ᠬᠢᠩᠭᠠᠨ ᠠᠶᠢᠮᠠᠭ ᠤᠨ ᠵᠠᠬᠢᠷᠭ᠎ᠠ ᠶᠢᠨ ︽ᠬᠢᠩᠭᠠᠨ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠪᠠᠭᠠᠵᠢ ᠬᠡᠷᠡᠭᠰᠡᠯ ᠤᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2022 — 2024 ᠣᠨ ︶︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/4/5
        ᠬᠢᠩᠭᠠᠨ ᠵᠠᠬᠢᠷᠭ᠎ᠠ ᠦᠰᠦᠭ ﹇2022﹈ 129 ᠳ᠋ᠤᠭᠡᠷ ᠲᠣᠭᠠᠲᠤᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄   ︽ᠬᠢᠩᠭᠠᠨ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠤᠨ ᠪᠠᠭᠠᠵᠢ ᠬᠡᠷᠡᠭᠰᠡᠯ ᠤᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2022 — 2024 ᠣᠨ ︶︾ ᠶᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃                           2022 ᠣᠨ ᠤ 10 ᠰᠠᠷ᠎ᠠ ᠶᠢᠨ 19 ᠤ ᠡᠳᠦᠷ                        ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶     ᠬᠢᠩᠭᠠᠨ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠤᠨ ᠪᠠᠭᠠᠵᠢ ᠬᠡᠷᠡᠭᠰᠡᠯ ᠤᠨ ᠪᠦ᠋ᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠲᠦᠯᠦᠪᠯᠡᠭᠡ ︵2022 — 2024 ᠣᠨ ︶ ᠪᠦᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠤᠨ ᠪᠠᠭᠠᠵᠢ ᠬᠡᠷᠡᠭᠰᠡᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︿ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠵᠢᠴᠢ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠦᠭᠦᠳ ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ︾ ︵ᠥᠪᠥᠷ ᠨᠠᠮ ᠲᠠᠷᠬᠠᠭᠠᠭᠰᠠᠨ ︹ 2021 ︺ 30 ᠳ᠋ᠤᠭᠠᠷ ᠲᠣᠭᠠᠲᠤ ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠪᠠ᠃ ᠨᠢᠭᠡ᠂ ᠶᠡᠷᠦᠩᠬᠡᠶ ᠱᠠᠭᠠᠷᠳᠠᠯᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠲᠠᠢ ᠬᠠᠷᠢᠴᠠᠭᠤᠯᠤᠨ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠪᠠᠭᠠᠵᠢ ᠬᠡᠷᠡᠭᠰᠡᠯ ᠵᠡᠷᠭᠡ ᠳᠤᠲᠠᠭᠤᠳᠠᠯ ᠢ ᠨᠥᠬᠦᠪᠥᠷᠢᠯᠡᠵᠦ᠂ ᠰᠤᠷᠭᠠᠭᠤᠯᠢ ᠡᠷᠭᠢᠯᠡᠬᠦ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠤᠨ᠂ ᠬᠥᠮᠦᠨ ᠬᠥᠮᠦᠵᠢᠭᠦᠯᠬᠦ ᠶᠡᠷᠦᠩᠬᠡᠶᠢᠯᠡᠭᠰᠡᠨ ᠴᠢᠳᠠᠮᠵᠢ ᠶᠢ ᠴᠢᠩᠭᠠᠷᠠᠭᠤᠯᠵᠤ᠂ ᠣᠯᠠᠨ ᠶᠠᠩᠵᠤ ᠶᠢᠨ ᠂ ᠣᠳᠣᠬᠢᠴᠢᠯᠠᠭᠰᠠᠨ᠂ ᠴᠢᠨᠠᠷ ᠰᠠᠶᠢᠲᠠᠶ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠰᠢᠰᠲ᠋ᠧᠮᠵᠢ ᠶᠢ ᠪᠠᠶᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠨ᠎ᠠ᠃ ᠬᠤᠶᠠᠷ᠂ ᠭᠤᠣᠯ ᠬᠠᠷᠠᠯᠲᠠ     2024 ᠣᠨ ᠪᠣᠯᠬᠤ ᠳᠤ᠂ ᠪᠥᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ︵ᠣᠷᠳᠣᠨ ︶ ᠶᠢᠨ ᠲᠠᠯᠠᠪᠠᠶ ᠶᠢᠨ ᠪᠠᠷᠢᠮᠵᠢᠶ᠎ᠠ ᠳᠤ ᠬᠥᠷᠬᠦ ᠬᠠᠷᠢᠴᠠᠯ ᠢ 90% ᠠᠴᠠ ᠳᠣᠤᠷ᠎ᠠ ᠪᠠᠶᠢᠯᠭᠠᠬᠤ ᠥᠬᠡᠶ᠂ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠪᠠᠷᠢᠮᠵᠢᠶ᠎ᠠ ᠳᠤ ᠬᠥᠷᠬᠦ ᠬᠠᠷᠢᠴᠠᠯ ᠢ 95% ᠠᠴᠠ ᠳᠣᠤᠷ᠎ᠠ ᠪᠠᠶᠢᠯᠭᠠᠬᠤ ᠥᠬᠡᠶ ︔ ᠭᠤᠸ᠎ᠠ ᠰᠠᠶᠢᠬᠠᠨ ᠤ ᠬᠥᠮᠦᠵᠢᠯ ᠤᠨ ᠲᠠᠯᠠᠪᠠᠶ ᠶᠢᠨ ᠲᠥᠬᠦᠭᠡᠷᠦᠮᠵᠢ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠪᠠᠷᠢᠮᠵᠢᠶ᠎ᠠ ᠳᠤ ᠬᠥᠷᠬᠦ ᠬᠠᠷᠢᠴᠠᠯ ᠢ 95% ᠠᠴᠠ ᠳᠣᠤᠷ᠎ᠠ ᠪᠠᠶᠢᠯᠭᠠᠬᠤ ᠥᠬᠡᠶ᠃ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠨᠥᠬᠦᠴᠡᠯ ᠢ ᠦᠨᠡᠨ ᠬᠦ ᠳᠡᠭᠡᠭᠰᠢᠯᠡᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠢ ᠭᠦᠢᠴᠡᠳ ᠪᠥᠭᠡᠳ ᠪᠦᠷᠢᠨ ᠭᠦᠢᠴᠡᠳ ᠨᠡᠭᠡᠭᠡᠬᠦ ᠶᠢ ᠭᠦᠢᠴᠡᠳ ᠪᠠᠲᠤᠯᠠᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠳᠣᠲᠣᠷᠠᠬᠢ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠭᠠᠵᠠᠷ ᠪᠠ ᠰᠤᠷᠭᠠᠭᠤᠯᠢ ᠶᠢᠨ ᠭᠠᠳᠠᠨᠠᠬᠢ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠤᠷᠤᠭᠴᠢᠳ ᠤᠨ ᠬᠥᠳᠡᠯᠮᠦᠷᠢ ᠶᠢᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠳᠤ ᠴᠢᠬᠤᠯᠠ ᠪᠥᠬᠦᠶ ᠪᠠᠲᠤᠯᠠᠭ᠎ᠠ ᠬᠠᠩᠭᠠᠨ᠎ᠠ᠃ ᠭᠤᠷᠪᠠ᠂ ᠭᠤᠣᠯ ᠡᠭᠦᠷᠭᠡ  ︵ᠨᠢᠭᠡ ︶ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠢ ᠶᠢᠨ ᠪᠠᠭᠠᠵᠢ ᠬᠡᠷᠡᠭᠰᠡᠯ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ ᠡᠯ᠎ᠡ ᠭᠠᠵᠠᠷ ᠤᠨ ᠬᠢᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠠᠭᠠᠵᠢ ᠬᠡᠷᠡᠭᠰᠡᠯ ᠤᠨ ᠪᠠᠶᠢᠭᠤᠯᠤᠯᠲᠠ ᠶᠢ ᠠᠯᠪᠠᠨ ᠵᠢᠷᠤᠮ ᠤᠨ ᠰᠤᠷᠭᠠᠨ ᠤᠯᠤᠰ ᠠᠴᠠ ᠳᠣᠭᠢᠷᠠᠭᠤᠯᠬᠤ᠂ ᠠᠮᠤᠷ ᠲᠦᠪᠰᠢᠨ ᠪᠠ ᠶᠠᠰᠤ ᠴᠢᠨᠠᠷ ᠤᠨ ᠪᠠᠷᠢᠮᠵᠢᠶ᠎ᠠ ᠶᠣᠰᠣᠭᠠᠷ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠪᠥᠲᠥᠭᠡᠨ ᠪᠠᠶᠢᠭᠤᠯᠵᠤ᠂ ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ ᠨᠤᠭᠤᠳ ᠰᠣᠷᠣᠭᠴᠢ ᠶᠢᠨ ᠳᠤᠮᠳᠠᠴᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠲᠠᠯᠠᠪᠠᠶ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠡᠷᠭᠢᠯᠡᠬᠦ ᠦᠨᠳᠦᠰᠦᠨ ᠪᠠᠷᠢᠮᠵᠢᠶ᠎ᠠ ᠶᠢᠨ ᠱᠠᠭᠠᠷᠳᠠᠯᠭ᠎ᠠ ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠡᠯᠡᠳᠬᠡᠮᠵᠢ ᠪᠠᠭᠠᠵᠢ ᠬᠡᠷᠡᠭᠰᠡᠯ ᠳᠣᠭᠢᠷᠠᠭᠤᠯᠬᠤ ᠳᠤ᠂ ᠰᠤᠷᠭᠠᠨ ᠬᠥᠮᠦᠵᠢᠯ ᠤᠨ ᠶᠠᠮᠤᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠵᠢᠭᠠᠨ ᠰᠤᠷᠭᠠᠯᠲᠠ ᠶᠢᠨ ᠪᠠᠭᠠᠵᠢ ᠬᠡᠷᠡᠭᠰᠡᠯ ᠳᠣᠭᠢᠷᠠᠭᠤᠯᠬᠤ ᠪᠠᠷᠢᠮᠵᠢᠶ᠎ᠠ ᠪᠠ ᠥᠪᠡᠷᠲᠡᠭᠡᠨ ᠵᠠᠰᠠᠬᠤ ᠣᠷᠣᠨ ᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢᠨ ᠳᠣᠭᠢᠷᠠᠭᠤᠯᠬᠤ ᠵᠢᠷᠤᠮᠵᠢᠯ᠂ ᠥᠪᠡᠷᠲᠡᠭᠡᠨ ᠵᠠᠰᠠᠬᠤ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢᠨ ᠳᠣᠭᠢᠷᠠᠭᠤᠯᠬᠤ ᠵᠢᠷᠤᠮᠵᠢᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠵᠦ᠂ ᠳᠣᠭᠢᠷᠠᠭᠤᠯᠬᠤ᠂ ᠬᠠᠮᠢᠶᠠᠷᠬᠤ᠂ ᠬᠡᠷᠡᠭᠯᠡᠬᠦ ᠵᠡᠷᠭᠡ ᠲᠠᠯ᠎ᠠ ᠶᠢᠨ ᠲᠦᠷᠢᠮ ᠢ ᠲᠡᠭᠦᠯᠳᠡᠷᠵᠢᠭᠦᠯᠦᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠢ ᠨᠥᠬᠦᠪᠥᠷᠢᠯᠡᠬᠦ ᠲᠣᠭᠲᠠᠴᠠ ᠶᠢ ᠪᠠᠶᠢᠭᠤᠯᠵᠤ᠂ ᠨᠥᠬᠦᠴᠡᠯ ᠲᠠᠢ ᠰᠤᠷᠭᠠᠭᠤᠯᠢ ᠨᠤᠭᠤᠳ ᠣᠨᠣᠪᠴᠢ ᠶᠢᠨ ᠬᠡᠮᠵᠢᠶ᠎ᠡ ᠪᠠᠷ ᠥᠨᠳᠥᠷ᠂ ᠠᠵᠢᠯᠯᠠᠬᠤ ᠳᠤ ᠲᠥᠬᠦᠮ᠂ ᠦᠷ᠎ᠡ ᠪᠦᠲᠦᠮᠵᠢ ᠪᠠᠷ ᠥᠨᠳᠥᠷ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠯᠧᠺᠳ᠋ᠷᠣᠨ ᠰᠢᠯᠭᠠᠯᠲᠠ ᠶᠢᠨ ᠲᠥᠬᠦᠭᠡᠷᠦᠮᠵᠢ ᠵᠢᠴᠢ ︽ᠤᠯᠤᠰ ᠤᠨ ᠰᠣᠷᠣᠭᠴᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠷᠢᠮᠵᠢᠶ᠎ᠠ ︾ ᠶᠢᠨ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠲᠥᠬᠦᠭᠡᠷᠦᠮᠵᠢ ᠶᠢ ᠳᠣᠭᠢᠷᠠᠭᠤᠯᠬᠤ ᠪᠤᠶᠤ ᠭᠤᠷᠪᠠᠳᠠᠬᠢ ᠡᠲᠡᠭᠡᠳ ᠤᠨ ᠰᠢᠯᠭᠠᠯᠲᠠ ᠶᠢᠨ ᠦᠢᠯᠡᠴᠢᠯᠡᠭᠡ ᠶᠢ ᠬᠤᠳᠠᠯᠳᠤᠨ ᠠᠪᠴᠤ ᠪᠣᠯᠤᠨ᠎ᠠ᠃ ᠰᠤᠷᠭᠠᠭᠤᠯᠢ ᠨᠤᠭᠤᠳ ᠤᠨ ᠣᠷᠣᠨ ᠨᠤᠲᠤᠭ ᠤᠨ ᠣᠨᠴᠠᠯᠢᠭ ᠲᠠᠢ ᠦᠨᠳᠦᠰᠦᠲᠡᠨ ᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠥᠷᠨᠢᠭᠦᠯᠬᠦ ᠶᠢ ᠵᠣᠷᠢᠭᠵᠢᠭᠤᠯᠵᠤ᠂ ᠵᠣᠬᠢᠬᠤ ᠪᠠᠭᠠᠵᠢ ᠬᠡᠷᠡᠭᠰᠡᠯ ᠪᠡᠯᠡᠳᠬᠡᠮᠵᠢ ᠳᠣᠭᠢᠷᠠᠭᠤᠯᠤᠨ᠎ᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠲᠤᠰᠬᠠᠶ ᠮᠡᠷᠭᠡᠵᠢᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠠᠵᠢᠯ ᠮᠡᠷᠭᠡᠵᠢᠯ ᠤᠨ ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠤᠷᠠᠨ ᠲᠠᠷᠬᠠᠨ ᠤ ᠵᠣᠷᠢᠭ ᠰᠠᠨᠠᠭ᠎ᠠ ᠪᠠ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ ᠬᠥᠳᠡᠯᠮᠦᠷᠢ ᠶᠢᠨ ᠣᠪᠣᠷ ᠢ ᠪᠤᠢ ᠪᠣᠯᠭᠠᠨ᠎ᠠ ︔ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠬᠢᠴᠢᠶᠡᠯ ᠲᠥᠷᠥᠯ ᠤᠨ ᠲᠤᠰᠬᠠᠶ ᠮᠡᠷᠭᠡᠵᠢᠯ ᠲᠠᠢ ᠪᠠᠨ ᠤᠶᠠᠯᠳᠤᠭᠤᠯᠤᠨ ᠦᠢᠯᠡᠳᠪᠦᠷᠢᠯᠡᠯ ᠬᠥᠳᠡᠯᠮᠦᠷᠢ ᠪᠠ ᠦᠢᠯᠡᠴᠢᠯᠡᠭᠡᠨ ᠤ ᠴᠢᠨᠠᠷᠲᠠᠶ ᠬᠥᠳᠡᠯᠮᠦᠷᠢ ᠥᠷᠨᠢᠭᠦᠯᠵᠦ᠂ ᠮᠠᠷᠺᠰ ᠤᠨ ᠦᠵᠡᠯ ᠤᠨ ᠬᠥᠳᠡᠯᠮᠦᠷᠢ ᠶᠢᠨ ᠦᠵᠡᠯᠲᠡ ᠶᠢᠨ ᠬᠥᠮᠦᠵᠢᠯ ᠢ ᠴᠢᠩᠭᠠᠷᠠᠭᠤᠯᠤᠨ᠂ ᠰᠤᠷᠤᠭᠴᠢᠳ ᠤᠨ ᠰᠢᠨ᠎ᠡ ᠶᠢ ᠡᠭᠦᠳᠬᠦ ᠦᠵᠡᠯ ᠤᠬᠠᠮᠰᠠᠷ ᠪᠠ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃  ︵ᠬᠤᠶᠠᠷ ︶ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠪᠡᠯᠡᠳᠬᠡᠮᠵᠢ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ ᠡᠯ᠎ᠡ ᠭᠠᠵᠠᠷ ᠤᠨ ᠬᠢᠨ ᠣᠷᠣᠨ ᠪᠦᠰᠡ ᠶᠢᠨ ᠳᠣᠲᠣᠷᠠᠬᠢ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠵᠢᠴᠢ ᠪᠡᠯᠡᠳᠬᠡᠮᠵᠢ ᠶᠢᠨ ᠬᠡᠷᠡᠭᠯᠡᠯᠲᠡ ᠶᠢ ᠵᠦᠶ ᠵᠣᠬᠢᠰᠲᠠᠶ ᠳᠣᠭᠢᠷᠠᠭᠤᠯᠤᠨ᠂ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠳᠣᠲᠣᠷᠠᠬᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠬᠦ ᠳᠤ ᠨᠠᠩ ᠣᠯᠠᠨ ᠡᠬᠢ ᠨᠥᠬᠦᠴᠡᠯ ᠲᠠᠢ ᠭᠠᠵᠠᠷ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠪᠠᠶᠢᠭᠤᠯᠵᠤ᠂ ᠪᠡᠶ᠎ᠡ ᠶᠢᠨ ᠲᠠᠮᠢᠷ ᠤᠨ ᠰᠠᠭᠤᠷᠢ ᠪᠠᠷ ᠪᠠᠭᠤᠷᠠᠶ ᠰᠤᠷᠭᠠᠭᠤᠯᠢ ᠯᠤᠭ᠎ᠠ ᠬᠠᠮᠲᠤᠪᠠᠷ ᠬᠡᠷᠡᠭᠯᠡᠵᠦ ᠬᠠᠮᠲᠤᠪᠠᠷ ᠡᠳ᠋ᠯᠡᠬᠦ ᠶᠢ ᠰᠢᠨ᠎ᠡ ᠪᠠᠷ ᠪᠠᠶᠢᠭᠤᠯᠤᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠵᠢᠴᠢ ᠪᠡᠯᠡᠳᠬᠡᠮᠵᠢ ᠶᠢ ᠰᠤᠷᠭᠠᠭᠤᠯᠢ ᠶᠢᠨ ᠣᠷᠣᠵᠤ ᠭᠠᠷᠬᠤ ᠭᠠᠵᠠᠷ ᠲᠤ ᠣᠶᠢᠷᠠᠲᠤᠭᠤᠯᠵᠤ᠂ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠵᠢᠴᠢ ᠡᠪᠦᠯ ᠵᠣᠨ ᠤ ᠠᠮᠠᠷᠠᠯᠲᠠ ᠵᠡᠷᠭᠡ ᠬᠢᠴᠢᠶᠡᠯ ᠤᠨ ᠭᠠᠳᠠᠨᠠᠬᠢ ᠴᠠᠭ ᠲᠤ ᠰᠤᠷᠤᠭᠴᠢᠳ ᠲᠤ ᠨᠡᠭᠡᠭᠡᠬᠦ ᠳᠤ ᠲᠥᠬᠦᠮ ᠦᠵᠡᠭᠦᠯᠦᠨ᠎ᠡ᠃ ᠨᠡᠶᠢᠭᠡᠮ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠲᠠᠯᠠᠪᠤᠷ ᠪᠡᠯᠡᠳᠬᠡᠮᠵᠢ ᠶᠢ ᠰᠤᠷᠭᠠᠭᠤᠯᠢ ᠶᠢᠨ ᠰᠣᠷᠣᠭᠴᠢ ᠳᠤ ᠬᠠᠨᠳᠤᠭᠤᠯᠤᠨ ᠰᠦᠢᠳᠭᠡᠯ ᠬᠤᠷᠢᠶᠠᠬᠤ ᠥᠬᠡᠶ ᠪᠤᠶᠤ ᠳᠣᠤᠷ᠎ᠠ ᠰᠦᠢᠳᠭᠡᠯ ᠬᠤᠷᠢᠶᠠᠵᠤ ᠨᠡᠭᠡᠭᠡᠬᠦ ᠶᠢ ᠠᠬᠢᠭᠤᠯᠤᠨ᠎ᠠ᠃  ︵ᠭᠤᠷᠪᠠ ︶ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠲᠠᠯᠠᠪᠤᠷ ᠤᠨ ᠪᠠᠭᠠᠵᠢ ᠬᠡᠷᠡᠭᠰᠡᠯ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ ᠡᠯ᠎ᠡ ᠭᠠᠵᠠᠷ ᠤᠨ ᠬᠢᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠪᠡᠯᠡᠳᠬᠡᠮᠵᠢ ᠶᠢᠨ ᠲᠣᠬᠢᠷᠠᠭᠤᠯᠤᠯᠲᠠ ᠶᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠲᠠᠯᠠᠪᠤᠷ ᠤᠨ ᠪᠠᠭᠠᠵᠢ ᠬᠡᠷᠡᠭᠰᠡᠯ ᠤᠨ ᠪᠠᠶᠢᠭᠤᠯᠤᠯᠲᠠ ᠶᠢ ᠠᠯᠪᠠᠨ ᠵᠢᠷᠤᠮ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ ᠬᠢᠴᠢᠶᠡᠯ ᠤᠨ ᠵᠢᠭᠠᠨ ᠰᠤᠷᠭᠠᠯᠲᠠ ᠪᠠ ᠦᠢᠯᠡᠳᠦᠯᠭᠡ ᠶᠢᠨ ᠠᠵᠢᠯᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠲᠠᠯᠠᠪᠤᠷ ᠲᠥᠬᠦᠭᠡᠷᠦᠮᠵᠢ᠂ ᠲᠤᠰᠬᠠᠶ ᠬᠢᠴᠢᠶᠡᠯ ᠤᠨ ᠬᠡᠷ ᠢ ᠰᠠᠶᠢᠲᠤᠷ ᠪᠠᠶᠢᠭᠤᠯᠬᠤ ᠬᠡᠷᠡᠭᠲᠡᠶ᠃ ᠭᠤᠸ᠎ᠠ ᠰᠠᠶᠢᠬᠠᠨ ᠤ ᠬᠥᠮᠦᠵᠢᠯ ᠤᠨ ᠲᠠᠯᠠᠪᠤᠷ ᠤᠨ ᠲᠥᠬᠦᠭᠡᠷᠦᠮᠵᠢ ᠪᠠᠭᠠᠵᠢ ᠬᠡᠷᠡᠭᠰᠡᠯ ᠤᠨ ᠰᠤᠷᠭᠠᠨ ᠬᠥᠮᠦᠵᠢᠯ ᠤᠨ ᠶᠠᠮᠤᠨ ᠤ ᠡᠩ ᠤᠨ ᠥᠨᠳᠥᠷ ᠳᠤᠮᠳᠠᠳᠤ ᠶᠢᠨ ᠳᠠᠭᠤᠤ ᠬᠥᠭᠵᠢᠮ ᠤᠨ ᠵᠢᠭᠠᠨ ᠰᠤᠷᠭᠠᠯᠲᠠ ᠶᠢᠨ ᠪᠠᠭᠠᠵᠢ ᠡᠩ ᠤᠨ ᠥᠨᠳᠥᠷ ᠳᠤᠮᠳᠠᠳᠤ ᠶᠢᠨ ᠤᠷᠠᠨ ᠵᠢᠷᠤᠭ ᠤᠨ ᠵᠢᠭᠠᠨ ᠰᠤᠷᠭᠠᠯᠲᠠ ᠶᠢᠨ ᠪᠠᠭᠠᠵᠢ ᠬᠡᠷᠡᠭᠰᠡᠯ ᠢ ᠲᠣᠬᠢᠷᠠᠭᠤᠯᠬᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠳᠠᠭᠤᠤ ᠬᠥᠭᠵᠢᠮ ᠤᠨ ᠬᠢᠴᠢᠶᠡᠯ ᠤᠨ ᠬᠡᠷ ᠤᠨ ᠪᠠᠶᠢᠭᠤᠯᠤᠯᠲᠠ ᠬᠢᠭᠡᠳ ᠲᠣᠨᠤᠭ ᠲᠥᠬᠦᠭᠡᠷᠦᠮᠵᠢ ᠶᠢᠨ ᠵᠢᠷᠤᠮᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠤᠷᠠᠨ ᠵᠢᠷᠤᠭ ᠤᠨ ᠬᠢᠴᠢᠶᠡᠯ ᠤᠨ ᠬᠡᠷ ᠤᠨ ᠪᠠᠶᠢᠭᠤᠯᠤᠯᠲᠠ ᠬᠢᠭᠡᠳ ᠲᠣᠨᠤᠭ ᠲᠥᠬᠦᠭᠡᠷᠦᠮᠵᠢ ᠶᠢᠨ ᠵᠢᠷᠤᠮᠵᠢᠯ ᠪᠠ ᠥᠪᠡᠷᠲᠡᠭᠡᠨ ᠵᠠᠰᠠᠬᠤ ᠣᠷᠣᠨ ᠤ ᠪᠠᠭ᠎ᠠ ᠰᠤᠷᠭᠠᠭᠤᠯᠢ ᠶᠢᠨ ᠳᠠᠭᠤᠤ ᠬᠥᠭᠵᠢᠮ ᠤᠨ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠵᠢᠷᠤᠮᠵᠢᠯ᠂ ᠥᠪᠡᠷᠲᠡᠭᠡᠨ ᠵᠠᠰᠠᠬᠤ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠠᠭᠤᠤ ᠬᠥᠭᠵᠢᠮ ᠤᠨ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠵᠢᠷᠤᠮᠵᠢᠯ᠂ ᠥᠪᠡᠷᠲᠡᠭᠡᠨ ᠵᠠᠰᠠᠬᠤ ᠣᠷᠣᠨ ᠤ ᠪᠠᠭ᠎ᠠ ᠰᠤᠷᠭᠠᠭᠤᠯᠢ ᠶᠢᠨ ᠤᠷᠠᠨ ᠵᠢᠷᠤᠭ ᠤᠨ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢᠨ ᠬᠥᠳᠡᠭᠡ ᠲᠣᠰᠬᠤᠨ ᠤ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠭ᠎ᠠ ᠬᠡᠪᠴᠢᠶᠡᠨ ᠤ ᠰᠤᠷᠭᠠᠭᠤᠯᠢ ᠳᠤ ᠴᠢᠬᠤᠯᠠ ᠪᠦᠬᠦᠢ ᠴᠢᠳᠠᠮᠵᠢᠳᠤ ᠬᠢᠴᠢᠶᠡᠯ ᠤᠨ ᠭᠡᠷ ᠪᠠ ᠲᠣᠨᠤᠭ ᠲᠥᠬᠦᠭᠡᠷᠦᠮᠵᠢ ᠲᠣᠬᠢᠷᠠᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠭᠤᠸ᠎ᠠ ᠰᠠᠶᠢᠬᠠᠨ ᠤ ᠬᠥᠮᠦᠵᠢᠯ ᠤᠨ ᠲᠠᠯᠠᠪᠤᠷ ᠣᠷᠳᠣᠨ ᠪᠠᠶᠢᠭᠤᠯᠵᠤ᠂ ᠡᠷᠬᠢᠨ ᠲᠣᠭᠤᠷᠢᠨ ᠤ ᠰᠤᠷᠭᠠᠭᠤᠯᠢ ᠪᠣᠯᠤᠨ ᠨᠡᠶᠢᠭᠡᠮ ᠲᠣᠭᠤᠷᠢᠭ ᠯᠤᠭ᠎ᠠ ᠬᠠᠮᠲᠤᠪᠠᠷ ᠬᠡᠷᠡᠭᠯᠡᠵᠦ ᠬᠠᠮᠲᠤᠪᠠᠷ ᠡᠳ᠋ᠯᠡᠬᠦ ᠶᠢ ᠵᠣᠷᠢᠭᠵᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠳᠤ ᠨᠠᠭᠠᠳᠤ ᠵᠠᠬ᠎ᠠ ᠳᠠᠭᠠᠨ 1 ᠳᠤᠮᠳᠠᠳᠤ ᠪᠠᠭ᠎ᠠ ᠰᠤᠷᠭᠠᠭᠤᠯᠢ ᠳᠤ ᠲᠣᠮᠣ ᠬᠡᠯᠪᠡᠷᠢ ᠶᠢᠨ ᠤᠷᠠᠯᠢᠭ ᠤᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠬᠦ ᠳᠤ ᠳᠣᠭᠢᠷᠠᠬᠤ ᠣᠯᠠᠨ ᠴᠢᠳᠠᠮᠵᠢᠳᠤ᠂ ᠶᠡᠷᠦᠩᠬᠡᠶᠢᠯᠡᠭᠰᠡᠨ ᠴᠢᠨᠠᠷᠲᠠᠶ ᠶᠣᠰᠣᠯᠠᠯ ᠤᠨ ᠲᠠᠩᠬᠢᠮ ᠢ ᠪᠠᠶᠢᠭᠤᠯᠬᠤ ᠬᠡᠷᠡᠭᠲᠡᠶ᠃ ᠡᠯ᠎ᠡ ᠭᠠᠵᠠᠷ ᠡᠯ᠎ᠡ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠣᠨᠴᠠᠯᠢᠭ ᠢᠶᠠᠨ ᠦᠨᠳᠦᠰᠦᠯᠡᠨ᠂ ᠭᠤᠸ᠎ᠠ ᠰᠠᠶᠢᠬᠠᠨ ᠤ ᠬᠥᠮᠦᠵᠢᠯ ᠢᠶᠠᠷ ᠭᠤᠤᠯ ᠠᠭᠤᠯᠭ᠎ᠠ ᠪᠣᠯᠭᠠᠭᠰᠠᠨ ᠴᠢᠳᠠᠮᠵᠢ ᠶᠢᠨ ᠲᠠᠰᠤᠭ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠢᠨ ᠬᠠᠮᠲᠤ ᠬᠠᠮᠢᠶ᠎ᠠ ᠪᠥᠬᠦᠶ ᠪᠠᠭᠠᠵᠢ ᠬᠡᠷᠡᠭᠰᠡᠯ ᠢ ᠳᠣᠭᠢᠷᠠᠭᠤᠯᠤᠨ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠪᠠ ᠰᠤᠷᠤᠭᠴᠢᠳ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠶᠢ ᠦᠨᠡᠨ ᠬᠦ ᠪᠠᠲᠤᠯᠠᠬᠤ ᠶᠢᠨ ᠬᠠᠮᠲᠤ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠴᠢᠨᠠᠷ ᠰᠠᠶᠢᠲᠠᠶ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃   ︵ᠳᠥᠷᠪᠡ ︶ ᠨᠡᠶᠢᠭᠡᠮ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ ᠭᠤᠸ᠎ᠠ ᠰᠠᠶᠢᠬᠠᠨ ᠤ ᠬᠥᠮᠦᠵᠢᠯ ᠢ ᠬᠥᠭᠵᠢᠭᠦᠯᠦᠨ᠎ᠡ ᠭᠤᠸ᠎ᠠ ᠰᠠᠶᠢᠬᠠᠨ ᠤ ᠬᠥᠮᠦᠵᠢᠯ ᠤᠨ ᠨᠡᠶᠢᠭᠡᠮ ᠤᠨ ᠡᠬᠢ ᠪᠠᠶᠠᠯᠢᠭ ᠤᠨ ᠬᠠᠩᠭᠠᠯᠭ᠎ᠠ ᠶᠢ ᠴᠢᠩᠭᠠᠳᠬᠠᠵᠤ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠷᠥᠯ ᠵᠦᠢᠯ ᠢ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠳᠠ ᠶᠢᠨ ᠦᠢᠯᠡᠴᠢᠯᠡᠭᠡ ᠶᠢ ᠠᠬᠢᠭᠤᠯᠤᠨ᠎ᠠ᠃ ᠬᠤᠲᠠ ᠪᠠ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠰᠤᠷᠤᠭᠴᠢᠳ ᠤᠨ ᠤᠷᠠᠯᠢᠭ ᠤᠨ ᠦᠢᠯᠡᠳᠦᠯᠭᠡ ᠶᠢᠨ ᠬᠡᠷᠡᠭᠴᠡᠭᠡ ᠶᠢ ᠨᠢᠭᠡᠳᠦᠯᠲᠡᠶ ᠲᠥᠯᠥᠪᠯᠡᠵᠦ᠂ ᠰᠣᠶᠣᠯ ᠤᠷᠠᠯᠢᠭ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠰᠤᠷᠭᠠᠭᠤᠯᠢ ᠪᠤᠶᠤ ᠲᠡᠭᠦᠨ ᠤ ᠡᠷᠬᠢᠨ ᠲᠣᠭᠤᠷᠢᠨ ᠳᠤ ᠤᠷᠢᠳᠠᠪᠠᠷ ᠪᠠᠶᠢᠭᠤᠯᠬᠤ ᠬᠡᠷᠡᠭᠲᠡᠶ᠃ ᠰᠤᠷᠭᠠᠭᠤᠯᠢ ᠬᠢᠭᠡᠳ ᠨᠡᠶᠢᠭᠡᠮ ᠤᠨ ᠣᠯᠠᠨ ᠨᠡᠶᠢᠲᠡ ᠶᠢᠨ ᠰᠣᠶᠣᠯ ᠤᠷᠠᠯᠢᠭ ᠤᠨ ᠲᠠᠯᠠᠪᠤᠷ ᠣᠷᠳᠣᠨ᠂ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠲᠠᠢ ᠬᠠᠮᠲᠤᠷᠠᠨ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠨᠡᠭᠡᠭᠡᠬᠦ ᠶᠢ ᠵᠣᠷᠢᠭᠵᠢᠭᠤᠯᠤᠨ᠎ᠠ᠃ ᠰᠤᠷᠭᠠᠭᠤᠯᠢ ᠶᠢᠨ ᠳᠣᠲᠣᠭᠠᠳᠤ ᠶᠢᠨ ᠪᠠ ᠰᠤᠷᠭᠠᠭᠤᠯᠢ ᠶᠢᠨ ᠭᠠᠳᠠᠨᠠᠬᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠭᠤᠸ᠎ᠠ ᠰᠠᠶᠢᠬᠠᠨ ᠤ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠶᠢᠴᠯᠡᠭᠡᠨ ᠤ ᠠᠵᠢᠯ ᠢ ᠰᠢᠢᠳᠪᠦᠷᠢᠯᠡᠬᠦ ᠴᠢᠬᠤᠯᠠ ᠠᠴᠢᠶᠠᠯᠠᠪᠤᠷᠢ ᠪᠣᠯᠭᠠᠨ᠎ᠠ᠃ ᠨᠥᠬᠦᠴᠡᠯ ᠲᠠᠢ ᠭᠠᠵᠠᠷ ᠣᠷᠣᠨ ᠪᠠ ᠰᠤᠷᠭᠠᠭᠤᠯᠢ ᠨᠤᠭᠤᠳ ᠵᠢᠯ ᠪᠦᠷᠢ ᠰᠤᠷᠤᠭᠴᠢᠳ ᠢ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤᠨᠢ ᠨᠢᠭᠡ ᠤᠳᠠᠭ᠎ᠠ ᠤᠷᠠᠨ ᠵᠢᠷᠤᠭ ᠤᠨ ᠣᠷᠳᠣᠨ᠂ ᠤᠷᠠᠨ ᠪᠢᠴᠢᠯᠭᠡ ᠶᠢᠨ ᠣᠷᠳᠣᠨ᠂ ᠮᠦᠽᠧᠶ ᠶᠢ ᠲᠣᠭᠤᠷᠢᠨ ᠦᠵᠡᠭᠦᠯᠬᠦ ᠬᠡᠷᠡᠭᠲᠡᠶ᠃   ︵ᠲᠠᠪᠤ ︶ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠲᠠᠯᠠᠪᠤᠷ ᠭᠠᠵᠠᠷ ᠪᠣᠯᠤᠨ ᠬᠥᠳᠡᠯᠮᠦᠷᠢ ᠶᠢᠨ ᠬᠥᠮᠦᠵᠢᠯ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠎ᠡ ᠰᠤᠷᠭᠠᠭᠤᠯᠢ ᠶᠢᠨ ᠳᠣᠲᠣᠷᠠᠬᠢ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠭᠠᠵᠠᠷ ᠪᠠ ᠰᠤᠷᠭᠠᠭᠤᠯᠢ ᠶᠢᠨ ᠭᠠᠳᠠᠨᠠᠬᠢ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠪᠠᠭᠠᠵᠢ ᠬᠡᠷᠡᠭᠰᠡᠯ᠂ ᠬᠤᠷᠣᠭᠳᠠᠯ ᠮᠠᠲ᠋ᠧᠷᠢᠶᠠᠯ ᠢ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ᠎ᠠ᠃ ᠡᠯ᠎ᠡ ᠭᠠᠵᠠᠷ ᠤᠨ ᠬᠢᠨ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠦᠨ ᠳᠣᠭᠢᠷᠠᠭᠤᠯᠵᠤ᠂ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠲᠠᠯᠠᠪᠤᠷ ᠭᠠᠵᠠᠷ ᠢ ᠥᠷᠭᠡᠳᠬᠡᠬᠦ ᠠᠵᠢᠯᠯᠠᠭᠠᠨ ᠤ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠲᠣᠭᠲᠠᠭᠠᠬᠤ ᠬᠡᠷᠡᠭᠲᠡᠶ᠃ ᠣᠲᠣ ᠶᠢᠨ ᠪᠠᠶᠢᠭ᠎ᠠ ᠶᠡᠷᠦᠩᠬᠡᠶᠢᠯᠡᠭᠰᠡᠨ ᠦᠢᠯᠡᠳᠦᠯᠭᠡ ᠶᠢᠨ ᠰᠠᠭᠤᠷᠢᠨ ᠭᠠᠵᠠᠷ᠂ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠠᠯᠠᠪᠤᠷ ᠭᠠᠵᠠᠷ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠵᠡᠷᠭᠡ ᠬᠥᠳᠡᠯᠮᠦᠷᠢ ᠶᠢᠨ ᠦᠢᠯᠡᠳᠦᠯᠭᠡ ᠶᠢᠨ ᠲᠠᠯᠠᠪᠤᠷ ᠭᠠᠵᠠᠷ ᠢ ᠠᠰᠢᠭᠯᠠᠨ ᠂ ᠲᠣᠰ ᠣᠷᠣᠨ ᠪᠦᠰᠡ ᠶᠢᠨ ᠰᠤᠷᠭᠠᠭᠤᠯᠢ ᠶᠢᠨ ᠭᠠᠳᠠᠨᠠᠬᠢ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠬᠤ ᠶᠢᠨ ᠬᠠᠮᠲᠤ᠂ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠪᠠᠭᠠᠵᠢ ᠬᠡᠷᠡᠭᠰᠡᠯ᠂ ᠬᠤᠷᠣᠭᠳᠠᠯ ᠮᠠᠲ᠋ᠧᠷᠢᠶᠠᠯ ᠢ ᠪᠦᠲᠦᠮᠵᠢᠲᠡᠶ ᠨᠥᠬᠦᠪᠥᠷᠢᠯᠡᠬᠦ ᠶᠢ ᠪᠠᠲᠤᠯᠠᠨ᠎ᠠ᠃ ᠨᠡᠶᠢᠭᠡᠮ ᠤᠨ ᠡᠬᠢ ᠪᠠᠶᠠᠯᠢᠭ ᠤᠨ ᠳᠠᠪᠠᠭᠤᠯᠢᠭ ᠢ ᠢᠳᠡᠪᠬᠢᠲᠡᠶ ᠪᠠᠳᠠᠷᠠᠭᠤᠯᠵᠤ᠂ ᠨᠡᠶᠢᠭᠡᠮ ᠤᠨ ᠬᠦᠴᠦᠨ ᠤ ᠰᠤᠷᠤᠭᠴᠢᠳ ᠤᠨ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠤᠨ᠂ ᠡᠯ᠎ᠡ ᠬᠤᠰᠢᠭᠤ ᠰᠢᠶᠠᠨ ᠬᠤᠲᠠ ᠶᠢᠨ ᠰᠤᠷᠭᠠᠭᠤᠯᠢ ᠶᠢᠨ ᠬᠥᠳᠡᠯᠮᠦᠷᠢ ᠶᠢᠨ ᠦᠢᠯᠡᠳᠦᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠡᠷᠦᠩᠬᠡᠶᠢᠯᠡᠭᠰᠡᠨ ᠴᠢᠨᠠᠷᠲᠠᠶ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠵᠤ᠂ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠡᠮᠳᠡᠭ ᠰᠤᠷᠤᠭᠴᠢᠳ ᠤᠨ ᠣᠨᠴᠠᠯᠢᠭ ᠪᠠ ᠣᠨᠴᠣᠭᠤᠶ ᠰᠤᠷᠭᠠᠨ ᠬᠥᠮᠦᠵᠢᠯ ᠤᠨ ᠵᠢᠮ᠎ᠡ ᠶᠣᠰᠣᠨ ᠳᠤ ᠳᠣᠭᠢᠷᠠᠬᠤ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠲᠠᠯᠠᠪᠤᠷ ᠭᠠᠵᠠᠷ ᠪᠠᠶᠢᠭᠤᠯᠬᠤ ᠶᠢ ᠵᠣᠷᠢᠭᠵᠢᠭᠤᠯᠬᠤ ᠬᠡᠷᠡᠭᠲᠡᠶ᠃ ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ   ︵ᠨᠢᠭᠡ ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠪᠣᠯᠤᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠶ᠃ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠪᠠ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠤᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠲᠦᠷᠢᠮ ᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠬᠤᠶᠠᠷ ᠢ ᠪᠠᠭᠠᠰᠬᠠᠬᠤ ︾ ᠠᠵᠢᠯ ᠢ ᠠᠬᠢᠭᠤᠯᠬᠤ ᠲᠠᠢ ᠤᠶᠠᠯᠳᠤᠭᠤᠯᠤᠨ᠂ ᠬᠥᠳᠡᠯᠮᠦᠷᠢ ᠶᠢᠨ ᠬᠥᠮᠦᠵᠢᠯ ᠪᠠ ᠪᠡᠶ᠎ᠡ ᠶᠢᠨ ᠲᠠᠮᠢᠷ ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯᠯᠠᠭ᠎ᠠ ᠥᠷᠨᠢᠭᠦᠯᠬᠦ ᠶᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠤᠨ ᠴᠢᠬᠤᠯᠠ ᠠᠭᠤᠯᠭ᠎ᠠ ᠪᠣᠯᠭᠠᠨ᠎ᠠ᠃  ︵ᠬᠤᠶᠠᠷ ︶ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠤᠨ ᠪᠠᠭᠠᠵᠢ ᠬᠡᠷᠡᠭᠰᠡᠯ ᠤᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠠᠵᠢᠯ ᠤᠨ ᠬᠥᠭᠵᠢᠭᠦᠯᠦᠯᠲᠡ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠡᠳ᠋ ᠤᠨ ᠵᠠᠰᠠᠭ᠂ ᠰᠣᠶᠣᠯ ᠵᠤᠭᠠᠴᠠᠯ ᠪᠡᠶ᠎ᠡ ᠶᠢᠨ ᠲᠠᠮᠢᠷ ᠵᠡᠷᠭᠡ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠴᠢᠬᠤᠯᠠ ᠶᠡᠭᠡ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠷᠥᠯ ᠵᠦᠢᠯ ᠳᠤ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠰᠤᠷᠭᠠᠨ ᠬᠥᠮᠦᠵᠢᠯ ᠤᠨ ᠲᠠᠯᠠᠪᠤᠷ ᠤᠨ ᠪᠠᠭᠠᠵᠢ ᠬᠡᠷᠡᠭᠰᠡᠯ ᠤᠨ ᠪᠥᠲᠥᠭᠡᠨ ᠪᠠᠶᠢᠭᠤᠯᠤᠯᠲᠠ ᠶᠢ ᠪᠠᠯᠠ ᠮᠥᠩᠭᠦ ᠶᠢᠨ ᠬᠡᠷᠡᠭᠯᠡᠯᠲᠡ ᠶᠢᠨ ᠴᠢᠬᠤᠯᠠ ᠴᠢᠭᠯᠡᠯ ᠪᠣᠯᠭᠠᠨ᠎ᠠ᠃ ᠨᠡᠶᠢᠭᠡᠮ ᠤᠨ ᠳᠡᠮᠵᠢᠯᠭᠡ ᠶᠢ ᠤᠯᠬᠤ ᠪᠠᠷ ᠢᠳᠡᠪᠬᠢᠯᠡᠨ ᠴᠢᠷᠮᠠᠶᠢᠵᠤ᠂ ᠣᠯᠠᠨ ᠡᠰᠢᠵᠢᠭ᠍ᠰᠡᠨ ᠪᠠᠯᠠ ᠴᠤᠭᠯᠠᠭᠤᠯᠬᠤ ᠠᠷᠭ᠎ᠠ ᠵᠠᠮ ᠢ ᠪᠠᠶᠢᠭᠤᠯᠤᠨ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠬᠥᠭᠵᠢᠯᠲᠡ ᠶᠢ ᠳᠡᠮᠵᠢᠬᠦ ᠬᠡᠷᠡᠭᠲᠡᠶ᠃  ︵ᠭᠤᠷᠪᠠ ︶ ᠰᠢᠮᠳᠠᠭᠤᠯᠤᠨ ᠵᠢᠯᠣᠭᠤᠳᠴᠤ ᠦᠨᠡᠯᠡᠨ ᠵᠢᠱᠢᠬᠦ ᠶᠢ ᠴᠢᠩᠭᠠᠳᠬᠠᠬᠤ ᠬᠡᠷᠡᠭᠲᠡᠶ᠃ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠲᠠᠯᠠᠪᠤᠷ ᠤᠨ ᠪᠠᠭᠠᠵᠢ ᠬᠡᠷᠡᠭᠰᠡᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠬᠦᠷᠢᠶ᠎ᠡ ᠬᠡᠪᠴᠢᠶᠡᠨ ᠳᠤ ᠣᠷᠣᠭᠤᠯᠵᠤ᠂ ᠦᠨᠡᠯᠡᠨ ᠵᠢᠱᠢᠭᠰᠡᠨ ᠦᠷ᠎ᠡ ᠳ᠋ᠦᠩ ᠢ ᠡᠯ᠎ᠡ ᠭᠠᠵᠠᠷ ᠤᠨ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠤᠨ᠂ ᠭᠠᠵᠠᠷ ᠣᠷᠣᠨ ᠤ ᠰᠤᠷᠭᠠᠨ ᠬᠥᠮᠦᠵᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠬᠡᠮᠵᠢᠬᠦ ᠴᠢᠬᠤᠯᠠ ᠭᠦᠢᠴᠡᠳᠭᠡᠯ ᠲᠤᠭ᠎ᠠ ᠪᠣᠯᠭᠠᠵᠤ᠂ ᠬᠢᠨᠠᠨ ᠵᠢᠯᠣᠭᠤᠳᠤᠭᠤᠯᠬᠤ ᠶᠢ ᠬᠦᠯᠢᠶᠡᠭᠰᠡᠨ ᠰᠠᠯᠠᠭ᠎ᠠ ᠮᠥᠴᠢᠷ ᠪᠠ ᠰᠤᠷᠭᠠᠭᠤᠯᠢ ᠵᠢᠴᠢ ᠲᠡᠭᠦᠨ ᠤ ᠭᠤᠤᠯ ᠬᠠᠷᠢᠭᠤᠴᠠᠯᠭᠠᠲᠠᠨ ᠢ ᠰᠢᠯᠭᠠᠨ ᠬᠢᠨᠠᠵᠤ ᠱᠠᠩᠨᠠᠵᠤ ᠲᠣᠷᠭᠠᠬᠤ ᠶᠢᠨ ᠦᠨᠳᠦᠰᠦᠯᠡᠯ ᠪᠣᠯᠭᠠᠨ᠎ᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号