2023 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠶᠢ ᠥᠷᠨᠢᠭᠦᠯᠬᠦ ᠲᠤᠬᠠᠢ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠦᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/5/17
ᠵᠠᠰᠠᠭ ᠠᠯᠪᠠᠨ ᠲᠠᠷᠬᠠᠭᠠᠭᠰᠠᠨ 〔2023〕 36 ᠳ᠋ᠤᠭᠠᠷ ᠲᠣᠭᠠᠲᠤ 2023 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠶᠢ ᠥᠷᠨᠢᠭᠦᠯᠬᠦ ᠲᠤᠬᠠᠢ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠦᠨ ᠤ ᠠᠯᠪᠠᠨ ᠭᠡᠷ ᠤᠨ ᠮᠡᠳᠡᠭᠳᠡᠯ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠳᠦᠷᠦᠯᠵᠢ ᠲᠠᠷᠢᠶᠠᠯᠠᠩ ᠤᠨ ᠲᠠᠯᠠᠪᠠᠶ᠂ ᠰᠢᠭᠤᠳ ᠬᠠᠮᠢᠶᠠᠷᠤᠯᠲᠠ ᠶᠢᠨ ᠨᠢᠭᠡᠴᠡ᠂ ᠰᠢᠶᠠᠨ ᠤ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠡᠯ᠎ᠡ ᠠᠵᠤ ᠠᠬᠤᠶᠢᠯᠠᠯ ᠳᠤ᠄    ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠪᠣᠯ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠥᠷᠨᠢᠭᠦᠯᠦᠭᠰᠡᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠᠶᠢᠵᠤ᠂ ᠬᠦᠴᠢᠷᠳᠡᠯᠲᠡᠢ ᠣᠯᠠᠨ ᠲᠦᠮᠡᠨ ᠳᠤ ᠠᠩᠬᠠᠷᠤᠯ ᠲᠠᠯᠪᠢᠬᠤ᠂ ᠬᠥᠮᠥᠡᠯᠢᠭ ᠠᠪᠤᠷᠠᠨ ᠲᠤᠰᠠᠯᠠᠬᠤ ᠠᠵᠢᠯ ᠢ ᠥᠷᠨᠢᠭᠦᠯᠬᠦ‍ ᠨᠢᠭᠡ ᠵᠦᠢᠯ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠᠶᠢᠵᠤ᠂ ᠲᠦᠭᠡᠮᠡᠯ ᠬᠠᠶᠢᠷ᠎ᠠ ᠶᠢᠨ ᠭᠡᠷ ᠣᠷᠣᠨ᠂ ︽ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾᠂ ᠬᠦᠨᠳᠦ ᠡᠪᠡᠳᠴᠢᠨ ᠲᠠᠢ ᠠᠵᠢᠯᠲᠠᠨ ᠤ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠴᠢᠬᠤᠯᠠ ᠪᠡᠯᠡ ᠮᠥᠩᠭᠦ ᠶᠢᠨ ᠪᠠᠲᠤᠯᠠᠭ᠎ᠠ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠪᠠ ᠬᠦᠴᠦᠲᠡᠢ ᠳᠡᠮᠵᠢᠯᠭᠡ ᠶᠢᠨ ᠳᠣᠣᠷ᠎ᠠ᠂ ᠪᠥᠬᠦ ᠰᠢᠶᠠᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠥᠷᠭᠡᠨ ᠣᠯᠠᠨ ᠬᠠᠶᠢᠷ᠎ᠠ ᠬᠠᠯᠠᠮᠵᠢ ᠲᠠᠢ ᠬᠥᠮᠥᠰ ᠤᠨ ᠢᠳᠡᠪᠬᠢᠲᠡᠢ ᠣᠷᠤᠯᠴᠠᠯᠭ᠎ᠠ ᠶᠢᠨ ᠳᠣᠣᠷ᠎ᠠ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠡᠷᠡᠭᠦᠯ ᠡᠩᠬᠡ ᠲᠦᠴᠢᠤᠸᠠᠨ ᠳᠤ ᠬᠦᠴᠦ ᠨᠡᠮᠡᠷᠢᠯᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠪᠠᠳᠠᠷᠠᠭᠤᠯᠤᠭᠰᠠᠨ ᠪᠠᠶᠢᠨ᠎ᠠ᠃ 2023 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠬᠠᠨᠳᠢᠪ ᠴᠤᠭᠯᠠᠭᠤᠯᠬᠤ ᠠᠵᠢᠯᠯᠠᠭ᠎ᠠ ᠶᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ ᠨᠢᠭᠡ᠂ ᠠᠵᠢᠯᠯᠠᠭᠠᠨ ᠤ ᠴᠠᠭ 2023 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ 5 ᠰᠠᠷ᠎ᠠ   ᠠᠴᠠ ᠡᠬᠢᠯᠡᠨ 9 ᠰᠠᠷ᠎ᠠ ᠶᠢᠨ ᠰᠡᠭᠦᠯᠴᠢ ᠪᠠᠷ ᠳᠠᠭᠤᠰᠤᠨ᠎ᠠ᠃ ᠬᠤᠶᠠᠷ᠂ ᠵᠣᠭᠤᠰ ᠴᠤᠭᠯᠠᠭᠤᠯᠬᠤ ᠲᠤᠭ᠎ᠠ ᠬᠡᠮᠵᠢᠶ᠎ᠡ    ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠲᠤᠭ᠎ᠠ ᠬᠡᠮᠵᠢᠶ᠎ᠡ ᠳᠤ ᠡᠳᠦᠷ ᠤᠨ ᠴᠠᠯᠢᠩ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠄ 2023 ᠣᠨ ᠤ 1 ᠰᠠᠷ᠎ᠠ ᠳᠤ ᠣᠯᠭᠤᠬᠤ ᠶᠣᠰᠣᠲᠠᠢ ᠴᠠᠯᠢᠩ ᠤᠨ ᠪᠥᠬᠦ ᠲᠤᠭ᠎ᠠ÷30 ᠡᠳᠦᠷ᠂ ᠡᠭᠦᠨ ᠳᠤ ᠠᠵᠢᠯ ᠤᠨ ᠪᠦᠲᠦᠮᠵᠢ ᠶᠢᠨ ᠴᠠᠯᠢᠩ ᠢ ᠬᠡᠷᠡᠭᠵᠢᠭᠦᠯᠦᠭᠰᠡᠨ ᠨᠢᠭᠡᠴᠡ᠄ ︵2022 ᠣᠨ ᠤ ᠰᠠᠷ᠎ᠠ ᠶᠢᠨ ᠠᠵᠢᠯ ᠤᠨ ᠪᠦᠲᠦᠮᠵᠢ ᠶᠢᠨ ᠳᠤᠮᠳᠠᠴᠢ ᠴᠠᠯᠢᠩ + 2023 ᠣᠨ ᠤ 1 ᠰᠠᠷ᠎ᠠ ᠶᠢᠨ ᠴᠠᠯᠢᠩ ᠥᠭᠬᠦ ᠶᠣᠰᠣᠲᠠᠢ ᠵᠦᠢᠯ ᠤᠨ ᠪᠥᠬᠦ ᠲᠤᠭ᠎ᠠ︶ ÷30 ᠡᠳᠦᠷ︔ ᠠᠵᠤ ᠠᠬᠤᠢᠯᠠᠯ ᠤᠳ ᠨᠢᠭᠡ ᠡᠳᠦᠷ ᠤᠨ ᠠᠰᠢᠭ ᠬᠤᠨᠵᠢᠪᠤᠷᠢ ᠪᠤᠶᠤ ᠠᠷᠪᠢᠯᠠᠭᠰᠠᠨ ᠨᠢᠭᠡ ᠬᠡᠰᠡᠭ ᠵᠠᠷᠤᠯᠭ᠎ᠠ ᠪᠠᠨ ᠬᠠᠨᠳᠢᠪᠯᠡᠪᠠ᠃    ᠭᠤᠷᠪᠠ᠂ ᠭᠥᠯᠢᠶᠡᠨ ᠠᠪᠬᠤ ᠠᠷᠭ᠎ᠠ ᠮᠠᠶ᠋ᠢᠭ   ᠰᠢᠶᠠᠨ ᠤ ᠱᠠᠲᠤᠨ ᠤ ᠬᠠᠨᠳᠢᠪ ᠴᠤᠭᠯᠠᠭᠤᠯᠬᠤ ᠪᠡᠯᠡ ᠮᠥᠩᠭᠦ ᠶᠢ ᠬᠦᠯᠢᠶᠡᠨ ᠠᠪᠬᠤ ᠨᠢᠭᠡᠴᠢ ᠪᠣᠯ ᠰᠢᠶᠠᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠬᠦᠯᠢᠶᠡᠨ ᠠᠪᠬᠤ ᠬᠡᠯᠪᠡᠷᠢ᠄ ᠪᠠᠩᠬᠢ ᠳᠠᠩᠰᠠ ᠰᠢᠯᠵᠢᠭᠦᠯᠦᠨ᠎ᠡ᠃ ᠳᠠᠩᠰᠠ ᠪᠠᠶᠢᠭᠤᠯᠤᠭᠰᠠᠨ ᠨᠡᠷᠡᠶᠢᠳᠦᠯ᠄ ᠲᠦᠴᠢᠦᠸᠠᠨ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠃ ᠳᠠᠩᠰᠠ ᠨᠡᠭᠡᠭᠡᠭᠰᠡᠨ ᠪᠠᠩᠬᠢ᠄ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠲᠦᠴᠢᠦᠸᠠᠨ ᠰᠠᠯᠪᠤᠷᠢ ᠪᠠᠩᠬᠢ᠃ ᠳᠠᠩᠰᠠᠨ ᠨᠣᠮᠧᠷ᠄ 0608049929200052287᠃ ᠬᠠᠷᠢᠯᠴᠠᠬᠤ ᠬᠥᠮᠥᠨ᠄ ᠴᠢᠨ ᠰᠢᠤᠸᠠᠢ ᠵᠢᠩ᠃ ᠬᠠᠷᠢᠯᠴᠠᠬᠤ ᠤᠲᠠᠰᠤ᠄ 0482-5121311᠃ ᠵᠣᠭᠤᠰ ᠬᠠᠨᠳᠢᠪᠯᠡᠬᠤ ᠳᠠᠭᠠᠨ ᠡᠯ᠎ᠡ ᠭᠠᠵᠠᠷ᠂ ᠡᠯ᠎ᠡ ᠨᠢᠭᠡᠴᠡ ᠨᠦᠭᠦᠳ ᠲᠤᠰ ᠨᠢᠭᠡᠴᠡ ᠶᠢᠨ ᠢᠶᠠᠨ ᠺᠠᠳ᠋ᠷ ᠠᠵᠢᠯᠲᠠᠨ ᠠᠵᠢᠯᠴᠢᠨ ᠤ ᠨᠡᠷᠡᠰ ᠪᠠ ᠵᠣᠭᠤᠰ ᠬᠠᠨᠳᠢᠪᠯᠡᠭ᠌ᠰᠠᠨ ᠲᠤᠭ᠎ᠠ ᠶᠢ ᠬᠠᠮᠲᠤ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ ᠳᠥᠷᠪᠡ᠂ ᠪᠣᠳᠠᠲᠠᠢ ᠱᠠᠭᠠᠷᠳᠠᠯᠭ᠎ᠠ   ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠶᠢᠨ ᠨᠡᠶᠢᠭᠡᠮ ᠤᠨ ᠠᠪᠤᠷᠠᠨ ᠲᠤᠰᠠᠯᠠᠬᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠬᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠬᠦ ᠲᠠᠯ᠎ᠠ ᠪᠠᠷ ᠦᠵᠡᠭᠦᠯᠦᠭᠰᠡᠨ ᠢᠳᠡᠪᠬᠢᠲᠡᠢ ᠦᠢᠯᠡᠳᠦᠯ ᠢ ᠭᠦᠢᠴᠡᠳ ᠲᠠᠨᠢᠵᠤ᠂ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃   ︵ᠬᠤᠶᠠᠷ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠬᠥᠮᠥᠨ ᠪᠦᠬᠦᠨ ᠨᠡᠶᠢᠲᠡ ᠶᠢᠨ ᠠᠰᠠᠷᠠᠮᠵᠢ ᠳᠤ ᠣᠷᠣᠯᠴᠠᠬᠤ᠂ ᠬᠥᠮᠥᠨ ᠪᠦᠬᠦᠨ ᠬᠠᠶᠢᠷ᠎ᠠ ᠪᠠᠨ ᠡᠷᠭᠦᠬᠦ ᠨᠡᠶᠢᠲᠡ ᠶᠢᠨ ᠠᠰᠠᠷᠠᠮᠵᠢ ᠶᠢᠨ ᠣᠨᠣᠯᠵᠢᠬᠤᠨ ᠢ ᠶᠡᠬᠡᠪᠡᠷ ᠰᠠᠨᠠᠭᠠᠴᠢᠯᠠᠵᠤ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠪᠠ ᠦᠢᠯᠡᠳᠦᠯ ᠢ ᠶᠡᠬᠡᠪᠡᠷ ᠤᠬᠠᠭᠤᠯᠵᠤ᠂ ᠠᠵᠢᠯᠯᠠᠭ᠎ᠠ ᠶᠢᠨ ᠣᠶᠢᠯᠠᠭᠠᠬᠤ ᠨᠣᠷᠮ᠎ᠠ᠂ ᠮᠡᠳᠡᠷᠡᠬᠦ ᠨᠣᠷᠮ᠎ᠠ ᠪᠠ ᠣᠷᠣᠯᠴᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠶᠢᠨ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠬᠠᠮᠲᠤ ᠪᠠ ᠬᠤᠪᠢ ᠬᠥᠮᠥᠨ ᠢ ᠢᠳᠡᠪᠬᠢᠲᠡᠢ ᠤᠬᠠᠭᠤᠯᠵᠤ᠂ ᠬᠠᠶᠢᠷ᠎ᠠ ᠪᠠᠨ ᠡᠷᠭᠦᠬᠦ ᠦᠶᠯᠡ ᠠᠵᠢᠯᠯᠠᠭ᠎ᠠ ᠶᠢ ᠮᠠᠭᠲᠠᠨ ᠰᠠᠶᠢᠰᠢᠶᠠᠵᠤ᠂ ᠨᠡᠶᠢᠭᠡᠮ ᠤᠨ ᠪᠣᠯᠪᠠᠰᠤᠨ ᠬᠡᠪ ᠰᠤᠷᠲᠠᠯ ᠢ ᠬᠥᠲᠥᠯᠥᠨ ᠵᠢᠯᠤᠭᠤᠳᠴᠤ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠶᠢ ᠲᠣᠰ ᠨᠢᠭᠡᠴᠡ ᠰᠠᠯᠠᠭ᠎ᠠ ᠮᠥᠴᠢᠷ ᠤᠨ ᠢᠶᠠᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠨᠡᠶᠢᠲᠡ ᠶᠢᠨ ᠠᠰᠠᠷᠠᠮᠵᠢ ᠶᠢᠨ ᠠᠴᠢᠶᠠᠯᠠᠪᠤᠷᠢ ᠪᠣᠯᠭᠠᠬᠤ ᠬᠡᠷᠡᠭᠲᠡᠢ᠃    ︵ᠭᠤᠷᠪᠠ︶ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠯᠭ᠎ᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠥᠪᠡᠷ ᠢ ᠪᠠᠨ ᠱᠠᠭᠠᠷᠳᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠪᠤᠶᠠᠨ ᠤ ᠮᠥᠩᠭᠦ ᠶᠢ ᠭᠥᠯᠢᠶᠡᠨ ᠠᠪᠬᠤ᠂ ᠬᠠᠮᠢᠶᠠᠷᠬᠤ ᠪᠠ ᠬᠡᠷᠡᠭᠯᠡᠬᠦ ᠠᠵᠢᠯ ᠢ ᠴᠢᠩᠭ᠎ᠠ ᠨᠢᠮᠪᠠᠢ᠂ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ ᠪᠠᠷ ᠰᠠᠶᠢᠲᠤᠷ ᠬᠢᠵᠦ᠂ ᠨᠡᠶᠢᠭᠡᠮ ᠳᠤ ᠴᠠᠭ ᠲᠤᠬᠠᠢ ᠳᠤᠨᠢ᠂ ᠣᠨᠣᠪᠴᠢᠲᠠᠶ ᠠᠯᠪᠠᠨ ᠵᠠᠷ ᠨᠡᠶᠢᠲᠡᠯᠡᠵᠦ᠂ ᠬᠠᠨᠳᠢᠪᠯᠠᠭᠰᠠᠳ ᠢ ᠰᠠᠨᠠᠭ᠎ᠠ ᠠᠮᠤᠷ᠂ ᠲᠤᠰᠠᠯᠠᠭᠰᠠᠳ ᠢ ᠬᠠᠨᠤᠮᠵᠢᠲᠠᠶ ᠪᠣᠯᠭᠠᠬᠤ ᠬᠡᠷᠡᠭᠲᠡᠢ᠃ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠪᠡᠯᠡ ᠮᠥᠩᠭᠦ ᠶᠢᠨ ᠣᠨ ᠤ ᠬᠢᠨᠠᠨ ᠪᠤᠳᠤᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠰᠠᠨᠠᠭᠠᠴᠢᠯᠠᠭ᠎ᠠ   ᠠᠴᠠ ᠪᠠᠨ ᠬᠦᠯᠢᠶᠡᠵᠦ᠂ ᠪᠡᠯᠡ ᠮᠥᠩᠭᠦ ᠶᠢᠨ ᠠᠵᠢᠯᠯᠠᠭᠠᠨ ᠤ ᠠᠮᠤᠷ ᠲᠦᠪᠰᠢᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃                                      2023 ᠣᠨ ᠤ 5 ᠰᠠᠷ᠎ᠠ ᠶᠢᠨ 15 ᠤ ᠡᠳᠦᠷ    
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号