ᠠᠨᠠᠷ ᠤᠨ ᠦᠷ᠎ᠡ ᠰᠡᠳᠬᠢᠯ ᠢᠶᠠᠨ ᠨᠢᠭᠡᠳᠬᠡᠨ ᠵᠡᠭᠦᠳᠦ ᠪᠠᠨ ᠲᠡᠷᠭᠡᠯᠰᠢᠭᠦᠯᠦᠨ᠎ᠡ ︱ ᠮᠠᠨ ᠤ ᠪᠠᠶᠠᠷ ᠤᠨ ᠡᠳᠦᠷ ︱ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠠᠩᠰᠢ ᠶᠢᠨ ᠭᠤᠣᠯ ᠰᠡᠳᠦᠪᠲᠦ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠪᠡ
ᠨᠡᠶᠢᠲᠡᠯᠡᠭᠰᠡᠨ ᠴᠠᠭ᠄
2023/4/5
   ᠬᠥᠰᠢᠶᠡᠨ ᠤ ᠪᠢᠴᠢᠭᠡᠰᠦ ᠶᠢᠨ ᠲᠡᠦᠬᠡ ᠮᠢᠩᠭᠠᠨ ᠣᠨ ᠤ ᠮᠠᠭᠲᠠᠭᠠᠯ ᠢᠶᠠᠷ ᠲᠣᠯᠢ ᠪᠣᠯᠭᠠᠵᠤ᠂ ᠴᠢᠩ ᠦᠨᠡᠨᠴᠢ ᠰᠡᠳᠬᠢᠯ ᠬᠤᠶᠢᠴᠢ ᠦᠶ᠎ᠡ ᠶᠢᠨ ᠬᠥᠮᠥᠰ ᠢ ᠵᠣᠷᠢᠭᠵᠢᠭᠤᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠤᠯᠵᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠬᠠᠶᠢᠷᠠᠯᠠᠨ ᠬᠠᠮᠠᠭᠠᠯᠠᠵᠤ᠂ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠪᠠᠶᠢᠭᠤᠯᠤᠯᠲᠠ ᠶᠢᠨ ᠠᠵᠢᠯᠯᠠᠭᠠᠨ ᠤ ᠬᠡᠯᠪᠡᠷᠢ᠂ ᠳᠡᠰ ᠳᠠᠷᠠᠭᠠᠯᠠᠯ ᠤᠨ ᠬᠡᠯᠪᠡᠷᠢ᠂ ᠬᠢᠴᠢᠶᠡᠯ ᠤᠨ ᠬᠡᠯᠪᠡᠷᠢ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠤᠨ ᠤᠯᠠᠮᠵᠢᠯᠠᠯ ᠪᠣᠯᠣᠨ ᠬᠤᠪᠢᠰᠬᠠᠯᠲᠤ ᠤᠯᠠᠮᠵᠢᠯᠠᠯ ᠢ ᠪᠠᠳᠠᠷᠠᠭᠤᠯᠵᠤ᠂ ᠥᠷᠭᠡᠨ ᠤᠯᠠᠨ ᠨᠠᠰᠤᠨ ᠳᠤ ᠦᠯᠦ ᠬᠦᠷᠦᠭᠰᠡᠳ ᠢ ᠬᠥᠲᠥᠯᠥᠨ ᠵᠢᠯᠤᠭᠤᠳᠴᠤ ᠪᠠᠶᠢᠭᠠᠳ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ᠬᠤᠪᠢᠰᠬᠠᠯ ᠤᠨ ᠭᠧᠨ ᠢ ᠭᠦᠨ ᠤᠷᠭᠤᠭᠤᠯᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠢ ᠬᠥᠭᠵᠢᠭᠡᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠵᠦ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ︽ᠮᠠᠨ ᠤ ᠪᠠᠶᠠᠷ ᠤᠨ ᠡᠳᠦᠷ · ᠬᠠᠩᠰᠢ︾ ᠭᠡᠬᠦ ᠭᠤᠣᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠪᠡ᠃    ᠠᠵᠢᠯᠯᠠᠭ᠎ᠠ ᠡᠬᠢᠯᠡᠮᠡᠭᠴᠡ᠂ ᠪᠦᠭᠦᠳᠡᠭᠡᠷ ᠢᠶᠠᠨ ᠬᠢᠴᠢᠶᠡᠩᠭᠦᠶᠢᠯᠡᠨ ᠵᠣᠭᠰᠣᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠬᠠᠨᠳᠤᠭᠤᠯᠤᠨ ᠨᠠᠮᠠᠨᠴᠢᠯᠠᠨ ᠭᠠᠰᠢᠭᠤᠳᠠᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠡᠩᠨᠡᠭᠡ ᠶᠢᠨ ᠶᠣᠰᠣᠯᠠᠯ ᠶᠠᠪᠤᠭᠤᠯᠪᠠ᠃ ᠳᠠᠷᠠᠭ᠎ᠠ ᠳᠤᠨᠢ᠂ ᠰᠤᠷᠤᠭᠴᠢᠳ ᠦᠷᠡᠭᠳᠡᠭᠰᠡᠨ ᠪᠠᠭᠠᠲᠤᠷᠴᠤᠳ ᠲᠤ ᠰᠣᠷᠭᠤᠭ ᠴᠡᠴᠡᠭ ᠬᠦᠷᠭᠡᠪᠡ᠃    ᠳᠤᠷᠠᠰᠬᠠᠵᠤ ᠪᠠᠶᠢᠭ᠎ᠠ ᠨᠢ ᠨᠡᠩ ᠰᠠᠶᠢᠲᠤᠷ ᠤᠷᠤᠭᠰᠢᠯᠠᠬᠤ ᠶᠢᠨ ᠲᠥᠯᠥᠭᠡ ᠶᠤᠮ᠃ ᠲᠤᠰ ᠤᠳᠠᠭᠠᠨ ᠤ ᠰᠢᠷᠢᠰ ᠠᠵᠢᠯᠯᠠᠭ᠎ᠠ᠂ ᠪᠦᠬᠦ ᠰᠢᠶᠠᠨ ᠤ 35 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠡᠶᠢᠲᠡ 2 ᠲᠦᠮᠡ ᠭᠠᠷᠤᠢ ᠪᠠᠭᠰᠢ ᠰᠤᠷᠤᠭᠴᠢ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠳᠣᠣᠷ᠎ᠠ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠲᠠᠢ ᠨᠢᠭᠲᠠ ᠤᠶᠠᠯᠳᠤᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠴᠢᠩᠭᠠᠳᠬᠠᠵᠤ᠂ ᠥᠷᠭᠡᠨ ᠤᠯᠠᠨ ᠪᠠᠭᠰᠢ ᠰᠤᠷᠤᠭᠴᠢᠳ ᠤᠨ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠰᠡᠳᠬᠢᠯᠭᠡ ᠶᠢᠨ ᠠᠵᠢᠯᠯᠠᠭ᠎ᠠ ᠶᠢᠨ ᠭᠤᠣᠯ ᠰᠡᠳᠦᠪ ᠢ ᠨᠡᠮᠡᠭᠳᠡᠭᠦᠯᠵᠦ᠂ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠤᠨ ᠰᠤᠳᠤᠯᠤᠨ ᠰᠤᠷᠤᠯᠴᠠᠬᠤ ᠦᠢᠯᠡᠳᠦᠯᠭᠡ᠂ ᠤᠯᠤᠰ ᠤᠨ ᠲᠤᠭ ᠤᠨ ᠳᠣᠣᠷᠠᠬᠢ ᠶᠠᠷᠢᠶ᠎ᠠ ᠢᠯᠡᠳᠬᠡᠯ᠂ ᠬᠤᠪᠢᠰᠬᠠᠯ ᠤᠨ ᠰᠣᠩᠭᠤᠳᠠᠭ ᠵᠣᠬᠢᠶᠠᠯ ᠢ ᠤᠩᠰᠢᠬᠤ ᠵᠡᠷᠭᠡ ᠠᠵᠢᠯᠯᠠᠭ᠎ᠠ ᠪᠠᠷ ᠳᠠᠮᠵᠢᠭᠤᠯᠵᠤ᠂ ᠥᠷᠭᠡᠨ ᠤᠯᠠᠨ ᠵᠠᠯᠠᠭᠤᠴᠤᠳ ᠪᠠᠭᠠᠴᠤᠳ ᠢ ᠬᠥᠲᠥᠯᠥᠨ ᠳᠠᠭᠠᠭᠤᠯᠵᠤ ᠬᠤᠪᠢᠰᠬᠠᠯ ᠤᠨ ᠭᠧᠨ ᠢ ᠤᠯᠠᠮᠵᠢᠯᠠᠵᠤ᠂ ᠬᠤᠪᠢᠰᠬᠠᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠵᠦ᠂ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠵᠣᠪᠠᠭᠤᠷᠢ ᠶᠢ ᠠᠮᠰᠠᠬᠤ᠂ ᠴᠢᠷᠮᠠᠶᠢᠨ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠬᠤ ᠪᠠᠷ ᠵᠣᠷᠢᠭ ᠰᠢᠭᠤᠳᠤᠭᠤᠯᠤᠶ᠎ᠠ︕
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号