ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ ᠤ ᠠᠯᠪᠠᠨ ᠭᠡᠷ ᠤᠨ ︽ᠲᠦᠴᠢᠦᠸᠠᠨ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠤᠬᠠᠢ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ︾ ᠶᠢᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/4/8
ᠵᠠᠰᠠᠭ ᠠᠯᠪᠠᠨ ᠲᠠᠷᠬᠠᠭᠠᠭᠰᠠᠨ〔2023〕22 ᠳ᠋ᠤᠭᠠᠷ ᠲᠣᠭᠠᠲᠤ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ ᠤ ᠠᠯᠪᠠᠨ ᠭᠡᠷ ᠤᠨ ︽ᠲᠦᠴᠢᠦᠸᠠᠨ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠤᠬᠠᠢ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ︾ ᠶᠢᠨ ᠲᠤᠬᠠᠢ ᠮᠡᠳᠡᠭᠳᠡᠯ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄     ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠥᠯᠥᠭᠡ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠳᠣᠲᠣᠭᠠᠳᠤ ᠭᠠᠳᠠᠭᠠᠳᠤ ᠶᠢᠨ ᠬᠤᠳᠠᠯᠳᠤᠭᠠᠴᠢᠨ ᠤ ᠮᠠᠨ ᠤ ᠰᠢᠶᠠᠨ ᠳᠤ ᠢᠷᠡᠵᠦ ᠪᠡᠯᠡ ᠣᠷᠣᠭᠤᠯᠤᠨ ᠦᠢᠯᠡᠰ ᠬᠥᠭᠵᠢᠭᠦᠯᠬᠦ ᠶᠢ ᠵᠣᠷᠢᠭᠵᠢᠭᠤᠯᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠬᠢᠩᠭᠠᠨ ᠠᠶᠢᠮᠠᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ︾ ︵ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2022 ﹈ 12 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠷᠥ ᠶᠢᠨ ᠪᠣᠳᠣᠯᠭ᠎ᠠ ᠶᠢ ᠣᠨᠴᠠᠭᠠᠶᠢᠯᠠᠨ ᠲᠣᠭᠲᠠᠭᠠᠪᠠ᠃     ᠲᠤᠰ ᠲᠥᠷᠥ ᠶᠢᠨ ᠪᠣᠳᠣᠯᠭ᠎ᠠ ᠶᠢᠨ ᠲᠡᠳᠬᠦᠨ ᠳᠡᠮᠵᠢᠵᠦ ᠪᠠᠶᠢᠭ᠎ᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠪᠣᠯ ᠰᠢᠨ᠎ᠡ ᠪᠠᠷ ᠪᠠᠶᠢᠭᠤᠯᠤᠭᠰᠠᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 0.5 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ︵ᠵᠢᠭᠤᠯᠴᠢᠯᠠᠯ᠂ ᠳᠡᠭᠡᠳᠦ ᠰᠢᠨ᠎ᠡ ᠮᠡᠷᠭᠡᠵᠢᠯ᠂ ᠠᠮᠢᠳᠤ ᠪᠣᠳᠠᠰ ᠤᠨ ᠡᠮ ᠡᠮᠨᠡᠯᠭᠡ᠂ ᠤᠶᠤᠯᠢᠭ ᠦᠢᠯᠡᠳᠬᠦ᠂ ᠢᠳᠡᠭᠡᠨ ᠤ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ  ᠶᠢ 0.3 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠲᠠᠯ᠎ᠠ ᠠᠭᠤᠵᠢᠭᠤ ᠲᠠᠯᠪᠢᠨ᠎ᠠ︶ ᠪᠣᠯᠣᠨ᠎ᠠ᠃ ᠡᠭᠦᠨ ᠳᠤ ᠰᠠᠭᠤᠷᠢ ᠲᠥᠬᠦᠭᠡᠷᠦᠮᠵᠢ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ᠂ ᠭᠠᠵᠠᠷ ᠰᠢᠷᠣᠢ ᠶᠢᠨ ᠵᠠᠰᠠᠯᠲᠠ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠸᠣᠯᠲ᠂ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠢᠯ ᠪᠠᠭᠲᠠᠬᠤ ᠦᠭᠡᠢ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ   ᠠᠴᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠪᠡᠯᠡ ᠮᠥᠩᠭᠦ ᠶᠢ ᠳᠠᠷᠠᠭ᠎ᠠ ᠵᠢᠯ ᠤᠨ ᠲᠥᠰᠥᠪ ᠲᠡᠭᠡᠨ ᠣᠷᠣᠭᠤᠯᠤᠨ᠎ᠠ᠃ ᠨᠢᠭᠡ᠂ ᠭᠠᠵᠠᠷ ᠬᠡᠷᠡᠭᠯᠡᠬᠦ ᠬᠠᠷᠠᠭᠠᠯᠵᠠᠯ    ᠠᠵᠤ ᠠᠬᠤᠶᠢᠯᠠᠯ ᠤᠨ ᠬᠦᠰᠡᠯ ᠰᠠᠨᠠᠭ᠎ᠠ ᠶᠢ ᠦᠨᠳᠦᠰᠦᠯᠡᠨ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ ︽ᠣᠷᠳᠣ ᠬᠤᠭᠤᠴᠠᠭ᠎ᠠ ᠪᠠᠷ ᠲᠦᠷᠢᠶᠡᠰᠦᠯᠡᠭᠦᠯᠬᠦ᠂ ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ︾ ᠪᠠᠷᠢᠮᠵᠢᠶᠠᠲᠤ ᠭᠠᠵᠠᠷ ᠰᠢᠷᠣᠢ ᠶᠢᠨ ᠬᠠᠩᠭᠠᠯᠭ᠎ᠠ ᠶᠢᠨ ᠠᠷᠭ᠎ᠠ ᠮᠠᠶ᠋ᠢᠭ ᠵᠢᠴᠢ ︽ᠬᠠᠷᠢᠮᠠᠬᠠᠢ ᠴᠢᠨᠠᠷᠲᠠᠢ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠵᠢᠯ ᠬᠤᠭᠤᠴᠠᠭ᠎ᠠ︾ ᠶᠢᠨ ᠭᠠᠵᠠᠷ ᠰᠢᠷᠣᠢ ᠬᠠᠩᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠬᠤᠶᠠᠷ᠂ ᠪᠡᠯᠡ ᠣᠷᠣᠭᠤᠯᠤᠯᠲᠠ ᠶᠢ ᠪᠠᠬᠢᠵᠢᠭᠦᠯᠬᠦ ᠱᠠᠩᠨᠠᠯ ᠨᠥᠬᠦᠪᠦᠷᠢ   ᠲᠦᠴᠢᠦᠸᠠᠨ ᠬᠦᠷᠢᠶᠡᠯᠡᠩ ᠲᠣᠭᠤᠷᠢᠭ ᠲᠤ ᠡᠷᠦᠬᠡ ᠠᠮᠠ ᠣᠷᠣᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 0.5 ᠳ᠋ᠦᠩᠰᠢᠭᠤᠷ ᠲᠥᠭᠦᠷᠢᠭ ᠠᠴᠠ ᠳᠡᠭᠡᠭᠰᠢ ︵ᠳᠡᠭᠡᠳᠦ ᠰᠢᠨ᠎ᠡ ᠮᠡᠷᠭᠡᠵᠢᠯ᠂ ᠣᠶᠤᠨᠴᠢ ᠦᠢᠯᠡᠳᠬᠦ ᠦᠢᠯᠡᠰ᠂ ᠢᠳᠡᠭᠡᠨ ᠤ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 0.3 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠲᠠᠯ᠎ᠠ ᠥᠷᠭᠡᠳᠬᠡᠨ᠎ᠡ︶ ᠪᠣᠯᠭᠠᠵᠤ᠂ ᠪᠡᠯᠡ ᠣᠷᠣᠭᠤᠯᠤᠯᠲᠠ ᠶᠢᠨ ᠡᠷᠴᠢᠮ ᠢ 100 ᠲᠦᠮᠡᠨ ᠲᠥᠭᠦᠷᠢᠭ/ᠮᠦ ᠳᠤ ᠬᠦᠷᠦᠭᠦᠯᠵᠦ᠂ ᠪᠠᠭᠲᠠᠭᠠᠮᠵᠢ ᠶᠢᠨ ᠨᠣᠷᠮ᠎ᠠ ᠶᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠬᠦᠷᠦᠭᠦᠯᠦᠭᠰᠡᠨ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ︵ᠰᠠᠭᠤᠷᠢ ᠪᠡᠯᠡᠳᠬᠡᠮᠵᠢ ᠶᠢ ᠪᠠᠭᠲᠠᠭᠠᠬᠤ ᠦᠭᠡᠢ︶ ᠳᠤ ᠬᠦᠷᠦᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠬᠢᠴᠠ ᠪᠠᠷ 7% ᠶᠢᠨ ᠱᠠᠩᠨᠠᠯ ᠣᠯᠭᠤᠵᠤ᠂ ᠲᠠᠩ ᠭᠠᠭᠴᠠ ᠲᠥᠷᠥᠯ ᠵᠦᠢᠯ ᠤᠨ ᠱᠠᠩᠨᠠᠯ ᠢ ᠭᠠᠵᠠᠷ ᠰᠢᠷᠣᠢ ᠬᠡᠷᠡᠭᠯᠡᠬᠦ ᠥᠪᠡᠷ ᠤᠨ ᠥᠷᠲᠡᠭ ᠠᠴᠠ ᠳᠠᠪᠠᠭᠤᠯᠵᠤ ᠪᠣᠯᠬᠤ ᠦᠭᠡᠢ᠃ ︵ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠤ ᠳᠠᠷᠠᠭ᠎ᠠ 3% ᠪᠠᠷ ᠱᠠᠩᠨᠠᠵᠤ᠂ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ 4% ᠪᠠᠷ ᠱᠠᠩᠨᠠᠨ᠎ᠠ︶᠃ ᠭᠤᠷᠪᠠ᠂ ᠦᠢᠯᠡᠳᠪᠦᠷᠢ ᠶᠢᠨ ᠭᠡᠷ ᠪᠠᠶᠢᠰᠢᠩ ᠢ ᠣᠷᠣᠯᠠᠨ ᠪᠠᠷᠢᠬᠤ   ᠲᠦᠴᠢᠦᠸᠠᠨ ᠰᠢᠶᠠᠨ ᠤ ᠡᠯ᠎ᠡ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠠᠳ ᠳᠡᠭᠡᠳᠦ ᠰᠢᠨ᠎ᠡ ᠮᠡᠷᠭᠡᠵᠢᠯ᠂ ᠣᠶᠤᠨᠴᠢ ᠦᠢᠯᠡᠳᠬᠦ ᠠᠵᠢᠯ ᠡᠷᠭᠢᠯᠡᠵᠦ ᠪᠠᠶᠢᠭ᠎ᠠ ᠪᠥᠭᠡᠳ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠨᠢ 0.3 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠤᠭᠰᠠᠨ ᠠᠵᠤ ᠠᠬᠤᠶᠢᠯᠠᠯ ᠪᠦᠬᠦᠨ ᠳᠤ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ ᠣᠷᠣᠯᠠᠨ ᠪᠠᠶᠢᠭᠤᠯᠬᠤ ᠲᠥᠷᠥ ᠶᠢᠨ ᠪᠣᠳᠣᠯᠭ᠎ᠠ ᠣᠯᠭᠤᠵᠤ᠂ ᠲᠦᠷᠢᠶᠡᠰᠦᠯᠡᠬᠦ ᠪᠤᠶᠤ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ ᠣᠷᠣᠯᠠᠨ ᠪᠠᠶᠢᠭᠤᠯᠵᠤ ᠪᠣᠯᠣᠨ᠎ᠠ᠃ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠷᠡᠭᠴᠡᠭᠡ ᠪᠠ ᠭᠠᠵᠠᠷ ᠰᠢᠷᠣᠢ ᠶᠢ ᠡᠷᠴᠢᠮᠵᠢᠭᠦᠯᠦᠨ ᠬᠡᠷᠡᠭᠯᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠠᠩᠭᠠᠭᠰᠠᠨ ᠰᠠᠭᠤᠷᠢᠨ ᠳᠡᠭᠡᠷ᠎ᠡ᠂ ᠵᠠᠷᠴᠢᠮ ᠳᠡᠭᠡᠷ᠎ᠡ ᠪᠠᠨ ᠣᠷᠣᠯᠠᠨ ᠪᠠᠶᠢᠭᠤᠯᠬᠤ ᠦᠢᠯᠡᠳᠪᠦᠷᠢ ᠶᠢᠨ ᠭᠡᠷ ᠪᠠᠶᠢᠰᠢᠩ ᠤᠨ ᠪᠡᠯᠡ ᠣᠷᠣᠭᠤᠯᠤᠯᠲᠠ ᠶᠢᠨ ᠲᠤᠭ᠎ᠠ ᠶᠢ ᠠᠵᠤ ᠠᠬᠤᠶᠢᠯᠠᠯ ᠤᠨ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠲᠤᠭ᠎ᠠ ᠠᠴᠠ ᠥᠨᠳᠥᠷ ᠪᠠᠶᠢᠯᠭᠠᠵᠤ ᠪᠣᠯᠬᠤ ᠦᠭᠡᠢ ; ᠲᠦᠷᠢᠶᠡᠰᠦᠯᠡᠬᠦ ᠠᠷᠭ᠎ᠠ ᠮᠠᠶ᠋ᠢᠭ ᠢ ᠠᠪᠤᠭᠰᠠᠨ ᠪᠠᠶᠢᠪᠠᠯ᠂ ᠲᠦᠷᠦᠭᠦᠦ 4 ᠵᠢᠯ ᠤᠨ ᠲᠦᠷᠢᠶᠡᠰᠦᠨ ᠮᠥᠩᠭᠦ ᠶᠢ ᠬᠠᠭᠠᠰ ᠢᠶᠠᠷ ᠬᠠᠰᠤᠬᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠦᠷᠳᠡᠨ᠎ᠡ ; ᠬᠤᠭᠤᠴᠠᠭ᠎ᠠ ᠬᠤᠪᠢᠶᠠᠨ ᠵᠣᠭᠤᠰ ᠲᠤᠰᠢᠶᠠᠬᠤ ᠠᠷᠭ᠎ᠠ ᠮᠠᠶ᠋ᠢᠭ ᠢᠶᠠᠷ ᠦᠢᠯᠡᠳᠪᠦᠷᠢ ᠶᠢᠨ ᠭᠡᠷ ᠪᠠᠶᠢᠰᠢᠩ ᠬᠤᠳᠠᠯᠳᠤᠨ ᠠᠪᠬᠤ ᠳᠤ ᠬᠦᠷᠪᠡᠯ᠂ 50% ᠶᠢ ᠨᠢ ᠤᠷᠢᠳ ᠢᠶᠠᠷ ᠥᠮᠴᠢᠯᠡᠯ ᠤᠨ ᠡᠷᠬᠡ ᠶᠢᠨ ᠦᠨᠡᠮᠯᠡᠯ ᠢ ᠭᠦᠢᠴᠡᠳᠬᠡᠵᠦ ᠪᠣᠯᠣᠨ᠎ᠠ᠃ ᠳᠥᠷᠪᠡ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠯᠠ ᠪᠠᠶᠢᠭ᠎ᠠ ᠡᠳ᠋ ᠬᠥᠷᠥᠩᠭᠡ ᠶᠢᠨ ᠱᠠᠩᠨᠠᠯ ᠢ ᠴᠢᠯᠦᠭᠡᠲᠡᠢ ᠪᠣᠯᠭᠠᠨ᠎ᠠ ︵ᠨᠢᠭᠡ︶ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠲᠦᠴᠢᠦᠸᠠᠨ ᠠᠵᠤ ᠦᠢᠯᠡᠰ ᠤᠨ ᠬᠦᠷᠢᠶᠡᠯᠡᠩ ᠤᠨ ᠰᠤᠯᠠ ᠪᠠᠶᠢᠭ᠎ᠠ ᠡᠳ᠋ ᠬᠥᠷᠥᠩᠭᠡ ᠶᠢ ᠬᠤᠳᠠᠯᠳᠤᠨ ᠠᠪᠴᠤ ᠰᠢᠨ᠎ᠡ ᠠᠵᠤ ᠠᠬᠤᠶᠢᠯᠠᠯ ᠪᠠᠶᠢᠭᠤᠯᠬᠤ ᠶᠢᠨ ᠬᠠᠮᠲᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠡᠷᠭᠢᠯᠡᠬᠦ ᠲᠥᠷᠥᠯ ᠵᠦᠢᠯ ᠢ ᠰᠢᠶᠠᠨ ᠤ ᠵᠠᠰᠠᠭ ᠤᠨ ᠣᠷᠳᠣᠨ ᠠᠴᠠ ᠠᠵᠤ ᠠᠬᠤᠶᠢᠯᠠᠯ ᠤᠨ ᠲᠤᠰᠢᠶᠠᠭᠰᠠᠨ ᠥᠷᠲᠡᠭ ᠨᠡᠮᠡᠭᠳᠡᠯ ᠤᠨ ᠭᠠᠶᠢᠯᠢ ᠬᠢᠭᠡᠳ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠰᠢᠶᠠᠨ ᠤ ᠱᠠᠲᠤᠨ ᠤ ᠬᠤᠪᠢᠳᠠᠨ ᠦᠯᠡᠳᠡᠭᠡᠬᠦ ᠬᠡᠰᠡᠭ ᠤᠨ ᠲᠤᠭ᠎ᠠ ᠬᠡᠮᠵᠢᠶ᠎ᠡ ᠪᠠᠷ ᠠᠵᠤ ᠠᠬᠤᠶᠢᠯᠠᠯ ᠳᠤ ᠪᠡᠯᠡ ᠣᠷᠣᠭᠤᠯᠤᠯᠲᠠ ᠶᠢᠨ ᠱᠠᠩᠨᠠᠯ ᠣᠯᠭᠤᠵᠤ᠂ ᠱᠠᠩᠨᠠᠬᠤ ᠬᠤᠭᠤᠴᠠᠭ᠎ᠠ ᠨᠢ ᠬᠠᠮᠤᠭ ᠤᠨ ᠤᠷᠲᠤ ᠳᠠᠭᠠᠨ ᠲᠠᠪᠤᠨ ᠵᠢᠯ ᠪᠣᠯᠬᠤ ᠪᠥᠭᠡᠳ ᠱᠠᠩᠨᠠᠯ ᠤᠨ ᠨᠡᠶᠢᠲᠡ ᠶᠡᠷᠦᠩᠬᠡᠢ ᠲᠤᠭ᠎ᠠ ᠨᠢ ᠰᠤᠯᠠ ᠪᠠᠶᠢᠭ᠎ᠠ ᠡᠳ᠋ ᠬᠥᠷᠥᠩᠭᠡ ᠶᠢ ᠬᠤᠳᠠᠯᠳᠤᠨ ᠠᠪᠤᠭᠰᠠᠨ ᠦᠨ᠎ᠡ ᠶᠢᠨ ᠵᠣᠭᠤᠰ ᠤᠨ 50%   ᠠᠴᠠ ᠬᠡᠲᠦᠷᠡᠵᠦ ᠪᠣᠯᠬᠤ ᠦᠭᠡᠢ᠃ ︵ᠬᠤᠶᠠᠷ︶ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠲᠦᠴᠢᠦᠸᠠᠨ ᠠᠵᠤ ᠦᠢᠯᠡᠰ ᠤᠨ ᠬᠦᠷᠢᠶᠡᠯᠡᠩ ᠤᠨ ᠰᠤᠯᠠ ᠪᠠᠶᠢᠭ᠎ᠠ ᠡᠳ᠋ ᠬᠥᠷᠥᠩᠭᠡ ᠶᠢ ᠲᠦᠷᠢᠶᠡᠰᠦᠯᠡᠬᠦ ᠶᠢᠨ ᠬᠠᠮᠲᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠡᠷᠭᠢᠯᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢ᠂ ᠠᠵᠤ ᠠᠬᠤᠶᠢᠯᠠᠯ ᠤᠨ ᠵᠢᠯ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠨᠢ 2000 ᠲᠦᠮᠡᠨ ᠲᠥᠭᠦᠷᠢᠭ ᠠᠴᠠ ᠳᠡᠭᠡᠭᠰᠢ ᠪᠣᠯᠤᠭᠰᠠᠨ ᠲᠥᠷᠥᠯ ᠵᠦᠢᠯ᠃ ᠰᠢᠶᠠᠨ ᠤ ᠵᠠᠰᠠᠭ ᠤᠨ ᠣᠷᠳᠣᠨ   ᠠᠴᠠ ᠲᠥᠷᠥᠯ ᠵᠦᠢᠯ ᠤᠨ ᠦᠢᠯᠡᠳᠪᠦᠷᠢᠯᠡᠵᠦ ᠡᠳ᠋ᠰᠢᠭᠦᠯᠬᠦ ᠦᠢᠯᠡᠳᠪᠦᠷᠢ ᠶᠢᠨ ᠲᠠᠰᠤᠭ ᠲᠤ ᠲᠡᠭᠰᠢ ᠳᠥᠷᠪᠡᠯᠵᠢᠨ ᠮᠧᠲᠷ ᠪᠦᠷᠢ ᠶᠢᠨ 60 ᠲᠥᠭᠦᠷᠢᠭ ᠤᠨ ᠦᠨ᠎ᠡ ᠪᠠᠷ ᠠᠵᠤ ᠠᠬᠤᠶᠢᠯᠠᠯ ᠤᠨ ᠲᠦᠷᠢᠶᠡᠰᠦᠨ ᠮᠥᠩᠭᠦ ᠶᠢᠨ ᠨᠥᠬᠦᠪᠦᠷᠢ ︵ᠳᠤᠮᠳᠠ ᠵᠢᠵᠢᠭ ᠠᠵᠤ ᠠᠬᠤᠶᠢᠯᠠᠯ ᠤᠨ ᠨᠡᠪᠴᠢᠭᠦᠯᠬᠦ ᠬᠦᠷᠢᠶᠡᠯᠡᠩ ᠪᠠᠭᠲᠠᠬᠤ ᠦᠭᠡᠢ︶ ᠣᠯᠭᠤᠵᠤ᠂ ᠨᠥᠬᠦᠪᠦᠷᠢ ᠶᠢ ᠬᠠᠮᠤᠭ ᠤᠨ ᠣᠷᠳᠣ ᠳᠠᠭᠠᠨ ᠳᠥᠷᠪᠡᠨ ᠵᠢᠯ ᠠᠴᠠ ᠬᠡᠲᠦᠷᠡᠭᠦᠯᠵᠦ ᠪᠣᠯᠬᠤ ᠦᠭᠡᠢ᠃ ᠲᠠᠪᠤ᠂ ᠬᠤᠪᠢ ᠨᠡᠮᠡᠷᠢ ᠦᠵᠡᠭᠦᠯᠦᠭᠰᠡᠨ ᠤ ᠱᠠᠩᠨᠠᠯ ᠤᠨ ᠣᠷᠣᠭᠤᠯᠤᠯᠲᠠ    ᠠᠷᠠᠯᠵᠢᠶᠠᠴᠢᠨ ᠤᠷᠢᠵᠤ ᠪᠡᠯᠡ ᠣᠷᠣᠭᠤᠯᠤᠨ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠦᠭᠰᠡᠨ ᠡᠳᠦᠷ ᠠᠴᠠ ᠡᠬᠢᠯᠡᠨ᠂ ᠰᠢᠨ᠎ᠡ ᠪᠠᠷ ᠨᠡᠮᠡᠭᠳᠡᠭᠰᠡᠨ ᠭᠠᠶᠢᠯᠢ ᠲᠠᠲᠠᠪᠤᠷᠢ ᠶᠢᠨ ᠲᠤᠭ᠎ᠠ ᠬᠡᠮᠵᠢᠶ᠎ᠡ ︵ᠰᠢᠶᠠᠨ ᠤ ᠲᠤᠰ ᠱᠠᠲᠤᠨ ᠤ ᠣᠷᠣᠨ ᠨᠤᠲᠤᠭ ᠤᠨ ᠬᠤᠪᠢᠳᠠᠨ ᠦᠯᠡᠳᠡᠭᠡᠭᠰᠡᠨ ᠬᠡᠰᠡᠭ︶ ᠪᠠᠷ ᠬᠤᠪᠢ ᠨᠡᠮᠡᠷᠢ ᠶᠢᠨ ᠪᠠᠷᠢᠮᠵᠢᠶ᠎ᠠ ᠪᠣᠯᠭᠠᠵᠤ᠂ ᠨᠢᠭᠡᠳᠦᠭᠡᠷ ᠵᠢᠯ ᠠᠴᠠ ᠭᠤᠷᠪᠠᠳᠤᠭᠠᠷ ᠵᠢᠯ ᠪᠣᠯᠲᠠᠯ᠎ᠠ ᠰᠢᠶᠠᠨ ᠤ ᠱᠠᠲᠤᠨ ᠤ ᠬᠢᠨ ᠡᠳ᠋ ᠤᠨ ᠵᠠᠰᠠᠭ ᠤᠨ ᠲᠥᠰᠥᠪ ᠠᠴᠠ ᠰᠢᠨ᠎ᠡ ᠪᠠᠷ ᠨᠡᠮᠡᠭᠳᠡᠭᠰᠡᠨ ᠭᠠᠶᠢᠯᠢ ᠲᠠᠲᠠᠪᠤᠷᠢ ᠶᠢᠨ 70% ᠶᠢᠨ ᠪᠡᠯᠡ ᠮᠥᠩᠭᠦ ᠶᠢ ᠱᠠᠩᠨᠠᠵᠤ᠂ ᠳᠥᠷᠪᠡᠳᠦᠭᠡᠷ ᠵᠢᠯ ᠠᠴᠠ ᠵᠢᠷᠭᠤᠳᠤᠭᠠᠷ ᠵᠢᠯ ᠪᠣᠯᠲᠠᠯ᠎ᠠ ᠰᠢᠶᠠᠨ ᠤ ᠱᠠᠲᠤᠨ ᠤ ᠬᠢᠨ ᠡᠳ᠋ ᠤᠨ ᠵᠠᠰᠠᠭ ᠤᠨ ᠲᠥᠰᠥᠪ ᠠᠴᠠ ᠰᠢᠨ᠎ᠡ ᠪᠠᠷ ᠨᠡᠮᠡᠭᠳᠡᠭᠰᠡᠨ ᠭᠠᠶᠢᠯᠢ ᠲᠠᠲᠠᠪᠤᠷᠢ ᠶᠢᠨ 50% ᠶᠢᠨ ᠪᠡᠯᠡ ᠮᠥᠩᠭᠦ ᠶᠢ ᠱᠠᠩᠨᠠᠵᠤ᠂ ᠵᠦᠢᠯᠡᠰ ᠤᠨ ᠪᠡᠯᠡ ᠣᠷᠣᠭᠤᠯᠤᠯᠲᠠ ᠶᠢᠨ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠲᠡᠳᠬᠦᠨ ᠳᠡᠮᠵᠢᠬᠦ ᠳᠤ ᠬᠡᠷᠡᠭᠯᠡᠨ᠎ᠡ᠃ ᠵᠢᠷᠭᠤᠭ᠎ᠠ᠂ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠦᠭᠰᠡᠨ ᠱᠠᠩᠨᠠᠯ ᠺᠣᠮᠫᠠᠨᠢ ᠶᠢᠨ ᠳᠠᠩᠰᠠᠯᠠᠭᠤᠯᠤᠭᠰᠠᠨ ᠭᠠᠵᠠᠷ ᠨᠢ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠲᠦᠴᠢᠦᠸᠠᠨ ᠠᠵᠤ ᠦᠢᠯᠡᠰ ᠤᠨ ᠬᠦᠷᠢᠶᠡᠯᠡᠩ ᠳᠤ ᠪᠠᠶᠢᠬᠤ ᠮᠥᠷᠲᠡᠭᠡᠨ ᠦᠨᠡᠮᠰᠢᠭᠦᠯᠬᠦ ᠪᠠᠷ ᠳᠠᠮᠵᠢᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠤᠳᠠᠭ᠎ᠠ ᠳᠤ 30 ᠲᠦᠮᠡᠨ ᠲᠥᠭᠦᠷᠢᠭ ᠤᠨ ᠱᠠᠩᠨᠠᠯ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠲᠦᠴᠢᠦᠸᠠᠨ ᠠᠵᠤ ᠦᠢᠯᠡᠰ ᠤᠨ ᠬᠦᠷᠢᠶᠡᠯᠡᠩ ᠳᠤ ᠫᠠᠶᠢᠰᠠ ᠡᠯᠭᠦᠨ ᠰᠠᠭᠤᠷᠢᠰᠢᠭᠰᠠᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠨᠢ ᠤᠯᠤᠰ ᠤᠨ ᠲᠠᠰ ᠤᠨ ᠦᠨᠡᠮᠰᠢᠯ ᠢ ᠣᠯᠣᠭᠰᠠᠨ ᠪᠠᠶᠢᠪᠠᠯ 3 ᠵᠢᠯ ᠳᠠᠷᠠᠭᠠᠯᠠᠨ ᠲᠣᠰ ᠲᠣᠰ 100 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠡᠮᠰᠢᠯ ᠢ ᠣᠯᠣᠭᠰᠠᠨ ᠪᠠᠶᠢᠪᠠᠯ 3 ᠵᠢᠯ ᠳᠠᠷᠠᠭᠠᠯᠠᠨ ᠲᠣᠰ ᠲᠣᠰ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠲᠦᠴᠢᠦᠸᠠᠨ ᠠᠵᠤ ᠦᠢᠯᠡᠰ ᠤᠨ ᠬᠦᠷᠢᠶᠡᠯᠡᠩ ᠳᠤ ᠡᠷᠦᠬᠡ ᠠᠮᠠ ᠣᠷᠣᠭᠰᠠᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠳᠤ 3 ᠵᠢᠯ ᠳᠠᠷᠠᠭᠠᠯᠠᠨ ᠲᠣᠰ ᠲᠣᠰ 100 ᠲᠦᠮᠡᠨ ᠲᠥᠭᠦᠷᠢᠭ ᠤᠨ ᠨᠥᠬᠦᠪᠦᠷᠢ ᠣᠯᠭᠤᠪᠠ᠃ ᠳᠣᠯᠤᠭ᠎ᠠ᠂ ᠵᠢᠭᠤᠯᠴᠢᠯᠠᠯ ᠤᠨ ᠱᠠᠩᠨᠠᠯ ᠨᠥᠬᠦᠪᠦᠷᠢ ᠰᠢᠨ᠎ᠡ ᠪᠠᠷ ᠨᠠᠶᠢᠳᠠᠪᠤᠷᠢᠵᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠤᠨ ᠡᠵᠡᠩᠨᠡᠭᠰᠡᠨ ᠵᠢᠭᠤᠯᠴᠢᠯᠠᠯ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠵᠠᠷᠤᠳᠠᠯ ᠳᠤ ᠱᠠᠩᠨᠠᠯ ᠨᠥᠬᠦᠪᠦᠷᠢ ᠣᠯᠭᠤᠨ᠎ᠠ᠂ ᠲᠤᠬᠠᠶᠢᠯᠠᠪᠠᠯ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 3 ᠳ᠋ᠦᠩᠰᠢᠭᠤᠷ ᠲᠥᠭᠦᠷᠢᠭ ᠠᠴᠠ ᠳᠡᠭᠡᠭᠰᠢ ︵3 ᠳ᠋ᠦᠩᠰᠢᠭᠤᠷ ᠲᠥᠭᠦᠷᠢᠭ ᠪᠠᠭᠲᠠᠨ᠎ᠠ︶ ᠶᠢᠨ ᠱᠠᠩᠨᠠᠯ ᠨᠥᠬᠦᠪᠦᠷᠢ ᠶᠢ 50% ᠪᠠᠷ ᠣᠯᠭᠤᠵᠤ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠴᠠ ᠳᠠᠪᠠᠭᠤᠯᠬᠤ ᠦᠭᠡᠢ︔ 3 ᠳ᠋ᠦᠩᠰᠢᠭᠤᠷ ᠲᠥᠭᠦᠷᠢᠭ ᠠᠴᠠ ᠳᠣᠷᠣᠭᠰᠢ᠂ 1 ᠳ᠋ᠦᠩᠰᠢᠭᠤᠷ ᠲᠥᠭᠦᠷᠢᠭ ᠠᠴᠠ ᠳᠡᠭᠡᠭᠰᠢ ︵1 ᠳ᠋ᠦᠩᠰᠢᠭᠤᠷ ᠲᠥᠭᠦᠷᠢᠭ ᠪᠠᠭᠲᠠᠨ᠎ᠠ︶ ᠶᠢᠨ ᠱᠠᠩᠨᠠᠵᠤ ᠨᠥᠬᠦᠪᠦᠷᠢᠯᠡᠬᠦ ᠶᠢ 30% ᠳᠤ ᠬᠦᠷᠦᠭᠦᠯᠵᠦ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠳᠠᠪᠠᠭᠤᠯᠬᠤ ᠦᠭᠡᠢ︔ 1 ᠳᠦᠢᠩᠰᠢᠭᠤᠷ ᠲᠥᠭᠦᠷᠢᠭ ᠠᠴᠠ ᠳᠣᠷᠣᠭᠰᠢ᠂ 0.3 ᠳᠦᠢᠩᠰᠢᠭᠤᠷ ᠲᠥᠭᠦᠷᠢᠭ ᠠᠴᠠ ᠳᠡᠭᠡᠭᠰᠢ ︵0.3 ᠳᠦᠢᠩᠰᠢᠭᠤᠷ ᠲᠥᠭᠦᠷᠢᠭ ᠢ ᠪᠠᠭᠲᠠᠭᠠᠨ᠎ᠠ︶ ᠱᠠᠩᠨᠠᠯ ᠨᠥᠬᠦᠪᠦᠷᠢ ᠶᠢᠨ 10% ᠪᠠᠶᠢᠵᠤ᠂ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠨᠠᠢᠮᠠ᠂ ᠨᠡᠭᠦᠯᠭᠡᠭᠰᠡᠨ ᠨᠥᠬᠦᠪᠦᠷᠢ    ᠪᠤᠰᠤᠳ ᠣᠷᠣᠨ ᠠᠴᠠ ᠲᠦᠴᠢᠦᠸᠠᠨ ᠰᠢᠶᠠᠨ ᠤ ᠬᠢᠯᠢ ᠳᠤ ᠨᠡᠭᠦᠭᠰᠡᠨ᠂ ᠬᠢᠨᠠᠨ ᠲᠣᠭᠲᠠᠭᠠᠯᠲᠠ ᠪᠠᠷ ᠨᠡᠭᠦᠯᠭᠡᠭᠰᠡᠨ ᠬᠡᠪ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠪᠣᠳᠠᠲᠠᠢ ᠥᠷᠳᠡᠭ ᠤᠨ ᠵᠣᠭᠤᠰ ᠤᠨ ᠲᠤᠭ᠎ᠠ ᠨᠢ 0.1 ᠳ᠋ᠦᠩᠰᠢᠭᠤᠷ ᠲᠥᠭᠦᠷᠢᠭ᠂ 0.2 ᠳ᠋ᠦᠩᠰᠢᠭᠤᠷ ᠲᠥᠭᠦᠷᠢᠭ᠂ 0.5 ᠳ᠋ᠦᠩᠰᠢᠭᠤᠷ ᠲᠥᠭᠦᠷᠢᠭ᠂ 1 ᠳ᠋ᠦᠩᠰᠢᠭᠤᠷ ᠲᠥᠭᠦᠷᠢᠭ ᠠᠴᠠ ᠳᠡᠭᠡᠭᠰᠢ ᠬᠥᠷᠥᠭᠰᠡᠨ ᠪᠣᠯ ᠲᠥᠷᠥᠯ ᠵᠦᠢᠯ ᠶᠢ ᠠᠰᠢᠭᠯᠠᠯᠲᠠ ᠲᠤ ᠣᠷᠣᠭᠤᠯᠤᠭᠰᠠᠨ ᠤ ᠲᠠᠷᠠᠭ᠎ᠠ ᠲᠤᠰ ᠲᠤᠰ 30 ᠲᠦᠮᠡᠨ ᠲᠥᠭᠦᠷᠢᠭ᠂ 50 ᠲᠦᠮᠡᠨ ᠲᠥᠭᠦᠷᠢᠭ᠂ 100 ᠲᠦᠮᠡᠨ ᠲᠥᠭᠦᠷᠢᠭ᠂ 200 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠨᠡᠭᠦᠯᠭᠡᠬᠦ ᠨᠥᠬᠦᠪᠦᠷᠢ ᠣᠯᠭᠤᠨ᠎ᠠ᠃ ᠶᠢᠰᠦ᠂ ᠭᠠᠳᠠᠭᠠᠳᠤ ᠳᠤ ᠭᠠᠷᠭᠠᠭᠰᠠᠨ ᠢ ᠬᠥᠬᠢᠭᠦᠯᠬᠦ   ᠲᠦᠴᠢᠦᠸᠠᠨ ᠰᠢᠶᠠᠨ ᠳᠤ ᠳᠠᠩᠰᠠᠯᠠᠭᠤᠯᠤᠭᠰᠠᠨ ᠪᠥᠭᠡᠳ ᠲᠣᠰ ᠭᠠᠵᠠᠷ ᠤᠨ ᠭᠠᠳᠠᠭᠠᠳᠤ ᠳᠤ ᠭᠠᠷᠭᠠᠬᠤ ᠶᠢ ᠪᠡᠶᠡᠯᠡᠭᠦᠯᠦᠭᠰᠡᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠣᠨ ᠤ ᠭᠠᠳᠠᠭᠠᠳᠤ ᠳᠤ ᠭᠠᠷᠭᠠᠬᠤ ᠪᠣᠳᠠᠲᠠᠢ ᠲᠣᠭᠠᠨ ᠤ 1% ᠪᠠᠷ ᠱᠠᠩᠨᠠᠨ ᠬᠥᠬᠢᠭᠦᠯᠵᠦ᠂ ᠭᠠᠭᠴᠠ ᠭᠠᠭᠴᠠ ᠠᠵᠤ ᠠᠬᠤᠶᠢᠯᠠᠯ ᠤᠨ ᠵᠢᠯ ᠪᠦᠷᠢ ᠶᠢᠨ ᠱᠠᠩᠨᠠᠯ ᠤᠨ ᠳᠡᠭᠡᠳᠦ ᠬᠢᠵᠠᠭᠠᠷ ᠢ ᠠᠷᠠᠳ ᠤᠨ ᠵᠣᠭᠤᠰ ᠢᠶᠠᠷ 50 ᠲᠦᠮᠡᠨ ᠲᠥᠭᠦᠷᠢᠭ ᠬᠢᠵᠠᠭᠠᠷᠯᠠᠨ᠎ᠠ᠃ ᠠᠷᠪᠠ᠂ ᠨᠢᠭᠡ ᠬᠡᠷᠡᠭ ᠢ ᠨᠢᠭᠡ ᠵᠥᠪᠯᠡᠬᠦ   ᠮᠠᠨ ᠤ ᠰᠢᠶᠠᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ᠂ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠨᠢ ᠶᠡᠭᠡ ︵5 ᠳ᠋ᠦᠩᠰᠢᠭᠤᠷ ᠲᠥᠭᠦᠷᠢᠭ ᠠᠴᠠ ᠳᠡᠭᠡᠭᠰᠢ︶᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠠᠰᠢᠭ ᠭᠠᠶᠢᠯᠢ ᠶᠢᠨ ᠬᠤᠪᠢ ᠨᠡᠮᠡᠷᠢ ᠪᠠᠷ ᠶᠡᠭᠡ ᠲᠥᠷᠥᠯ ᠵᠦᠢᠯ ᠪᠠ ᠨᠢᠰᠦᠭᠡ ᠭᠠᠵᠠᠷ ᠤᠨ ᠲᠥᠷᠥᠯ ᠵᠦᠢᠯ ᠢ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠱᠠᠩᠨᠠᠨ ᠬᠥᠬᠢᠭᠦᠯᠵᠦ ᠪᠣᠯᠣᠨ᠎ᠠ᠃    ᠲᠣᠰ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠤᠤᠯ ᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃ ᠲᠦᠴᠢᠦᠸᠠᠨ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠲᠠᠶᠢᠯᠪᠤᠷᠢᠯᠠᠬᠤ ᠶᠢ ᠬᠠᠷᠢᠭᠤᠴᠠᠨ᠎ᠠ᠃                                                     ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                           2023 ᠣᠨ ᠤ 4  ᠰᠠᠷ᠎ᠠ ᠶᠢᠨ 7 ᠤ ᠡᠳᠦᠷ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号