ᠬᠥᠳᠡᠯᠮᠦᠷᠢ ᠶᠢᠨ ᠬᠥᠮᠦᠵᠢᠯ ᠢ ᠪᠠᠬᠢᠵᠢᠭᠦᠯᠵᠦ᠂ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠴᠤᠭᠴᠠᠯᠠᠬᠤ ︱ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠢ ᠠᠬᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/5
   ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠰᠠᠨᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠬᠠᠮᠢᠶ᠎ᠠ ᠪᠦᠬᠦᠢ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢ ᠪᠦᠬᠦ ᠲᠠᠯ᠎ᠠ ᠪᠠᠷ ᠬᠥᠮᠥᠵᠢᠭᠦᠯᠬᠦ ᠬᠥᠮᠥᠨ ᠢ ᠬᠥᠮᠥᠵᠢᠭᠦᠯᠬᠦ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠬᠥᠳᠡᠯᠮᠦᠷᠢ ᠶᠢᠨ ᠬᠥᠮᠦᠵᠢᠯ ᠤᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠮᠠᠨ ᠤ ᠰᠢᠶᠠᠨ ᠤ ᠬᠥᠳᠡᠯᠮᠦᠷᠢ ᠶᠢᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ  ᠲᠡᠭᠡᠭᠰᠢᠯᠡᠭᠦᠯᠬᠦ ᠶᠢᠨ ᠲᠦᠯᠦᠭᠡ᠂ 4 ᠰᠠᠷ᠎ᠠ ᠶᠢᠨ 3  ᠤ ᠦᠳᠡ ᠶᠢᠨ ᠬᠤᠶᠢᠨ᠎ᠠ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 2023 ᠣᠨ ᠤ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠪᠣᠯᠪᠠᠰᠤᠷᠠᠯ ᠤᠨ ᠬᠤᠷᠠᠯ ᠵᠢᠴᠢ ᠬᠥᠳᠡᠯᠮᠦᠷᠢ ᠶᠢᠨ ᠬᠥᠮᠦᠵᠢᠯ ᠤᠨ ᠲᠤᠷᠰᠢᠯᠭ᠎ᠠ ᠰᠣᠯᠢᠯᠴᠠᠬᠤ ᠬᠤᠷᠠᠯ ᠢ ᠬᠤᠷᠠᠯᠳᠤᠭᠤᠯᠪᠠ᠃    ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠢᠦᠢ ᠯᠧᠢ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠡᠶ᠎ᠡ ᠲᠠᠮᠢᠷ ᠡᠷᠡᠭᠦᠯ ᠬᠠᠮᠠᠭᠠᠯᠠᠯ ᠤᠷᠠᠯᠢᠭ ᠬᠥᠳᠡᠯᠮᠦᠷᠢ ᠶᠢᠨ ᠠᠯᠪᠠᠨ ᠭᠡᠷ ᠤᠨ ᠡᠷᠬᠢᠯᠡᠭᠴᠢ ᠱᠣᠣ ᠶᠠᠨ ᠬᠤᠩ᠂ ᠪᠡᠭᠡᠵᠢᠩ ᠬᠤᠲᠠ ᠶᠢᠨ ᠹᠠᠩ ᠱᠠᠨ ᠲᠣᠭᠤᠷᠢᠭ ᠤᠨ ᠪᠠᠭᠰᠢ ᠶᠢᠨ ᠳᠠᠪᠲᠠᠨ ᠪᠣᠯᠪᠠᠰᠤᠷᠠᠬᠤ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠡᠷᠬᠢᠯᠡᠭᠴᠢ ᠪᠥᠭᠡᠳ ᠬᠥᠳᠡᠯᠮᠦᠷᠢ ᠶᠢᠨ ᠬᠢᠴᠢᠶᠡᠯ ᠤᠨ ᠵᠢᠭᠠᠨ ᠰᠤᠳᠤᠯᠤᠭᠴᠢ ᠶᠢᠨ ᠴᠦᠨ ᠶᠠᠨ᠂ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠤᠨ ᠰᠤᠷᠤᠯᠴᠠᠬᠤ ᠲᠥᠪ ᠤᠨ ᠳᠡᠳ᠋ ᠡᠷᠬᠢᠯᠡᠭᠴᠢ ᠵᠢᠶᠠᠩ ᠸᠧᠢ ᠪᠦᠦ᠂ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠤᠨ ᠰᠤᠷᠤᠯᠴᠠᠬᠤ ᠲᠥᠪ ᠤᠨ ᠳᠡᠳ᠋ ᠡᠷᠬᠢᠯᠡᠭᠴᠢ ᠸᠠᠩ ᠶᠠᠩ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠤᠨ ᠰᠤᠷᠤᠯᠴᠠᠬᠤ ᠲᠥᠪ ᠤᠨ ᠬᠥᠳᠡᠯᠮᠦᠷᠢ ᠰᠤᠷᠭᠠᠨ ᠬᠥᠮᠦᠵᠢᠯ ᠤᠨ ᠵᠢᠭᠠᠨ ᠰᠤᠳᠤᠯᠤᠭᠴᠢ ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠬᠥᠳᠡᠯᠮᠦᠷᠢ ᠰᠤᠷᠭᠠᠨ ᠬᠥᠮᠦᠵᠢᠯ ᠤᠨ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ᠂ ᠬᠥᠳᠡᠯᠮᠦᠷᠢ ᠰᠤᠷᠭᠠᠨ ᠬᠥᠮᠦᠵᠢᠯ ᠤᠨ ᠪᠠᠭᠰᠢ ᠨᠡᠶᠢᠲᠡ 83 ᠬᠥᠮᠥᠨ ᠲᠣᠰ ᠤᠳᠠᠭᠠᠨ ᠤ ᠬᠤᠷᠠᠯ ᠳᠤ ᠣᠷᠣᠯᠴᠠᠵᠤ᠂ ᠬᠤᠷᠠᠯ ᠢ ᠱᠣᠸ ᠶᠠᠨ ᠬᠤᠩ ᠡᠷᠬᠢᠯᠡᠭᠴᠢ ᠡᠷᠭᠢᠯᠡᠵᠡᠶ᠃    ᠬᠤᠷᠠᠯ ᠤᠨ ᠨᠢᠭᠡᠳᠦᠭᠡᠷ ᠵᠤᠷᠪᠤᠰ᠂ ᠶᠢᠨ ᠴᠦᠨ ᠶᠠᠨ ᠪᠠᠭᠰᠢ ᠠᠴᠠ ᠰᠤᠷᠭᠠᠭᠤᠯᠢ ᠶᠢᠨ ᠬᠥᠳᠡᠯᠮᠦᠷᠢ ᠶᠢᠨ ᠬᠢᠴᠢᠶᠡᠯ ᠤᠨ ᠭᠤᠣᠯ ᠬᠡᠯᠪᠡᠷᠢ᠂ ᠣᠷᠣᠨ ᠨᠤᠲᠤᠭ ᠤᠨ ᠡᠬᠢ ᠪᠠᠶᠠᠯᠢᠭ ᠢᠶᠠᠨ ᠠᠰᠢᠭᠯᠠᠨ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠬᠥᠳᠡᠯᠮᠦᠷᠢ ᠶᠢᠨ ᠦᠢᠯᠡᠳᠦᠯᠭᠡ᠂ ᠰᠤᠷᠭᠠᠭᠤᠯᠢ ᠪᠠ ᠭᠡᠷ ᠪᠦᠯᠢ᠂ ᠨᠡᠶᠢᠭᠡᠮ ᠤᠨ ᠬᠢᠨ ᠬᠠᠮᠵᠢᠯᠴᠠᠨ ᠬᠥᠮᠥᠨ ᠬᠥᠮᠥᠵᠢᠭᠦᠯᠬᠦ᠂ ᠬᠡᠷᠬᠢᠨ ᠬᠢᠴᠢᠶᠡᠯ ᠪᠡᠯᠡᠳᠬᠡᠵᠦ ᠬᠢᠴᠢᠶᠡᠯ ᠶᠠᠷᠢᠵᠤ ᠬᠢᠴᠢᠶᠡᠯ ᠦᠨᠡᠯᠡᠬᠦ ᠵᠡᠷᠭᠡ ᠲᠠᠯ᠎ᠠ ᠪᠠᠷ ︽ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠢᠴᠢᠶᠡᠯ ᠤᠨ ᠲᠥᠯᠥᠪᠯᠡᠭᠡ ᠪᠠ ᠬᠡᠷᠡᠭᠵᠢᠭᠦᠯᠦᠯᠲᠡ︾ ᠶᠢᠨ ᠲᠤᠬᠠᠢ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠦᠷᠨᠢᠭᠦᠯᠵᠤ᠂ ᠪᠢᠳᠡᠨ ᠤ ᠬᠠᠷᠠᠭ᠎ᠠ ᠶᠢ ᠨᠡᠭᠡᠭᠡᠨ᠂ ᠬᠥᠳᠡᠯᠮᠦᠷᠢ ᠶᠢᠨ ᠬᠢᠴᠢᠶᠡᠯ ᠤᠨ ᠲᠥᠯᠥᠪᠯᠡᠭᠡ ᠶᠢᠨ ᠲᠤᠬᠠᠢ ᠴᠣ᠋ ᠰᠢᠨ᠎ᠡ ᠪᠣᠳᠣᠯᠬᠢᠯᠠᠯ ᠢ ᠠᠪᠴᠢᠷᠠᠭᠰᠠᠨ ᠪᠠᠶᠢᠨ᠎ᠠ᠃    ᠬᠤᠷᠠᠯ ᠤᠨ ᠬᠤᠶᠠᠳᠤᠭᠠᠷ ᠵᠤᠷᠪᠤᠰ ᠲᠤ᠂ ᠡᠯ᠎ᠡ ᠰᠤᠷᠭᠠᠭᠤᠯᠢ ᠶᠢᠨ ᠵᠠᠬᠢᠷᠤᠯ ᠲᠣᠰ ᠰᠤᠷᠭᠠᠭᠤᠯᠢ ᠶᠢᠨ ᠬᠥᠳᠡᠯᠮᠦᠷᠢ ᠰᠤᠷᠭᠠᠨ ᠬᠥᠮᠦᠵᠢᠯ ᠤᠨ ᠠᠵᠢᠯ ᠤᠨ ᠲᠥᠯᠦᠪᠵᠢᠭᠦᠯᠭᠡ᠂ ᠣᠳᠣᠬᠢ ᠪᠠᠶᠢᠳᠠᠯ᠂ ᠠᠵᠢᠯ ᠤᠨ ᠠᠬᠢᠴᠠ ᠵᠡᠷᠭᠡ ᠪᠠᠶᠢᠳᠠᠯ ᠢᠶᠠᠨ ᠰᠣᠯᠢᠯᠴᠠᠬᠤ ᠪᠠ ᠲᠤᠷᠰᠢᠯᠭ᠎ᠠ ᠪᠠᠨ ᠬᠤᠪᠢᠶᠠᠯᠴᠠᠵᠤ᠂ ᠲᠣᠰ ᠰᠤᠷᠭᠠᠭᠤᠯᠢ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠰᠤᠷᠭᠠᠭᠤᠯᠢ ᠶᠢᠨ ᠬᠥᠳᠡᠯᠮᠦᠷᠢ ᠰᠤᠷᠭᠠᠨ ᠬᠥᠮᠦᠵᠢᠯ ᠤᠨ ᠠᠵᠢᠯ ᠤᠨ ᠲᠥᠯᠦᠪᠵᠢᠭᠦᠯᠭᠡ ᠶᠢ ᠨᠠᠷᠢᠨ ᠨᠢᠮᠪᠠᠢ ᠲᠥᠯᠥᠪᠯᠡᠭᠰᠡᠨ ᠮᠥᠷᠲᠡᠭᠡᠨ ᠪᠠᠰᠠ ᠰᠤᠷᠭᠠᠭᠤᠯᠢ ᠶᠢᠨ ᠬᠥᠳᠡᠯᠮᠦᠷᠢ ᠰᠤᠷᠭᠠᠨ ᠬᠥᠮᠦᠵᠢᠯ ᠤᠨ ᠠᠵᠢᠯ ᠢ ᠬᠡᠷᠡᠭᠵᠢᠭᠦᠯᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ ᠴᠢᠳᠠᠬᠤ ᠪᠥᠭᠡᠳ ᠠᠰᠠᠭᠤᠳᠠᠯ ᠳᠤ ᠴᠢᠭᠯᠡᠭᠦᠯᠦᠨ ᠪᠣᠳᠠᠲᠠᠢ ᠰᠢᠢᠳᠪᠦᠷᠢᠯᠡᠬᠦ ᠲᠥᠰᠥᠯ ᠳᠤᠷᠠᠳᠤᠨ ᠭᠠᠷᠭᠠᠵᠤ ᠴᠢᠳᠠᠨ᠎ᠠ᠃ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠤᠨ ᠰᠤᠷᠤᠯᠴᠠᠬᠤ ᠲᠥᠪ ᠤᠨ ᠬᠥᠳᠡᠯᠮᠦᠷᠢ ᠶᠢᠨ ᠰᠤᠷᠭᠠᠨ ᠬᠥᠮᠦᠵᠢᠯ ᠤᠨ ᠵᠢᠭᠠᠨ ᠰᠤᠳᠤᠯᠤᠭᠴᠢ ᠸᠠᠩ ᠬᠤᠶ ᠵᠢᠶᠧ ᠪᠠᠭᠰᠢ ᠮᠠᠨ ᠤ ᠰᠢᠶᠠᠨ ᠤ ᠬᠥᠳᠡᠯᠮᠦᠷᠢ ᠶᠢᠨ ᠰᠤᠷᠭᠠᠨ ᠬᠥᠮᠦᠵᠢᠯ ᠤᠨ ᠣᠳᠣᠬᠢ ᠪᠠᠶᠢᠳᠠᠯ ᠳᠤ ᠴᠢᠭᠯᠡᠭᠦᠯᠦᠨ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠡᠯ᠎ᠡ ᠰᠤᠷᠭᠠᠭᠤᠯᠢ ᠶᠢᠨ ᠬᠥᠳᠡᠯᠮᠦᠷᠢ ᠶᠢᠨ ᠰᠤᠷᠭᠠᠨ ᠬᠥᠮᠦᠵᠢᠯ ᠤᠨ ᠬᠢᠴᠢᠶᠡᠯ ᠤᠨ ᠱᠠᠭᠠᠷᠳᠠᠯᠭ᠎ᠠ ᠶᠢ ᠲᠣᠳᠣᠷᠬᠠᠢ ᠪᠣᠯᠭᠠᠵᠤ᠂ ᠰᠤᠷᠭᠠᠭᠤᠯᠢ ᠶᠢᠨ ᠲᠠᠷᠠᠭᠠᠴᠢ ᠶᠢᠨ ᠠᠯᠬᠤᠮ ᠤᠨ ᠬᠥᠳᠡᠯᠮᠦᠷᠢ ᠶᠢᠨ ᠰᠤᠷᠭᠠᠨ ᠬᠥᠮᠦᠵᠢᠯ ᠢ ᠬᠡᠷᠡᠭᠵᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ᠃    ᠬᠤᠷᠠᠯ ᠤᠨ ᠭᠤᠷᠪᠠᠳᠤᠭᠠᠷ ᠵᠤᠷᠪᠤᠰ ᠲᠤ᠂ ᠳᠡᠳ᠋ ᠲᠣᠪᠴᠢᠶᠠᠨ ᠳᠠᠷᠤᠭ᠎ᠠ ᠰᠢᠦᠢ ᠯᠧᠢ ᠶᠠᠷᠢᠶ᠎ᠠ ᠲᠠᠯᠪᠢᠵᠤ᠂ ᠮᠠᠨ ᠤ ᠰᠢᠶᠠᠨ ᠤ ᠬᠥᠳᠡᠯᠮᠦᠷᠢ ᠶᠢᠨ ᠬᠥᠮᠦᠵᠢᠯ ᠤᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ᠂ ᠡᠯ᠎ᠡ ᠰᠤᠷᠭᠠᠭᠤᠯᠢ ᠨᠤᠭᠤᠳ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠴᠢᠭᠯᠡᠯᠲᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠲᠠᠯ᠎ᠠ ᠪᠠᠷ ᠬᠥᠳᠡᠯᠮᠦᠷᠢ ᠶᠢᠨ ᠬᠥᠮᠦᠵᠢᠯ ᠢ ᠴᠢᠬᠤᠯᠠᠴᠢᠯᠠᠬᠤ ᠬᠡᠷᠡᠭᠲᠡᠢ︔ ᠶᠡᠭᠡ ᠰᠤᠷᠭᠠᠨ ᠬᠥᠮᠦᠵᠢᠯ ᠤᠨ ᠦᠵᠡᠯᠲᠡ ᠲᠠᠢ ᠪᠠᠶᠢᠵᠤ᠂ ᠤᠯᠠᠨ ᠰᠢᠨᠵᠢᠯᠡᠭᠡᠨ ᠤ ᠰᠠᠯᠠᠭ᠎ᠠ ᠶᠢ ᠠᠭᠤᠰᠤᠯᠴᠠᠭᠤᠯᠬᠤ ᠶᠢ ᠪᠡᠶᠡᠯᠡᠭᠦᠯᠵᠦ᠂ ᠰᠡᠳᠬᠢᠴᠡ ᠪᠠᠨ ᠨᠡᠭᠡᠭᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ︽ᠪᠠᠭ᠎ᠠ᠂ ᠪᠣᠳᠠᠲᠠᠢ᠂ ᠣᠶᠢᠷ᠎ᠠ︾ ᠪᠠᠶᠢᠬᠤ ᠬᠠᠷᠠᠯᠲᠠ ᠪᠠᠷ ᠬᠥᠳᠡᠯᠮᠦᠷᠢ ᠶᠢᠨ ᠬᠥᠮᠦᠵᠢᠯ ᠢ ᠪᠦᠲᠦᠮᠵᠢᠲᠡᠢ ᠨᠠᠶᠢᠳᠠᠪᠤᠷᠢᠵᠢᠭᠤᠯᠬᠤ ᠬᠡᠷᠡᠭᠲᠡᠢ︔ ᠡᠯ᠎ᠡ ᠰᠤᠷᠭᠠᠭᠤᠯᠢ ᠨᠤᠭᠤᠳ ᠡᠮᠬᠢᠯᠡᠨ ᠳᠢᠭᠯᠡᠵᠦ᠂ ᠡᠮᠬᠢᠯᠡᠨ ᠨᠡᠶᠢᠯᠡᠭᠦᠯᠵᠦ᠂ ᠳᠡᠭᠡᠭᠰᠢᠯᠡᠭᠦᠯᠦᠨ᠂ ᠰᠤᠷᠭᠠᠭᠤᠯᠢ ᠡᠷᠭᠢᠯᠡᠬᠦ ᠣᠨᠣᠯᠵᠢᠬᠤᠨ ᠤ ᠵᠢᠯᠣᠭᠤᠳᠤᠯᠭ᠎ᠠ ᠳᠣᠣᠷ᠎ᠠ᠂ ᠲᠣᠰ ᠰᠤᠷᠭᠠᠭᠤᠯᠢ ᠶᠢᠨ ᠢᠶᠠᠨ ᠬᠥᠳᠡᠯᠮᠦᠷᠢ ᠰᠤᠷᠭᠠᠨ ᠬᠥᠮᠦᠵᠢᠯ ᠤᠨ ᠬᠢᠴᠢᠶᠡᠯ ᠤᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃    ᠲᠣᠰ ᠤᠳᠠᠭᠠᠨ ᠤ ᠬᠤᠷᠠᠯ ᠨᠢ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠶᠢ ᠪᠦᠲᠦᠮᠵᠢᠲᠡᠶ ᠠᠬᠢᠭᠤᠯᠵᠤ᠂ ᠬᠥᠳᠡᠯᠮᠦᠷᠢ ᠶᠢᠨ ᠬᠥᠮᠦᠵᠢᠯ ᠤᠨ ᠬᠢᠴᠢᠶᠡᠯ ᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠰᠤᠷᠤᠭᠴᠢᠳ ᠤᠨ ᠬᠥᠳᠡᠯᠮᠦᠷᠢ ᠶᠢᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠯᠮᠦᠷᠢᠯᠡᠬᠦ ᠪᠠᠷ ᠶᠣᠰᠣ ᠮᠣᠷᠠᠯ ᠢ ᠪᠣᠶ ᠪᠣᠯᠭᠠᠬᠤ᠂ ᠬᠥᠳᠡᠯᠮᠦᠷᠢᠯᠡᠬᠦ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠬᠥᠳᠡᠯᠮᠦᠷᠢᠯᠡᠬᠦ ᠪᠠᠷ ᠪᠡᠶ᠎ᠡ ᠮᠠᠬᠠᠪᠤᠳ ᠢ ᠬᠦᠴᠦᠷᠬᠡᠭᠵᠢᠭᠦᠯᠬᠦ᠂ ᠬᠥᠳᠡᠯᠮᠦᠷᠢᠯᠡᠬᠦ ᠪᠠᠷ ᠭᠤᠸ᠎ᠠ ᠰᠠᠶᠢᠬᠠᠨ ᠢ ᠬᠥᠮᠥᠵᠢᠭᠦᠯᠬᠦ ᠬᠠᠷᠠᠯᠲᠠ ᠳᠤ ᠬᠦᠷᠴᠦ᠂ ᠥᠷᠭᠡᠨ ᠣᠯᠠᠨ ᠰᠤᠷᠤᠭᠴᠢᠳ ᠢ ᠬᠥᠳᠡᠯᠮᠦᠷᠢ ᠶᠢᠨ ᠡᠭᠦᠳᠦᠨ ᠪᠦᠲᠦᠭᠡᠯᠲᠡ ᠶᠢᠨ ᠳᠤᠮᠳᠠ ᠡᠷᠡᠭᠦᠯ ᠢᠶᠠᠷ ᠥᠰᠬᠡᠨ ᠪᠣᠶᠢᠵᠢᠭᠤᠯᠬᠤ ᠪᠣᠯᠣᠨ᠎ᠠ︕
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号