ᠠᠨᠠᠷ ᠤᠨ ᠦᠷ᠎ᠡ ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ ︱ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ᠎ᠠ ᠲᠦᠴᠢᠦᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/4/8
   2023 ᠣᠨ ᠤ 4 ᠰᠠᠷ᠎ᠠ ᠶᠢᠨ 4 ᠤ ᠡᠳᠦᠷ᠂ ᠲᠦᠴᠢᠦᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠦᠨᠳᠦᠰᠦᠲᠡᠨ ᠤ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠦᠨᠳᠦᠰᠦᠲᠡᠨ ᠤ ᠠᠵᠢᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠨ᠂ ᠰᠤᠷᠭᠠᠨ ᠬᠥᠮᠦᠵᠢᠯ ᠤᠨ ᠰᠢᠰᠲ᠋ᠧᠮ ᠤᠨ ᠪᠥᠬᠦ ᠪᠠᠭᠰᠢ ᠰᠤᠷᠤᠭᠴᠢᠳ ᠢ ᠦᠨᠡᠨᠬᠦ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠮᠠᠨ ᠤ ᠠᠶᠢᠮᠠᠭ ᠤᠨ ᠪᠥᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠡᠭᠦᠳᠦᠨ ᠪᠠᠶᠢᠭᠤᠯᠬᠤ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠤᠨ ᠠᠵᠢᠯ ᠢ ᠡᠭᠦᠳᠦᠨ ᠪᠠᠶᠢᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠤᠨ᠎ᠠ᠃    ᠲᠦᠴᠢᠦᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠯᠢᠦ ᠲᠦᠩ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠢᠦᠢ ᠯᠧᠢ ᠬᠤᠷᠠᠯ ᠳᠤ ᠣᠷᠣᠯᠴᠠᠵᠤ᠂ 35 ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ᠂ ᠲᠠᠶᠢᠯᠪᠤᠷᠢᠯᠠᠭᠴᠢ ᠨᠡᠶᠢᠳᠡ 60 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠪᠠ᠃    ᠪᠣᠯᠪᠠᠰᠤᠷᠠᠯ ᠤᠨ ᠬᠤᠷᠠᠯ ᠳᠡᠭᠡᠷ᠎ᠡ᠂ ᠯᠢᠦ ᠲᠦᠩ ᠡᠷᠬᠢᠯᠡᠭᠴᠢ ᠠᠴᠠ ︽ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠵᠡᠢ᠃    ᠯᠢᠦ ᠲᠦᠩ ᠡᠷᠬᠢᠯᠡᠭᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠦᠨ ᠭᠦᠨᠵᠡᠭᠡᠢ ᠠᠭᠤᠯᠤᠭᠳᠠᠬᠤᠨ ᠢ ᠣᠨᠣᠪᠴᠢᠲᠠᠶ ᠡᠵᠡᠮᠰᠢᠬᠦ ᠵᠡᠷᠭᠡ ᠲᠠᠯ᠎ᠠ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠠᠵᠢᠯ ᠤᠨ ᠴᠢᠬᠤᠯᠠ ᠴᠢᠨᠠᠷ ᠢ ᠲᠣᠳᠣᠷᠬᠠᠶᠢᠯᠠᠨ ᠥᠭᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠠᠵᠢᠯ ᠢ ᠰᠤᠷᠭᠠᠨ ᠬᠥᠮᠦᠵᠢᠯ ᠤᠨ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠠᠯᠢ ᠣᠯᠠᠨ ᠠᠮᠢᠳᠤᠯᠢᠭ ᠵᠢᠱᠢᠶ᠎ᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠠᠵᠢᠯ ᠤᠨ ᠲᠤᠬᠠᠢ ᠪᠣᠯᠪᠠᠰᠤᠷᠠᠯ ᠳᠤ ᠣᠷᠣᠯᠴᠠᠭᠰᠠᠳ ᠤᠨ ᠣᠶᠢᠯᠠᠭᠠᠯᠲᠠ ᠶᠢ ᠭᠦᠨᠵᠡᠭᠡᠶᠢᠷᠡᠭᠦᠯᠦᠨ᠂ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ  ᠲᠠᠢ ᠶᠤᠮ᠃    ᠲᠣᠰ ᠤᠳᠠᠭᠠᠨ ᠤ ᠪᠤᠯᠪᠠᠰᠤᠷᠠᠯ ᠢᠶᠠᠷ ᠳᠡᠮᠵᠢᠨ᠂ ᠡᠯ᠎ᠡ ᠰᠤᠷᠭᠠᠭᠤᠯᠢ᠂ ᠬᠡᠦᠬᠡᠳ ᠤᠨ ᠴᠡᠴᠡᠷᠯᠢᠭ ᠨᠢ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠬᠢᠨᠠᠮᠠᠭᠠᠢ ᠣᠶᠢᠯᠠᠭᠠᠵᠤ᠂ ᠰᠣᠷᠣᠭᠰᠠᠨ ᠢᠶᠠᠨ ᠬᠡᠷᠡᠭᠯᠡᠬᠦ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠬᠤ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠠᠪᠤᠳᠠᠯ ᠲᠠᠢ ᠨᠢᠭᠲᠠ ᠤᠶᠠᠯᠳᠤᠭᠤᠯᠤᠨ᠂ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠬᠤ ᠪᠣᠯᠣᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号