰᠢᠭᠤ ᠰᠢᠶᠠᠨ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠲᠤ ᠪᠠᠶᠢᠷᠢᠯᠠᠭᠤᠯᠵᠤ᠂ ᠡᠷᠬᠢᠯᠡᠭᠴᠢ ᠶᠢᠨ ᠲᠤᠰᠢᠶᠠᠯ ᠢ ᠬᠤᠰᠢᠭᠤ ᠰᠢᠶᠠᠨ ᠬᠤᠲᠠ ᠶᠢᠨ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ | ᠡᠭᠦᠷᠭᠡᠯᠡᠵᠦ᠂ ᠪᠦᠷᠢᠯᠳᠦᠬᠦᠨ ᠨᠢᠭᠡᠴᠢ ᠳᠤ ᠭᠤᠤᠯᠳᠠᠭᠤ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ | ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ | ᠠᠬᠤᠶ ᠶᠢᠨ ᠣᠷᠴᠢᠨ ᠲᠣᠭᠤᠷᠢᠨ᠂ ᠤᠰᠤᠨ ᠠᠰᠢᠭᠯᠠᠯᠲᠠ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ᠂ ᠰᠣᠶᠣᠯ ᠵᠤᠭᠠᠴᠠᠯ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠨᠤᠳᠤᠭ ᠪᠡᠯᠴᠢᠭᠡᠷ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠠᠭᠲᠠᠨ᠎ᠠ᠃ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠰᠤᠮᠤ ᠰᠢᠶᠠᠩ ᠪᠠᠯᠭᠠᠰᠤ ᠶᠢᠨ ᠵᠠᠮ ᠤᠨ ᠳᠠᠷᠤᠭ᠎ᠠ ᠶᠢᠨ | ᠠᠯᠪᠠᠨ ᠬᠡᠷ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠨᠢ ᠬᠤᠰᠢᠭᠤ ᠰᠢᠶᠠᠨ ᠬᠤᠲᠠ ᠶᠢᠨ | ᠶᠡᠷᠦᠩᠬᠡᠶ ᠵᠠᠮ ᠤᠨ ᠳᠠᠷᠤᠭ᠎ᠠ ᠶᠢᠨ ᠠᠯᠪᠠᠨ ᠬᠡᠷ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ | ᠪᠠᠶᠢᠷᠢᠯᠠᠭᠤᠯᠤᠯᠲᠠ ᠪᠠᠷ ᠯᠠᠪᠯᠠᠯᠲᠠ ᠪᠣᠯᠭᠠᠵᠤ᠂ ᠪᠣᠳᠠᠲᠠᠶ ᠪᠠᠶᠢᠭᠤᠯᠤᠮᠵᠢ ᠶᠢ ᠵᠢᠭᠠᠨ ᠲᠣᠭᠲᠠᠭᠠᠵᠤ ᠠᠯᠪᠠᠨ ᠬᠡᠷ ᠤᠨ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠭᠦᠯᠵᠦ᠂ ᠰᠤᠮᠤ ᠰᠢᠶᠠᠩ ᠪᠠᠯᠭᠠᠰᠤ ᠶᠢᠨ ᠵᠠᠰᠠᠮᠠᠯ ᠵᠠᠮ ᠤᠨ ᠬᠠᠮᠢᠶᠠᠷᠴᠤ | ᠠᠷᠠᠴᠢᠯᠠᠨ ᠬᠠᠮᠠᠭᠠᠯᠠᠬᠤ ᠪᠠᠶᠢᠭᠤᠯᠤᠮᠵᠢ ᠯᠤᠭ᠎ᠠ ᠵᠠᠬᠢᠷᠭ᠎ᠠ ᠨᠡᠶᠢᠯᠡᠭᠦᠯᠦᠨ ᠠᠵᠢᠯᠯᠠᠵᠤ ᠪᠣᠯᠤᠨ᠎ᠠ᠃ | ︵ᠬᠤᠶᠠᠷ ︶ ᠠᠵᠢᠯ ᠤᠨ ᠡᠭᠦᠷᠭᠡ ᠬᠠᠷᠢᠭᠤᠴᠠᠯᠭ᠎ᠠ | 1. ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠭᠦᠷᠭᠡ ᠬᠠᠷᠢᠭᠤᠴᠠᠯᠭ᠎ᠠ᠄ ᠠᠶᠢᠮᠠᠭ ᠤᠨ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠳᠦᠷᠢᠮ ︾ ᠤᠨ ᠤᠳᠤᠷᠢᠳᠬᠤ ᠳᠤᠭᠤᠶᠢᠯᠠᠩ ᠤᠨ | ᠠᠵᠢᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠨᠢᠭᠡᠳᠦᠯᠲᠡᠶ ᠲᠥᠯᠥᠪᠯᠡᠨ ᠬᠥᠲᠥᠯᠦᠨ ᠵᠢᠯᠣᠭᠤᠳᠬᠤ ᠶᠢ | ᠴᠢᠩᠭᠠᠷᠠᠭᠤᠯᠤᠨ᠂ ︽ᠵᠠᠮ ᠤᠨ ᠳᠠᠷᠤᠭ᠎ᠠ ᠶᠢᠨ ᠲᠦᠷᠢᠮ ︾ ᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠢ ᠢᠳᠡᠪᠬᠢᠲᠡᠶ ᠪᠠᠷ ᠵᠣᠬᠢᠴᠠᠭᠤᠯᠤᠨ ᠰᠢᠢᠳᠪᠦᠷᠢᠯᠡᠵᠦ᠂ ᠬᠤᠯᠪᠣᠭᠳᠠᠯ ᠪᠥᠬᠦᠶ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ᠂ ᠳᠡᠭᠡᠳᠦ ᠱᠠᠲᠤᠨ ᠤ ᠬᠠᠮᠢᠶ᠎ᠠ ᠪᠥᠬᠦᠶ ᠠᠵᠢᠯ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠰᠢᠭᠤ ᠰᠢᠶᠠᠨ ᠬᠤᠲᠠ ᠶᠢᠨ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠲᠦᠷᠢᠮ ︾ ᠢ ᠬᠡᠷᠡᠭᠵᠢᠭᠦᠯᠬᠦ ᠳᠤ ᠬᠢᠨᠠᠯᠲᠠ ᠲᠠᠯᠪᠢᠨ | ᠵᠢᠯᠣᠭᠤᠳᠴᠤ᠂ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ | ᠬᠡᠷᠡᠭᠲᠡᠶ᠃ | 2. ᠵᠠᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ᠄ ᠬᠤᠰᠢᠭᠤ ᠰᠢᠶᠠᠨ ᠬᠤᠲᠠ ᠶᠢᠨ ᠶᠡᠷᠦᠩᠬᠡᠶ ᠵᠠᠮ ᠤᠨ | ᠳᠠᠷᠤᠭ᠎ᠠ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ | ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠲᠡ ᠶᠢᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠵᠠᠮ ᠤᠨ ᠣᠷᠴᠢᠨ | ᠲᠣᠭᠤᠷᠢᠨ ᠢ ᠴᠡᠭᠴᠡᠯᠡᠨ ᠵᠠᠰᠠᠬᠤ᠂ ᠵᠠᠮ ᠤᠨ ᠣᠷᠴᠢᠨ ᠲᠣᠭᠤᠷᠢᠨ ᠢ ᠨᠣᠭᠤᠭᠠᠷᠠᠭᠤᠯᠤᠨ ᠭᠤᠶᠤᠵᠢᠭᠤᠯᠬᠤ᠂ | ᠵᠠᠮ ᠤᠨ ᠭᠠᠷᠤᠯᠲᠠ ᠵᠠᠮ ᠤᠨ ᠡᠷᠬᠡ ᠶᠢ ᠬᠠᠮᠠᠭᠠᠯᠠᠬᠤ ᠪᠠ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ | ᠠᠵᠢᠯ ᠢ ᠨᠢᠭᠡᠳᠦᠯᠲᠡᠶ ᠲᠥᠯᠥᠪᠯᠡᠨ ᠥᠷᠨᠢᠭᠦᠯᠵᠦ᠂ ᠴᠢᠬᠤᠯᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠵᠣᠬᠢᠶᠠᠨ ᠪᠠᠶᠢᠭᠤᠯᠤᠨ ᠰᠤᠳᠤᠯᠬᠤ ᠶᠢ ᠬᠠᠷᠢᠭᠤᠴᠠᠵᠤ᠂ ᠬᠠᠮᠢᠶᠠᠷᠴᠤ ᠬᠠᠮᠠᠭᠠᠯᠠᠬᠤ ᠠᠵᠢᠯ ᠤᠨ ᠪᠠᠶᠢᠭᠤᠯᠤᠯ | ᠲᠣᠭᠲᠠᠴᠠ ᠶᠢ ᠲᠡᠭᠦᠯᠳᠡᠷᠵᠢᠭᠦᠯᠦᠨ᠂ ᠶᠡᠷᠦᠩᠬᠡᠶ ᠵᠠᠮ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠲᠣᠭᠲᠠᠮᠠᠯ | ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ | ᠴᠢᠬᠤᠯᠠ ᠠᠵᠢᠯ ᠢ ᠰᠢᠮᠳᠠᠭᠤᠯᠤᠨ ᠠᠬᠢᠭᠤᠯᠵᠤ᠂ ᠪᠠᠯᠠ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠂ | ᠳᠣᠤᠷᠠᠳᠤ ᠱᠠᠲᠤᠨ ᠤ ᠵᠠᠮ ᠤᠨ ᠳᠠᠷᠤᠭ᠎ᠠ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠬᠦ ᠶᠢ ᠰᠢᠮᠳᠠᠭᠤᠯᠤᠨ᠎ᠠ᠃ ᠶᠡᠷᠦᠩᠬᠡᠶ ᠵᠠᠮ ᠤᠨ ᠳᠠᠷᠤᠭ᠎ᠠ ᠶᠢᠨ | ᠲᠤᠰᠢᠶᠠᠭᠰᠠᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ | 3. ᠵᠠᠮ ᠤᠨ ᠳᠠᠷᠤᠭ᠎ᠠ ᠶᠢᠨ ᠠᠯᠪᠠᠨ ᠬᠡᠷ ᠤᠨ ᠡᠭᠦᠷᠭᠡ ᠬᠠᠷᠢᠭᠤᠴᠠᠯᠭ᠎ᠠ᠄ ᠵᠠᠮ ᠤᠨ ᠳᠠᠷᠤᠭ᠎ᠠ ᠶᠢ ᠬᠠᠪᠰᠤᠷᠤᠨ | ᠡᠳᠦᠷ ᠲᠤᠲᠤᠮ ᠤᠨ ᠬᠡᠷᠡᠭ ᠶᠠᠪᠤᠳᠠᠯ ᠢ ᠰᠢᠢᠳᠪᠦᠷᠢᠯᠡᠬᠦ ᠶᠢ ᠬᠠᠷᠢᠭᠤᠴᠠᠵᠤ᠂ ᠵᠠᠮ ᠤᠨ ᠳᠠᠷᠤᠭ᠎ᠠ ᠶᠢᠨ ᠲᠦᠷᠢᠮ ᠤᠨ | ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ ︔ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠵᠢᠴᠢ ᠵᠠᠮ ᠳᠠᠭᠠᠤ ᠶᠢᠨ ᠪᠥᠲᠥᠭᠡᠨ ᠪᠠᠶᠢᠭᠤᠯᠤᠯᠲᠠ᠂ | ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠲᠡ ᠵᠢᠴᠢ ᠪᠠᠴᠢᠮ ᠪᠠᠶᠢᠳᠠᠯ ᠢ ᠠᠷᠭᠠᠴᠠᠭᠠᠬᠤ ᠬᠡᠷᠡᠭ ᠢ ᠵᠣᠬᠢᠴᠠᠭᠤᠯᠤᠨ | ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔ ᠲᠣᠭᠲᠠᠮᠠᠯ ᠬᠤᠭᠤᠴᠠᠭ᠎ᠠ ᠲᠠᠢ ᠪᠠᠷ ᠪᠦᠷᠢᠯᠳᠦᠬᠦᠨ | ᠨᠢᠭᠡᠴᠢ ᠶᠢ ᠵᠣᠬᠢᠶᠠᠨ ᠪᠠᠶᠢᠭᠤᠯᠤᠨ ᠬᠠᠮᠲᠤᠷᠠᠭᠰᠠᠨ ᠬᠤᠷᠠᠯ ᠬᠤᠷᠠᠯᠳᠤᠭᠤᠯᠬᠤ ᠶᠢ ᠬᠠᠷᠢᠭᠤᠴᠠᠵᠤ᠂ ᠬᠠᠮᠢᠶ᠎ᠠ ᠪᠥᠬᠦᠶ | ᠠᠵᠢᠯ ᠢ ᠰᠤᠳᠤᠯᠤᠨ ᠠᠬᠢᠭᠤᠯᠵᠤ᠂ ᠶᠡᠷᠦᠩᠬᠡᠶ ᠵᠠᠮ ᠤᠨ ᠳᠠᠷᠤᠭ᠎ᠠ᠂ ᠵᠠᠮ ᠤᠨ ᠳᠠᠷᠤᠭ᠎ᠠ ᠶᠢᠨ ᠬᠠᠮᠲᠤᠷᠠᠭᠰᠠᠨ | ᠬᠤᠷᠠᠯ ᠠᠴᠠ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠨ᠎ᠠ︔ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ | ᠠᠵᠢᠯ ᠢ ᠵᠢᠯᠣᠭᠤᠳᠤᠨ ᠥᠷᠨᠢᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠢᠶᠠᠨ ᠤ ᠵᠠᠮ᠂ | ᠰᠢᠶᠠᠩ ᠤᠨ ᠵᠠᠮ ᠪᠠ ᠲᠣᠰᠬᠤᠨ ᠤ ᠵᠠᠮ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠲᠥᠷᠥᠯ | ᠵᠦᠢᠯ ᠤᠨ ᠬᠥᠮᠥᠷᠭᠡ ᠶᠢ ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠡᠪᠴᠢᠶᠡᠨ ᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠵᠠᠰᠠᠮᠠᠯ ᠵᠠᠮ ᠤᠨ ᠵᠠᠮ ᠤᠨ ᠭᠠᠷᠤᠯᠲᠠ ᠵᠠᠮ ᠤᠨ ᠡᠷᠬᠡ ᠶᠢ ᠬᠠᠮᠠᠭᠠᠯᠠᠬᠤ | ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠵᠢᠯ ᠢ | ᠰᠠᠶᠢᠲᠤᠷ ᠬᠢᠨ᠎ᠠ︔ ᠵᠠᠮ ᠤᠨ ᠳᠠᠷᠤᠭ᠎ᠠ ᠶᠢᠨ ᠲᠦᠷᠢᠮ ᠤᠨ ᠬᠠᠮᠢᠶ᠎ᠠ ᠪᠥᠬᠦᠶ ᠲᠦᠷᠢᠮ ᠪᠠ ᠰᠢᠯᠭᠠᠨ ᠬᠢᠨᠠᠬᠤ | ᠠᠷᠭ᠎ᠠ ᠶᠢ ᠲᠤᠭᠤᠷᠪᠢᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ︽ᠪᠥᠲᠥᠭᠡᠨ | ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ᠂ ᠡᠵᠡᠩᠨᠡᠬᠦ ︾ ᠪᠠᠯᠠ ᠮᠥᠩᠭᠦ ᠴᠤᠭᠯᠠᠭᠤᠯᠬᠤ ᠶᠢ | ᠨᠠᠶᠢᠳᠠᠪᠤᠷᠢᠵᠢᠭᠤᠯᠤᠨ᠎ᠠ᠃ ᠵᠠᠮ ᠤᠨ ᠳᠠᠷᠤᠭ᠎ᠠ ᠶᠢᠨ ᠲᠤᠰᠢᠶᠠᠭᠰᠠᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ | ᠬᠡᠷᠡᠭᠲᠡᠶ᠃ | ᠳᠥᠷᠪᠡ᠂ ᠭᠤᠤᠯ ᠡᠭᠦᠷᠭᠡ | ︵ᠨᠢᠭᠡ ︶ ᠬᠥᠳᠡᠭᠡ ᠲᠣᠰᠬᠤᠨ ᠤ ᠵᠠᠮ ᠤᠨ ᠲᠤᠰᠬᠠᠶ ︵ᠬᠠᠪᠰᠤᠷᠭᠠᠭᠰᠠᠨ ︶ ᠬᠠᠮᠢᠶᠠᠷᠤᠭᠴᠢ ᠶᠢᠨ | ᠡᠩᠨᠡᠭᠡ ᠶᠢ ᠵᠣᠬᠢᠶᠠᠨ ᠪᠠᠶᠢᠭᠤᠯᠤᠨ᠎ᠠ᠃ ᠬᠤᠰᠢᠭᠤ ᠰᠢᠶᠠᠨ ᠬᠤᠲᠠ ᠶᠢᠨ ᠶᠡᠷᠦᠩᠬᠡᠶ ᠵᠠᠮ ᠤᠨ ᠳᠠᠷᠤᠭ᠎ᠠ ᠶᠢᠨ ᠠᠯᠪᠠᠨ | ᠬᠡᠷ ᠨᠢ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠯ᠎ᠡ ᠰᠤᠮᠤ ᠰᠢᠶᠠᠩ ᠪᠠᠯᠭᠠᠰᠤ ᠪᠠ ᠪᠠᠶᠢᠭᠤᠯᠤᠯᠳᠤ | ᠲᠣᠰᠬᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠲᠠᠰ᠂ ᠲᠤᠭ᠎ᠠ ᠬᠡᠮᠵᠢᠶ᠎ᠡ᠂ ᠵᠠᠮ ᠤᠨ ᠣᠷᠳᠣ ᠪᠠ | ᠡᠭᠦᠷᠭᠡ ᠶᠢᠨ ᠬᠦᠨᠳᠦ ᠬᠥᠩᠭᠡᠨ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠡᠯ᠎ᠡ ᠰᠤᠮᠤ ᠰᠢᠶᠠᠩ ᠪᠠᠯᠭᠠᠰᠤ ᠶᠢ | ᠵᠣᠬᠢᠶᠠᠨ ᠪᠠᠶᠢᠭᠤᠯᠵᠤ ᠬᠥᠳᠡᠭᠡ ᠲᠣᠰᠬᠤᠨ ᠤ ᠵᠠᠰᠠᠮᠠᠯ ᠵᠠᠮ ᠤᠨ ᠲᠤᠰᠬᠠᠶ ︵ᠬᠠᠪᠰᠤᠷᠭᠠᠭᠰᠠᠨ ︶ | ᠬᠠᠮᠢᠶᠠᠷᠤᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠡᠯ᠎ᠡ ᠬᠥᠳᠡᠭᠡ ᠲᠣᠰᠬᠤᠨ ᠤ ᠵᠠᠮ ᠤᠨ ᠲᠤᠰᠬᠠᠶ ︵ | ᠬᠠᠪᠰᠤᠷᠭᠠᠭᠰᠠᠨ ︶ ᠬᠠᠮᠢᠶᠠᠷᠤᠭᠴᠢ ᠡᠯ᠎ᠡ ᠱᠠᠲᠤᠨ ᠤ ᠵᠠᠮ ᠤᠨ ᠳᠠᠷᠤᠭ᠎ᠠ ᠪᠠ ᠵᠠᠮ ᠤᠨ ᠳᠠᠷᠤᠭ᠎ᠠ ᠶᠢᠨ ᠠᠯᠪᠠᠨ | ᠬᠡᠷ ᠤᠨ ᠵᠢᠯᠣᠭᠤᠳᠣᠯᠭ᠎ᠠ ᠳᠣᠤᠷ᠎ᠠ᠂ ᠰᠢᠶᠠᠩ᠂ ᠲᠣᠰᠬᠤᠨ ᠤ ᠵᠠᠰᠠᠮᠠᠯ ᠵᠠᠮ ᠤᠨ ᠡᠳᠦᠷ ᠲᠤᠲᠤᠮ ᠤᠨ ᠵᠠᠮ ᠤᠨ | ᠪᠠᠶᠢᠳᠠᠯ ᠢ ᠲᠣᠭᠤᠷᠢᠨ ᠪᠠᠶᠢᠴᠠᠭᠠᠬᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ᠂ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠵᠢᠴᠢ ᠭᠠᠮᠰᠢᠭ ᠲᠤ ᠰᠦᠢᠳᠴᠤ ᠲᠠᠰᠤᠷᠠᠭᠰᠠᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠶᠢ ᠪᠣᠳᠠᠲᠠᠶ | ᠬᠠᠷᠢᠭᠤᠴᠠᠵᠤ᠂ ᠵᠠᠮ ᠤᠨ ᠭᠠᠷᠤᠯᠲᠠ ᠵᠠᠮ ᠤᠨ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ | ᠬᠤᠷᠢᠭᠯᠠᠬᠤ ᠶᠢᠨ ᠬᠠᠮᠲᠤ ᠮᠡᠳᠡᠭᠦᠯᠬᠦ ᠬᠡᠷᠡᠭᠲᠡᠶ᠃ | ︵ᠬᠤᠶᠠᠷ ︶ ᠫᠠᠶᠢᠰᠠ ᠪᠤᠰᠬᠠᠨ ᠢᠯᠡ ᠨᠡᠶᠢᠲᠡᠯᠡᠵᠦ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠭᠤᠤᠯ ᠪᠣᠯᠬᠤ ᠵᠠᠰᠠᠮᠠᠯ ᠵᠠᠮ ᠤᠨ ᠵᠠᠩᠭᠢᠯᠠᠭ᠎ᠠ ᠶᠢᠨ ᠴᠡᠭ ᠤᠨ ᠪᠠᠶᠢᠷᠢᠨ ᠳᠤ | ᠵᠠᠮ ᠤᠨ ᠳᠠᠷᠤᠭ᠎ᠠ ᠶᠢᠨ ᠢᠯᠡ ᠨᠡᠶᠢᠲᠡᠯᠡᠬᠦ ᠫᠠᠶᠢᠰᠠ ᠭᠠᠷᠭᠠᠵᠤ᠂ ᠵᠠᠮ ᠤᠨ ᠨᠡᠷᠡᠶᠢᠳᠦᠯ᠂ ᠵᠠᠮ ᠤᠨ ᠬᠡᠪᠴᠢᠶ᠎ᠡ | ᠪᠠᠷᠢᠮᠵᠢᠶ᠎ᠠ᠂ ᠵᠠᠮ ᠤᠨ ᠳᠠᠷᠤᠭ᠎ᠠ ᠶᠢᠨ ᠣᠪᠣᠭ ᠨᠡᠷ᠎ᠡ᠂ ᠵᠠᠰᠠᠮᠠᠯ ᠵᠠᠮ ᠤᠨ ᠲᠦᠢᠮᠣ ᠪᠠᠶᠢᠳᠠᠯ᠂ ᠬᠠᠮᠢᠶᠠᠷᠴᠤ ᠠᠷᠠᠴᠢᠯᠠᠨ | ᠬᠠᠮᠠᠭᠠᠯᠠᠬᠤ ᠬᠠᠷᠠᠯᠲᠠ᠂ ᠵᠠᠮ ᠤᠨ ᠪᠠᠶᠢᠳᠠᠯ ᠤᠨ ᠠᠰᠠᠭᠤᠳᠠᠯ ᠢ ᠬᠠᠷᠢᠭᠤ ᠲᠤᠰᠬᠠᠬᠤ ᠬᠠᠯᠠᠮᠰᠢᠯ ᠤᠲᠠᠰᠤ ᠵᠢᠴᠢ | ᠬᠢᠨᠠᠯᠲᠠ ᠲᠠᠯᠪᠢᠬᠤ ᠳ᠋ᠢᠶᠠᠩᠬᠤᠸᠠ ᠵᠡᠷᠭᠡ ᠠᠭᠤᠯᠭ᠎ᠠ ᠶᠢ ᠨᠡᠶᠢᠭᠡᠮ ᠳᠤ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ | ᠲᠠᠯᠪᠢᠬᠤ ᠶᠢ ᠥᠷᠭᠡᠨ ᠢᠶᠠᠷ ᠬᠦᠯᠢᠶᠡᠬᠦ ᠬᠡᠷᠡᠭᠲᠡᠶ᠃ ᠡᠭᠦᠨ ᠤ ᠬᠠᠮᠲᠤ᠂ ᠮᠡᠳᠡᠭᠡ ᠵᠠᠩᠭᠢ ᠴᠤᠭᠯᠠᠭᠤᠯᠬᠤ ᠠᠷᠭ᠎ᠠ ᠵᠠᠮ᠂ | ᠠᠰᠠᠭᠤᠳᠠᠯ ᠢ ᠰᠢᠢᠳᠪᠦᠷᠢᠯᠡᠬᠦ ᠲᠣᠭᠲᠠᠴᠠ ᠪᠠ ᠬᠠᠷᠢᠭᠤ ᠲᠤᠰᠬᠠᠬᠤ ᠲᠣᠭᠲᠠᠴᠠ ᠵᠢᠴᠢ ᠰᠢᠢᠳᠪᠦᠷᠢᠯᠡᠬᠦ | ᠬᠠᠷᠢᠭᠤᠴᠠᠯᠭ᠎ᠠ ᠶᠢᠨ ᠭᠤᠤᠯ ᠴᠣᠭᠴᠠ ᠪᠠ ᠲᠥᠰᠦᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠱᠠᠲᠤᠨ ᠤ | ᠵᠠᠮ ᠤᠨ ᠳᠠᠷᠤᠭ᠎ᠠ ᠨᠠᠷ ᠭᠤᠤᠯᠳᠠᠯᠭ᠎ᠠ ᠲᠠᠢ ᠴᠡᠭᠴᠡᠯᠡᠨ ᠵᠠᠰᠠᠬᠤ ᠲᠥᠷᠥᠯ ᠵᠦᠢᠯ ᠢ ᠮᠥᠷᠳᠡᠨ ᠨᠠᠶᠢᠳᠠᠪᠤᠷᠢᠵᠢᠭᠤᠯᠵᠤ | ᠰᠢᠮᠳᠠᠭᠤᠯᠤᠨ ᠭᠦᠢᠴᠡᠳᠭᠡᠨ᠎ᠡ᠃ | ︵ᠭᠤᠷᠪᠠ ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠡᠮᠦᠨᠡᠬᠢ ᠬᠤᠭᠤᠴᠠᠭ᠎ᠠ᠂ ᠠᠬᠢᠴᠠ᠂ ᠪᠠᠯᠠ ᠮᠥᠩᠭᠦ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ | ᠠᠵᠢᠯ ᠢ ᠰᠠᠶᠢᠲᠤᠷ ᠬᠢᠵᠦ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠠᠮᠤᠷ | ᠲᠦᠪᠰᠢᠨ ᠤ ᠪᠠᠲᠤᠯᠠᠭ᠎ᠠ ᠶᠢ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠭᠠᠵᠠᠷ ᠬᠡᠷᠡᠭᠯᠡᠬᠦ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠪᠠ ᠣᠶ | ᠰᠢᠭᠤᠶ ᠨᠤᠳᠤᠭ ᠪᠡᠯᠴᠢᠭᠡᠷ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠠᠷᠳᠠᠮ ᠢ | ᠭᠦᠢᠴᠡᠳᠭᠡᠬᠦ ᠳᠡᠭᠡᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠪᠥᠲᠥᠭᠡᠨ ᠪᠠᠶᠢᠭᠤᠯᠤᠯᠲᠠ ᠶᠢᠨ ︽ᠭᠤᠷᠪᠠ ᠶᠢ ᠵᠡᠷᠭᠡᠪᠡᠷ ᠬᠢᠬᠦ ︾᠂ ︽ᠳᠣᠯᠤᠭ᠎ᠠ ᠶᠢ ᠢᠯᠡ ᠪᠣᠯᠭᠠᠬᠤ | ︾ ᠲᠦᠷᠢᠮ ᠢ ᠨᠠᠶᠢᠳᠠᠪᠤᠷᠢᠵᠢᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠠ | ᠠᠮᠤᠷ ᠲᠦᠪᠰᠢᠨ ᠤ ᠬᠢᠷᠢ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ | ︵ᠳᠥᠷᠪᠡ ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ | ᠴᠢᠩᠭᠠᠳᠬᠠᠨ᠎ᠠ᠃ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ᠂ ᠭᠠᠴᠠᠭ᠎ᠠ ᠲᠣᠰᠬᠤᠨ ᠤ ᠵᠥᠪᠯᠡᠯ ᠪᠣᠯᠤᠨ ᠮᠠᠯᠴᠢᠨ ᠲᠠᠷᠢᠶᠠᠴᠢᠨ ᠤ ᠦᠢᠯᠡᠳᠦᠯ ᠢ ᠭᠦᠢᠴᠡᠳ | ᠪᠠᠳᠠᠷᠠᠭᠤᠯᠤᠨ᠂ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠡᠯ᠎ᠡ ᠱᠠᠲᠤᠨ ᠤ ᠠᠷᠠᠴᠢᠯᠠᠨ | ᠬᠠᠮᠠᠭᠠᠯᠠᠬᠤ ᠪᠠᠶᠢᠭᠤᠯᠤᠮᠵᠢ᠂ ᠠᠵᠢᠯᠲᠠᠨ ᠪᠣᠯᠤᠨ ᠵᠠᠷᠤᠳᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠷᠠᠴᠢᠯᠠᠨ | ᠬᠠᠮᠠᠭᠠᠯᠠᠬᠤ ᠠᠵᠢᠯ ᠤᠨ ᠭᠤᠤᠯ ᠰᠢᠯᠭᠠᠨ ᠬᠢᠨᠠᠬᠤ ᠭᠦᠢᠴᠡᠳᠭᠡᠯ ᠲᠤᠭ᠎ᠠ ᠪᠣᠯᠭᠠᠵᠤ᠂ ︽ᠵᠠᠮ ᠪᠠᠶᠢᠪᠠᠯ ᠵᠠᠪᠠᠯ | ᠠᠷᠠᠴᠢᠯᠠᠨ ᠬᠠᠮᠠᠭᠠᠯᠠᠵᠦ᠂ ᠠᠷᠠᠴᠢᠯᠠᠨ ᠬᠠᠮᠠᠭᠠᠯᠠᠪᠠᠯ ᠵᠠᠪᠠᠯ ᠪᠣᠳᠠᠲᠠᠶᠢᠵᠢᠭᠤᠯᠬᠤ ︾ ᠶᠢ ᠪᠡᠶᠡᠯᠡᠭᠦᠯᠬᠦ ᠬᠡᠷᠡᠭᠲᠡᠶ᠃ | ᠵᠠᠰᠠᠮᠠᠯ ᠵᠠᠮ ᠤᠨ ᠮᠡᠷᠭᠡᠵᠢᠯ ᠤᠨ ᠪᠠᠶᠢᠳᠠᠯ ᠢ ᠦᠨᠡᠯᠡᠨ ᠲᠣᠭᠲᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠬᠠᠮᠠᠭᠠᠯᠠᠬᠤ ᠳᠤ ᠰᠢᠢᠳᠪᠦᠷᠢᠳᠦ ᠪᠤᠳᠤᠯᠭ᠎ᠠ ᠲᠣᠭᠲᠠᠭᠠᠬᠤ | ᠦᠨᠳᠦᠰᠦᠯᠡᠯ ᠬᠠᠩᠭᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠣᠨᠴᠠᠯᠢᠭ ᠲᠤ | ᠨᠡᠶᠢᠴᠡᠭᠰᠡᠨ ᠠᠷᠠᠴᠢᠯᠠᠨ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃ | ᠠᠯᠪᠠ ᠬᠠᠭᠠᠭᠰᠠᠨ ᠣᠨ ᠵᠢᠯ ᠨᠢ ᠨᠡᠯᠢᠶᠡᠳ ᠣᠷᠳᠣ᠂ ᠵᠠᠮ ᠤᠨ ᠪᠠᠶᠢᠳᠠᠯ ᠨᠢ ᠨᠡᠯᠢᠶᠡᠳ ᠠᠨᠠᠶ᠂ ᠵᠠᠮ ᠤᠨ | ᠨᠢᠭᠤᠷ ᠤᠨ ᠶᠠᠰᠤ ᠴᠢᠨᠠᠷ ᠢ ᠦᠨᠡᠯᠡᠨ ᠲᠣᠭᠲᠠᠭᠠᠭᠰᠠᠨ ᠵᠢᠭᠠᠯᠲᠠ ᠲᠤᠭ᠎ᠠ ᠪᠠᠷ ᠨᠡᠯᠢᠶᠡᠳ ᠳᠣᠤᠷ᠎ᠠ ᠬᠥᠳᠡᠭᠡ | ᠲᠣᠰᠬᠤᠨ ᠤ ᠵᠠᠰᠠᠮᠠᠯ ᠵᠠᠮ ᠳᠤ ᠰᠡᠯᠪᠢᠨ ᠵᠠᠰᠠᠬᠤ ᠴᠢᠨᠠᠷᠲᠠᠶ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠥᠷᠨᠢᠭᠦᠯᠬᠦ ᠶᠢ | ᠴᠢᠩᠭᠠᠳᠬᠠᠵᠤ᠂ ᠵᠢᠯ ᠳᠤᠮᠳᠠᠴᠢ ᠶᠢᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠬᠠᠷᠢᠴᠠᠯ ᠢ 5% ᠠᠴᠠ ᠳᠣᠤᠷ᠎ᠠ | ᠪᠠᠶᠢᠯᠭᠠᠵᠤ ᠪᠣᠯᠬᠤ ᠥᠬᠡᠶ ︔ ᠠᠰᠢᠭᠯᠠᠯᠲᠠ ᠳᠤ ᠪᠠᠶᠢᠭ᠎ᠠ ᠬᠥᠭᠦᠷᠭᠡ ᠶᠢ ᠮᠥᠷᠳᠡᠵᠦ ᠬᠢᠨᠠᠨ ᠬᠡᠮᠵᠢᠬᠦ ᠶᠢ | ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠨᠤᠷᠠᠬᠤ ᠠᠶᠤᠯᠲᠠᠶ ᠬᠥᠭᠦᠷᠭᠡ ᠶᠢ ᠴᠠᠭ | ᠲᠤᠬᠠᠶ ᠳᠤᠨᠢ ᠥᠭᠡᠷᠡᠴᠢᠯᠡᠬᠦ ᠬᠡᠷᠡᠭᠲᠡᠶ᠃ | ︵ᠲᠠᠪᠤ ︶ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠮ ᠤᠨ ᠶᠠᠪᠤᠳᠠᠯ ᠤᠨ ᠬᠠᠮᠢᠶᠠᠷᠤᠯᠲᠠ ᠶᠢ | ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠡᠵᠡᠮᠳᠡᠬᠦ ᠣᠷᠣᠨ ᠤ | ᠬᠡᠪᠴᠢᠶ᠎ᠡ ᠶᠢ ᠬᠠᠤᠯᠢ ᠶᠣᠰᠣᠭᠠᠷ ᠴᠢᠩᠭ᠎ᠠ ᠬᠤᠪᠢᠶᠠᠷᠢᠯᠠᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢ ᠴᠢᠩᠭᠠᠳᠬᠠᠨ᠂ ᠬᠤᠰᠢᠭᠤ ᠰᠢᠶᠠᠨ | ᠬᠤᠲᠠ ᠶᠢᠨ ᠨᠢᠭᠡᠳᠦᠯᠲᠡᠶ ᠬᠠᠤᠯᠢ ᠬᠡᠷᠡᠭᠵᠢᠭᠦᠯᠬᠦ᠂ ᠰᠤᠮᠤ ᠰᠢᠶᠠᠩ ᠪᠠᠯᠭᠠᠰᠤ ᠪᠣᠯᠤᠨ ᠭᠠᠴᠠᠭ᠎ᠠ ᠲᠣᠰᠬᠤᠨ ᠤ | ᠬᠠᠮᠵᠢᠯᠴᠠᠨ ᠬᠠᠤᠯᠢ ᠬᠡᠷᠡᠭᠵᠢᠭᠦᠯᠬᠦ ᠠᠵᠢᠯ ᠤᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ ᠤᠨ ᠭᠠᠷᠤᠯᠲᠠ ᠵᠠᠮ ᠤᠨ ᠡᠷᠬᠡ ᠶᠢ ᠬᠠᠤᠯᠢ ᠶᠣᠰᠣᠭᠠᠷ ᠬᠠᠮᠠᠭᠠᠯᠠᠨ᠎ᠠ᠃ | ᠵᠠᠮ ᠤᠨ ᠴᠠᠭᠳᠠᠭ᠎ᠠ ᠶᠢᠨ ᠬᠠᠮᠲᠤᠷᠠᠨ ᠬᠠᠤᠯᠢ ᠬᠡᠷᠡᠭᠵᠢᠭᠦᠯᠵᠦ ᠪᠠᠶᠢᠭᠠᠳ ᠬᠡᠮᠵᠢᠶ᠎ᠡ ᠠᠴᠠ ᠬᠡᠲᠦᠷᠡᠲᠡᠯ᠎ᠡ | ᠠᠴᠢᠶᠠᠯᠠᠬᠤ ᠶᠢ ᠵᠠᠰᠠᠬᠤ ᠶᠢ ᠠᠬᠢᠭᠤᠯᠵᠤ᠂ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ | ᠲᠡᠭᠡᠭᠡᠪᠦᠷᠢ ᠵᠢᠴᠢ ᠪᠤᠰᠤᠳ ᠡᠯ᠎ᠡ ᠲᠥᠷᠥᠯ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠡᠯᠡᠳᠬᠡᠮᠵᠢ ᠶᠢ | ᠡᠪᠳᠡᠭᠰᠡᠨ᠂ ᠡᠪᠳᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠎ᠠ᠃ | ︵ᠵᠢᠷᠭᠤᠭ᠎ᠠ ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢ | ᠴᠢᠩᠭᠠᠳᠬᠠᠨ᠎ᠠ᠃ ︽ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ᠂ ᠬᠤᠲᠠ ᠪᠠᠷ ᠬᠥᠳᠡᠭᠡ ᠲᠣᠰᠬᠤᠨ ᠢ | ᠳᠠᠶᠢᠴᠢᠯᠠᠬᠤ᠂ ᠬᠤᠲᠠ ᠬᠥᠳᠡᠭᠡ ᠶᠢ ᠨᠢᠭᠡ ᠴᠣᠠᠠᠴᠠᠵᠢᠭᠤᠯᠬᠤ᠂ ᠠᠶᠠᠨᠴᠢᠳ ᠪᠠ ᠪᠠᠷᠠᠭ᠎ᠠ ᠶᠢ ᠵᠡᠷᠭᠡᠪᠡᠷ ᠬᠥᠭᠵᠢᠭᠦᠯᠬᠦ | ᠂ ᠲᠡᠭᠡᠭᠡᠪᠦᠷᠢ ᠪᠠ ᠰᠢᠤᠳᠠᠨ ᠢ ᠤᠶᠠᠯᠳᠤᠭᠤᠯᠬᠤ ︾ ᠵᠠᠷᠴᠢᠮ ᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠲᠦᠷᠭᠡᠳᠬᠡᠨ ᠲᠡᠭᠦᠯᠳᠡᠷᠵᠢᠭᠦᠯᠦᠨ᠎ᠡ᠃ | ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠨᠢᠭᠡ ᠴᠣᠠᠠᠴᠠᠵᠢᠭᠤᠯᠬᠤ ᠪᠥᠲᠥᠭᠡᠨ ᠪᠠᠶᠢᠭᠤᠯᠤᠯᠲᠠ ᠶᠢ | ᠢᠳᠡᠪᠬᠢᠲᠡᠶ ᠪᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ | ᠱᠤᠭᠤᠮ ᠤᠨ ᠨᠡᠪᠲᠡᠷᠡᠬᠦ ᠥᠷᠭᠡᠴᠡ ᠪᠠ ᠭᠦᠨᠴᠡ ᠶᠢ ᠦᠷᠭᠦᠯᠵᠢᠯᠡᠨ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ | ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠨᠡᠶᠢᠲᠡ ᠶᠢᠨ ᠵᠠᠮ ᠬᠠᠷᠢᠯᠴᠠᠭ᠎ᠠ ᠶᠢᠨ | ᠥᠭᠡᠷᠡᠴᠢᠯᠡᠯᠲᠡ ᠶᠢ ᠲᠦᠷᠭᠡᠳᠬᠡᠨ᠂ ᠪᠠᠷᠠᠭᠠᠨ ᠤ ᠭᠦᠢᠯᠭᠡᠭᠡᠨ ᠤ ᠲᠣᠤᠷ ᠠᠶᠠᠨᠴᠢᠨ ᠪᠠ ᠪᠠᠷᠠᠭ᠎ᠠ ᠰᠢᠦᠳᠠᠨ ᠤ | ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠠᠶᠠᠨᠴᠢᠨ ᠪᠠ ᠪᠠᠷᠠᠭ᠎ᠠ ᠰᠢᠦᠳᠠᠨ ᠤ ᠬᠠᠮᠲᠤᠷᠠᠯᠴᠠᠭᠠᠨ ᠤ | ᠱᠤᠭᠤᠮ ᠢ ᠨᠡᠪᠲᠡᠷᠡᠭᠦᠯᠵᠦ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ | ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ︵ᠳᠣᠯᠤᠭ᠎ᠠ ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ ᠤᠨ ᠬᠡᠪᠴᠢᠶᠡᠨ ᠤ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠢ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ︾ ᠤ ᠪᠥᠲᠥᠭᠡᠨ ᠪᠠᠶᠢᠭᠤᠯᠤᠯᠲᠠ ᠲᠠᠢ | ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ ᠤᠨ ᠬᠡᠪᠴᠢᠶᠡᠨ ᠤ ᠣᠷᠴᠢᠨ | ᠲᠣᠭᠤᠷᠢᠨ ᠢ ᠶᠡᠬᠡᠪᠡᠷ ᠴᠡᠭᠴᠡᠯᠡᠨ ᠵᠠᠰᠠᠵᠤ᠂ ᠨᠣᠭᠤᠭᠠᠷᠠᠭᠤᠯᠵᠤ ᠭᠤᠶᠤᠵᠢᠭᠤᠯᠬᠤ ᠶᠢ ᠴᠢᠩᠭᠠᠳᠬᠠᠨ᠂ ᠵᠠᠮ ᠤᠨ | ᠬᠡᠪᠴᠢᠶᠡᠨ ᠳᠠᠬᠢ ᠡᠪᠡᠰᠦᠨ ᠣᠪᠣᠭ᠎ᠠ᠂ ᠪᠠᠭᠠᠰᠤᠨ ᠣᠪᠣᠭ᠎ᠠ᠂ ᠬᠤᠭ ᠨᠣᠪᠰᠢ ᠶᠢᠨ ᠣᠪᠣᠭ᠎ᠠ ᠵᠡᠷᠭᠡ ᠡᠯᠳᠡᠪ ᠪᠣᠳᠠᠰ ᠢ | ᠪᠥᠬᠦ ᠲᠠᠯ᠎ᠠ ᠪᠠᠷ ᠴᠡᠪᠡᠷᠯᠡᠵᠦ᠂ ᠵᠠᠮ ᠤᠨ ᠨᠢᠭᠤᠷ ᠢ ᠵᠢᠯ ᠲᠤᠷᠰᠢ ᠴᠡᠪᠡᠷ ᠲᠡᠭᠰᠢ ᠪᠠᠶᠢᠯᠭᠠᠵᠤ᠂ ᠬᠠᠵᠠᠭᠤ ᠶᠢᠨ | ᠭᠤᠤ ᠶᠢᠨ ᠤᠰᠤ ᠵᠠᠯᠠᠬᠤ ᠶᠢ ᠰᠠᠭᠠᠳ ᠥᠬᠡᠶ ᠨᠡᠪᠲᠡᠷᠡᠭᠦᠯᠬᠦ ᠶᠢ ᠪᠠᠲᠤᠯᠠᠬᠤ ᠬᠡᠷᠡᠭᠲᠡᠶ᠃ ᠵᠠᠮ ᠳᠠᠭᠠᠤ ᠶᠢᠨ ᠵᠠᠰᠠᠮᠠᠯ | ᠵᠠᠮ ᠤᠨ ᠬᠡᠷᠡᠭᠯᠡᠬᠦ ᠭᠠᠵᠠᠷ ᠤᠨ ᠬᠡᠪᠴᠢᠶ᠎ᠡ ᠵᠢᠴᠢ ᠪᠠᠷᠢᠯᠭ᠎ᠠ ᠶᠢᠨ ᠡᠵᠡᠮᠳᠡᠯ ᠤᠨ ᠣᠷᠣᠨ ᠤ ᠳᠣᠲᠣᠷᠠᠬᠢ ᠡᠯ᠎ᠡ | ᠲᠥᠷᠥᠯ ᠤᠨ ᠪᠠᠷᠢᠯᠭ᠎ᠠ ᠶᠢᠨ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠶᠡᠷᠦᠩᠬᠡᠶᠢᠯᠡᠨ ᠴᠡᠭᠴᠡᠯᠡᠨ | ᠵᠠᠰᠠᠵᠤ᠂ ᠵᠠᠰᠠᠮᠠᠯ ᠵᠠᠮ ᠤᠨ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠬᠡᠷᠡᠭᠲᠡᠶ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ | ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠳᠠᠷᠤᠭ᠎ᠠ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ | ᠦᠨᠡᠨᠬᠦ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠠᠵᠢᠯ ᠤᠨ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ | ᠬᠡᠷᠡᠭᠲᠡᠶ᠃ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠠᠵᠢᠯ ᠤᠨ ᠵᠢᠯᠣᠭᠤᠳᠣᠯᠭ᠎ᠠ ᠪᠠ | ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠪᠠᠨ ᠴᠢᠩᠭᠠᠷᠠᠭᠤᠯᠤᠨ᠂ ᠠᠵᠢᠯ ᠤᠨ ᠨᠡᠶᠢᠯᠡᠮᠡᠯ | ᠬᠦᠴᠦᠨ ᠢ ᠪᠣᠶ ᠪᠣᠯᠭᠠᠵᠤ᠂ ᠵᠠᠮ ᠤᠨ ᠳᠠᠷᠤᠭ᠎ᠠ ᠶᠢᠨ ᠲᠦᠷᠢᠮ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠶᠢᠮᠠᠭ ᠬᠤᠰᠢᠭᠤ | ᠬᠤᠶᠠᠷ ᠱᠠᠲᠤᠨ ᠤ ᠡᠳ᠋ ᠤᠨ ᠵᠠᠰᠠᠭ ᠨᠢ ᠠᠳᠠᠯᠢ ᠪᠤᠰᠤ ᠴᠠᠭ ᠦᠶ᠎ᠡ ᠶᠢᠨ ᠬᠥᠭᠵᠢᠯᠲᠡ ᠶᠢᠨ ᠬᠠᠷᠠᠯᠲᠠ ᠶᠢ | ᠦᠨᠳᠦᠰᠦᠯᠡᠨ ᠵᠣᠬᠢᠬᠤ ᠬᠡᠮᠵᠢᠶᠡᠨ ᠤ ᠪᠠᠯᠠ ᠮᠥᠩᠭᠦ ᠶᠢᠨ ᠳᠡᠮᠵᠢᠯᠭᠡ ᠦᠵᠡᠭᠦᠯᠵᠦ ᠪᠣᠯᠤᠨ᠎ᠠ᠃ | ︵ᠬᠤᠶᠠᠷ ︶ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠣᠳᠠᠲᠠᠶ ᠲᠠᠢ ᠪᠠᠨ ᠤᠶᠠᠯᠳᠤᠭᠤᠯᠤᠨ᠂ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠮᠡᠷᠭᠡᠵᠢᠯ ᠤᠨ ᠦᠢᠯᠡᠴᠢᠯᠡᠭᠡᠨ ᠤ ᠪᠣᠯᠪᠠᠰᠤᠷᠠᠭᠤᠯᠤᠯ ᠢ ᠢᠳᠡᠪᠬᠢᠲᠡᠶ ᠥᠷᠨᠢᠭᠦᠯᠵᠦ᠂ | ᠠᠵᠢᠯ ᠡᠷᠭᠢᠯᠡᠭᠰᠡᠳ ᠤᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠵᠠᠰᠠᠮᠠᠯ | ᠵᠠᠮ᠂ ᠵᠠᠰᠠᠮᠠᠯ ᠵᠠᠮ ᠤᠨ ᠬᠡᠷᠡᠭᠯᠡᠬᠦ ᠭᠠᠵᠠᠷ᠂ ᠵᠠᠰᠠᠮᠠᠯ ᠵᠠᠮ ᠤᠨ ᠳᠠᠭᠠᠯᠲᠠ ᠪᠡᠯᠡᠳᠬᠡᠮᠵᠢ ᠵᠡᠷᠭᠡ ᠶᠢ ᠴᠢᠩᠭ᠎ᠠ ᠬᠢᠨᠠᠨ | ᠬᠠᠷᠭᠤᠭᠤᠯᠵᠤ᠂ ᠬᠠᠷᠢᠭᠤᠴᠠᠯᠭ᠎ᠠ ᠶᠢᠨ ᠲᠠᠩᠰᠠ ᠡᠪᠬᠡᠮᠡᠯ ᠵᠣᠬᠢᠶᠠᠬᠤ ᠶᠢᠨ ᠬᠠᠮᠲᠤ ᠳᠡᠩᠰᠡᠯᠡᠨ ᠲᠡᠮᠳᠡᠭᠯᠡᠵᠦ᠂ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠦᠨᠳᠦᠰᠦᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ | ᠲᠠᠰᠤᠷᠠᠯᠲᠠ ᠥᠬᠡᠶ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ᠂ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠤᠨ ᠪᠦᠲᠦᠮᠵᠢᠲᠡᠶ ᠠᠵᠢᠯᠯᠠᠭᠠᠨ ᠢ | ᠠᠬᠢᠭᠤᠯᠤᠨ᠎ᠠ᠃ | ︵ᠭᠤᠷᠪᠠ ︶ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠵᠠᠮ ᠤᠨ ᠳᠠᠷᠤᠭ᠎ᠠ ᠶᠢᠨ ᠲᠦᠷᠢᠮ ᠤᠨ | ᠤᠬᠠᠭᠤᠯᠭ᠎ᠠ ᠶᠢ ᠶᠡᠬᠡᠪᠡᠷ ᠥᠷᠨᠢᠭᠦᠯᠵᠦ᠂ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠭᠦᠨ ᠵᠤᠵᠠᠭᠠᠨ | ᠠᠵᠢᠯ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ | ᠠᠪᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠠᠭᠠᠤ ᠶᠢᠨ ᠣᠯᠠᠨ | ᠲᠦᠮᠡᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠬᠠᠮᠠᠭᠠᠯᠠᠬᠤ ᠠᠵᠢᠯ ᠳᠤ ᠢᠳᠡᠪᠬᠢᠲᠡᠶ | ᠣᠷᠣᠯᠴᠠᠬᠤ ᠶᠢ ᠵᠣᠷᠢᠭᠵᠢᠭᠤᠯᠵᠤ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠳᠤ ᠢᠳᠡᠪᠬᠢᠲᠡᠶ ᠣᠷᠣᠯᠴᠠᠭᠤᠯᠵᠤ᠂ ᠪᠥᠬᠦ | ᠨᠡᠶᠢᠭᠡᠮ ᠢᠶᠠᠷ ᠢᠶᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠶᠢᠨ | ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠣᠷᠣᠯᠴᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | |