ᠲᠦᠴᠢᠦᠸᠠᠨ ᠰᠢᠶᠠᠨ ᠪᠡᠭᠡᠵᠢᠩ ᠳᠤ ᠬᠢᠩᠭᠠᠨ ᠠᠶᠢᠮᠠᠭ ᠤᠨ ᠠᠮᠢ ᠠᠬᠤᠢ ᠶᠢᠨ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠤ ᠲᠥᠪᠯᠡᠷᠡᠭᠦᠯᠦᠨ ᠴᠤᠭᠯᠠᠭᠤᠯᠬᠤ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠲᠠᠨᠢᠯᠴᠠᠭᠤᠯᠬᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/4/6
  4 ᠰᠠᠷ᠎ᠠ ᠶᠢᠨ 6  ᠤ ᠡᠳᠦᠷ᠂ ᠲᠦᠴᠢᠦᠸᠠᠨ ᠰᠢᠶᠠᠨ ᠪᠡᠭᠡᠵᠢᠩ ᠬᠤᠳᠠ ᠶᠢᠨ ᠹᠥ᠋ᠩᠲ᠋ᠠᠢ ᠲᠣᠭᠤᠷᠢᠭ ᠤᠨ ᠰᠢᠨ ᠹᠠ ᠳ᠋ᠢ ᠤᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠬᠤᠷᠠᠯ ᠦᠵᠡᠰᠬᠦᠯᠡᠩ ᠤᠨ ᠲᠥᠪ ᠲᠤ ᠬᠢᠩᠭᠠᠨ ᠠᠶᠢᠮᠠᠭ ᠤᠨ ᠠᠮᠢ ᠠᠬᠤᠢ ᠶᠢᠨ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠤ ᠲᠥᠪᠯᠡᠷᠡᠭᠦᠯᠦᠨ ᠴᠤᠭᠯᠠᠭᠤᠯᠬᠤ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠲᠠᠨᠢᠯᠴᠠᠭᠤᠯᠬᠤ ᠬᠤᠷᠠᠯ ᠳᠤ ᠣᠷᠣᠯᠴᠠᠵᠠᠢ᠃ ᠰᠢᠶᠠᠨ ᠤ ᠤᠳᠤᠷᠢᠳᠤᠯᠭ᠎ᠠ ᠯᠦ ᠵᠧᠩ ᠴᠦᠨ᠂ ᠬᠤᠸᠠᠩ ᠢ ᠬᠧ᠂ ᠰᠦᠨ ᠵᠧᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠪᠡᠭᠡᠵᠢᠩ ᠳᠤ ᠣᠷᠣᠵᠤ ᠳᠡᠯᠭᠡᠨ ᠪᠣᠷᠣᠯᠠᠭᠤᠯᠬᠤ ᠠᠵᠤ ᠠᠬᠤᠶᠢᠯᠠᠯ ᠤᠨ ᠲᠥᠯᠥᠭᠡᠯᠡᠭᠴᠢ ᠣᠷᠣᠯᠴᠠᠵᠠᠢ᠃
   ᠲᠠᠨᠢᠯᠴᠠᠭᠤᠯᠭ᠎ᠠ ᠶᠢᠨ ᠬᠤᠷᠠᠯ ᠨᠢ ᠮᠠᠨ ᠤ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠶᠢᠨ ᠡᠬᠢ ᠪᠠᠶᠠᠯᠢᠭ ᠤᠨ ᠳᠠᠪᠠᠭᠤᠯᠢᠭ᠂ ᠳᠠᠪᠠᠭᠤᠯᠢᠭ ᠠᠵᠤ ᠦᠢᠯᠡᠰ᠂ ᠬᠥᠭᠵᠢᠯᠲᠡ ᠶᠢᠨ ᠳᠠᠯᠳᠠ ᠬᠦᠴᠦᠨ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ᠂ ᠣᠯᠠᠨ ᠬᠠᠷᠠᠭᠠᠰᠤ   ᠠᠴᠠ ᠤᠬᠠᠭᠤᠯᠤᠨ ᠳᠡᠯᠭᠡᠨ ᠦᠵᠡᠭᠦᠯᠵᠡᠢ᠃ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠵᠢᠴᠢ ᠲᠦᠴᠢᠦᠸᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠶᠤᠸᠠᠨ ᠽᠠᠢ ᠰᠢᠨ ᠠᠨ ︵ᠥᠪᠥᠷ ᠮᠣᠩᠭᠤᠯ︶ ᠤ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠢᠦᠢ ᠹᠥ᠋ᠩ ᠴᠢᠦᠸᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠨᠢ ᠲᠤᠰ ᠲᠤᠰ ᠪᠡᠭᠡᠵᠢᠩ ᠬᠤᠳᠠ ᠶᠢᠨ ᠹᠠᠩᠱᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠤᠮᠳᠠᠳᠤ ᠤᠯᠤᠰ ᠤᠨ ᠵᠦᠩ ᠪᠥᠸᠧ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠤᠯᠠᠨ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠲᠠᠢ ᠲᠤᠬᠠᠢ ᠶᠢᠨ ᠲᠠᠯᠠᠪᠤᠷ ᠲᠤ ᠭᠡᠷ᠎ᠡ ᠲᠣᠭᠲᠠᠵᠠᠢ᠃
    ︽ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠡᠶᠢᠲᠡ 21 ᠲᠣᠰ ᠭᠠᠵᠠᠷ ᠣᠷᠣᠨ ᠤ ᠠᠵᠤ ᠠᠬᠤᠶᠢᠯᠠᠯ ᠤᠨ 80 ᠭᠠᠷᠤᠢ ᠵᠦᠢᠯ ᠤᠨ ᠦᠢᠯᠡᠳᠬᠦᠨ ᠠᠪᠴᠤ ᠦᠵᠡᠰᠬᠦᠯᠡᠩ ᠳᠤ ᠣᠷᠤᠯᠴᠠᠬᠤ ᠶᠢ ᠵᠣᠬᠢᠶᠠᠨ ᠪᠠᠶᠢᠭᠤᠯᠪᠠ᠃ ᠡᠭᠦᠨ ᠤ ᠵᠡᠷᠭᠡ ᠳᠤ᠂ ᠪᠢᠳᠡ ᠪᠠᠰᠠ ᠪᠡᠭᠡᠵᠢᠩ ᠬᠤᠲᠠ ᠶᠢᠨ ᠹᠠᠩᠱᠠᠨ ᠲᠣᠭᠤᠷᠢᠭ ᠤᠨ ᠲᠦᠷ ᠴᠠᠭ ᠲᠤᠰᠢᠶᠠᠯ ᠡᠭᠦᠷᠭᠡᠯᠡᠬᠦ ᠪᠦᠯᠬᠦᠮ ᠤᠨ ᠬᠦᠴᠦᠲᠡᠢ ᠳᠡᠮᠵᠢᠯᠭᠡ ᠶᠢ ᠣᠯᠵᠤ᠂ ᠲᠥᠰᠥᠪ ᠤᠨ ᠬᠤᠳᠠᠯᠳᠤᠨ ᠠᠪᠬᠤ ᠨᠢᠭᠡᠴᠡ ᠪᠠ ᠪᠡᠭᠡᠵᠢᠩ ᠬᠤᠲᠠ ᠶᠢᠨ ᠬᠤᠳᠠᠯᠳᠤᠨ ᠠᠪᠬᠤ ᠠᠵᠤ ᠠᠬᠤᠶᠢᠯᠠᠯ ᠢ ᠨᠡᠶᠢᠲᠡ 22 ᠤᠷᠢᠵᠤ᠂ ᠲᠠᠨᠢᠯᠴᠠᠭᠤᠯᠬᠤ ᠬᠤᠷᠠᠯ ᠤᠨ ᠲᠤᠬᠠᠢ ᠶᠢᠨ ᠲᠠᠯᠠᠪᠤᠷ ᠲᠤ ᠪᠢᠳᠡ ᠨᠡᠶᠢᠲᠡ 18 ᠵᠠᠬᠢᠶᠠᠯᠠᠭ᠎ᠠ ᠶᠢᠨ ᠬᠠᠭᠤᠳᠠᠰᠤ ᠲᠣᠭᠲᠠᠵᠤ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 6 ᠳ᠋ᠦᠩᠰᠢᠭᠤᠷ ᠭᠠᠷᠤᠢ ᠲᠥᠭᠦᠷᠢᠭ ᠲᠤ ᠬᠦᠷᠴᠦ᠂ ᠡᠯᠪᠡᠭ ᠳᠡᠯᠪᠡᠭ ᠦᠷ᠎ᠡ ᠪᠦᠲᠦᠭᠡᠯ ᠣᠯᠣᠭᠰᠠᠨ ᠭᠡᠵᠦ ᠬᠡᠯᠡᠵᠦ ᠪᠣᠯᠣᠨ᠎ᠠ︾ ᠭᠡᠵᠦ ᠲᠦᠴᠢᠦᠸᠠᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠡᠳ᠋ ᠳᠠᠷᠤᠭ᠎ᠠ ᠯᠢ ᠪᠢᠩ ᠪᠢᠩ ᠬᠡᠯᠡᠵᠡᠢ᠃
   ᠲᠠᠨᠢᠯᠴᠠᠭᠤᠯᠭ᠎ᠠ ᠶᠢᠨ ᠬᠤᠷᠠᠯ ᠤᠨ ᠲᠤᠬᠠᠢ ᠶᠢᠨ ᠲᠠᠯᠠᠪᠠᠢ ᠳᠤ᠂ ᠬᠦᠷ ᠬᠥᠭᠵᠢᠶᠡᠨ ᠲᠠᠢ ᠪᠠᠶᠢᠳᠠᠯ ᠢᠶᠠᠷ ᠪᠢᠯᠬᠠᠨ᠎ᠠ ᠃ ᠲᠦᠴᠢᠦᠸᠠᠨ ᠰᠢᠶᠠᠨ ᠤ 21 ᠲᠤᠰ ᠭᠠᠵᠠᠷ ᠣᠷᠣᠨ ᠤ ᠠᠵᠤ ᠠᠬᠤᠶᠢᠯᠠᠯ ᠤᠨ 80 ᠭᠠᠷᠤᠢ ᠬᠡᠯᠪᠡᠷᠢ ᠶᠢᠨ ᠠᠮᠢ ᠠᠬᠤᠢ ᠶᠢᠨ ᠲᠠᠷᠢᠶᠠᠯᠠᠩ ᠤᠨ ᠪᠦᠲᠦᠭᠡᠭᠳᠡᠬᠦᠨ ᠨᠢ ᠤᠯᠠᠨ ᠵᠣᠴᠢᠳ ᠤᠨ ᠠᠩᠬᠠᠷᠤᠯ ᠢ ᠲᠠᠲᠠᠵᠤ᠂ ᠰᠠᠶᠢᠨ ᠦᠨᠡᠯᠡᠯᠲᠡ ᠶᠢ ᠣᠯᠵᠠᠢ᠃
  ︽ᠥᠩᠭᠡᠷᠡᠭᠰᠡᠨ ᠳᠤ ᠪᠢᠳᠡ ᠪᠠᠰᠠ ᠲᠦᠴᠢᠦᠸᠠᠨ ᠤ ᠲᠤᠲᠤᠷᠭ᠎ᠠ᠂ ᠨᠠᠷᠢᠮᠤ᠂ ᠬᠤᠷᠣᠬᠠᠢ ᠡᠪᠡᠰᠦ ᠵᠡᠷᠭᠡ ᠪᠦᠲᠦᠭᠡᠭᠳᠡᠬᠦᠨ ᠢ ᠬᠡᠷᠡᠭᠯᠡᠵᠦ ᠥᠩᠭᠡᠷᠡᠵᠡᠢ᠂ ᠤᠯᠠᠨ ᠢᠶᠠᠷ ᠢᠶᠠᠨ ᠡᠳᠡᠭᠡᠷ ᠪᠦᠲᠦᠭᠡᠭᠳᠡᠬᠦᠨ ᠤ ᠠᠮᠲᠠ ᠨᠢ ᠮᠠᠰᠢ ᠰᠠᠶᠢᠨ ᠪᠠᠶᠢᠨ᠎ᠠ ᠭᠡᠵᠦ ᠦᠵᠡᠵᠦ ᠪᠠᠶᠢᠪᠠ᠂ ᠲᠤᠰ ᠤᠳᠠᠭ᠎ᠠ ᠶᠢᠨ ᠲᠠᠨᠢᠯᠴᠠᠭᠤᠯᠭ᠎ᠠ ᠶᠢᠨ ᠬᠤᠷᠠᠯ ᠢᠶᠠᠷ ᠳᠠᠮᠵᠢᠨ᠂ ᠬᠤᠶᠢᠰᠢᠳᠠ ᠪᠢᠳᠡ ᠨᠡᠩ ᠤᠯᠠᠨ ᠬᠠᠮᠲᠤᠷᠠᠯᠴᠠᠭ᠎ᠠ ᠬᠢᠬᠦ ᠶᠢ ᠬᠦᠰᠡᠵᠦ ᠪᠠᠶᠢᠨ᠎ᠠ︾ ᠭᠡᠵᠦ ᠹᠠᠩᠱᠠᠨ ᠲᠣᠭᠤᠷᠢᠭ ᠤᠨ ᠳ᠋ᠠ ᠱᠢ ᠸᠧ ᠪᠠᠯᠭᠠᠰᠤᠨ ᠤ ᠠᠷᠤ ᠲᠠᠯ᠎ᠠ ᠶᠢᠨ ᠦᠢᠯᠡᠴᠢᠯᠡᠭᠡᠨ ᠤ ᠬᠤᠳᠠᠯᠳᠤᠨ ᠠᠪᠬᠤ ᠠᠵᠢᠯ ᠤᠨ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠲᠠᠨᠢᠯᠴᠠᠭᠤᠯᠪᠠ᠃
  ︽ᠡᠨᠡ ᠤᠳᠠᠭ᠎ᠠ ᠪᠡᠭᠡᠵᠢᠩ ᠳᠤ ᠦᠵᠡᠰᠬᠦᠯᠡᠩ ᠳᠤ ᠣᠷᠣᠯᠴᠠᠬᠤ ᠪᠠᠷ ᠢᠷᠡᠬᠦ ᠳᠤ᠂ ᠮᠠᠨ ᠤ ᠦᠢᠯᠡᠳᠬᠦᠨ ᠮᠠᠰᠢ ᠤᠯᠠᠨ ᠬᠠᠩᠭᠠᠯᠭ᠎ᠠ ᠶᠢᠨ ᠬᠡᠯᠬᠢᠶ᠎ᠡ ᠶᠢᠨ ᠦᠢᠯᠡᠳᠪᠦᠷᠢ ᠶᠢᠨ ᠬᠢᠨ ᠤ ᠵᠥᠪᠰᠢᠶᠡᠷᠡᠯ ᠢ ᠣᠯᠵᠤ᠂ ᠮᠠᠰᠢ ᠶᠡᠭᠡ ᠣᠯᠣᠯᠲᠠ ᠲᠠᠢ ᠪᠣᠯᠵᠠᠢ᠃ ᠰᠠᠶ᠋ᠢᠬᠠᠨ ᠴᠠᠭ ᠬᠤᠭᠤᠴᠠᠭ᠎ᠠ ᠶᠢᠨ ᠬᠠᠷᠠᠭ᠎ᠠ ᠪᠠᠷ᠂ ᠬᠥᠮᠥᠨ ᠴᠦ ᠮᠠᠰᠢ ᠣᠯᠠᠨ ᠪᠠᠶᠢᠭᠰᠠᠨ ᠪᠣᠯᠬᠤᠷ ᠤᠷᠢᠳ ᠢᠶᠠᠷ ᠸᠢᠴᠠᠲ ᠪᠠ ᠬᠠᠷᠢᠯᠴᠠᠬᠤ ᠠᠷᠭ᠎ᠠ ᠮᠠᠶ᠋ᠢᠭ ᠢ ᠦᠯᠡᠳᠡᠭᠡᠪᠡ᠂ ᠵᠠᠯᠭᠠᠭᠠᠳ ᠪᠢᠳᠡ ᠵᠣᠴᠢᠨ ᠡᠷᠦᠬᠡ ᠲᠠᠢ ᠤᠯᠠᠮ ᠨᠢᠭᠡ ᠠᠯᠬᠤᠮ ᠨᠡᠪᠲᠡᠷᠡᠯᠴᠡᠵᠦ᠂ ᠮᠠᠨ ᠤ ᠰᠢᠨ᠎ᠡ ᠰᠣᠷᠭᠤᠭ ᠡᠪᠡᠰᠦ ᠵᠡᠷᠭᠡ ᠶᠢ ᠪᠠᠭᠲᠠᠭᠠᠭᠰᠠᠨ ᠨᠠᠩ ᠣᠯᠠᠨ ᠪᠦᠲᠦᠭᠡᠭᠳᠡᠬᠦᠨ ᠢᠶᠠᠨ ᠪᠡᠭᠡᠵᠢᠩ ᠳᠤ ᠬᠠᠩᠭᠠᠵᠤ᠂ ᠡᠲᠡᠭᠡᠷ ᠺᠣᠮᠫᠠᠨᠢ ᠲᠠᠢ ᠬᠠᠮᠲᠤᠷᠠᠯᠴᠠᠬᠤ ᠪᠠᠷ ᠴᠢᠷᠮᠠᠶᠢᠨ᠎ᠠ︾ ᠭᠡᠵᠦ ᠥᠪᠥᠷ ᠮᠣᠩᠭᠤᠯ ᠤᠨ ᠵᠢᠩ ᠹᠠᠩ ᠣᠨᠴᠠᠯᠢᠭᠲᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠤᠸᠠᠢ ᠵᠤ᠋ ᠲᠦᠩ ᠬᠡᠯᠡᠪᠡ᠃
   ᠲᠠᠨᠢᠯᠴᠠᠭᠤᠯᠬᠤ ᠬᠤᠷᠠᠯ ᠤᠨ ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠲᠠᠷᠠᠭ᠎ᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠦ ᠵᠧᠩ ᠴᠦᠨ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠡᠭᠡᠵᠢᠩ ᠤᠨ 20 ᠭᠠᠷᠤᠢ ᠠᠵᠤ ᠠᠬᠤᠶᠢᠯᠠᠯ ᠤᠨ ᠲᠥᠯᠥᠭᠡᠯᠡᠭᠴᠢ ᠶᠢ ᠤᠷᠢᠵᠤ ᠲᠦᠴᠢᠦᠸᠠᠨ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠢ ᠬᠤᠷᠠᠯᠳᠤᠭᠤᠯᠵᠤ᠂ ᠲᠠᠪᠴᠠᠩ᠂ ᠲᠦᠷᠦ ᠶᠢᠨ ᠪᠣᠳᠣᠯᠭ᠎ᠠ᠂ ᠠᠵᠢᠯᠴᠢᠨ ᠬᠡᠷᠡᠭᠯᠡᠬᠦ ᠵᠡᠷᠭᠡ ᠲᠠᠯ᠎ᠠ ᠪᠠᠷ ᠮᠠᠨ ᠤ ᠰᠢᠶᠠᠨ ᠤ ᠡᠬᠢ ᠪᠠᠶᠠᠯᠢᠭ ᠤᠨ ᠳᠠᠪᠠᠭᠤᠯᠢᠭ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠬᠤ ᠶᠢᠨ ᠬᠠᠮᠲᠤ ᠲᠥᠯᠥᠪᠯᠡᠭᠡ ᠪᠠᠷ ᠣᠷᠣᠭᠤᠯᠤᠨ ᠠᠪᠴᠢᠷᠠᠬᠤ ᠭᠤᠣᠯᠳᠠᠯᠭ᠎ᠠ ᠲᠠᠢ ᠠᠵᠤ ᠦᠢᠯᠡᠰ ᠤᠨ ᠲᠦᠷᠦᠯ ᠵᠦᠢᠯ ᠤᠨ ᠲᠤᠬᠠᠢ ᠲᠠᠶᠢᠯᠤᠮᠵᠢ ᠬᠢᠵᠡᠢ᠃ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ᠂ ᠲᠦᠴᠢᠦᠸᠠᠨ ᠰᠢᠶᠠᠨ ᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠪᠣᠯᠣᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦ ᠶᠢᠨ ᠪᠣᠳᠣᠯᠭ᠎ᠠ  ᠨᠢ ᠪᠡᠯᠡ ᠣᠷᠣᠭᠤᠯᠵᠤ ᠦᠢᠯᠡᠰ ᠪᠣᠰᠬᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠂ ᠢᠷᠡᠭᠡᠳᠦᠢ ᠳᠤ ᠲᠦᠴᠢᠦᠸᠠᠨ ᠢ ᠦᠷᠭᠦᠯᠵᠢᠯᠡᠨ ᠠᠩᠬᠠᠷᠴᠤ᠂ ᠲᠦᠴᠢᠦᠸᠠᠨ ᠢ ᠲᠡᠮᠵᠢᠵᠤ᠂ ᠲᠦᠴᠢᠦᠸᠠᠨ ᠳᠤ ᠬᠦᠷᠴᠦ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ ᠬᠥᠭᠵᠢᠯᠲᠡ ᠶᠢᠨ ᠬᠠᠮᠲᠤᠷᠠᠯᠴᠠᠭᠠᠨ ᠤ ᠠᠵᠠ ᠲᠣᠬᠢᠶᠠᠯ ᠢ ᠡᠷᠢᠯᠬᠢᠯᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号