ᠬᠤᠶᠠᠷ ᠬᠦᠮᠦᠨ ᠤ ᠲᠤᠭᠯᠠᠯᠳᠠ ︽ᠬᠤᠨᠳᠠᠭ᠎ᠠ ᠪᠤᠴᠠᠭᠠᠭᠰᠠᠨ ᠲᠡᠮᠳᠡᠭᠯᠡᠯ︾ ᠢ ᠬᠦᠳᠡᠭᠡ ᠲᠣᠰᠬᠤᠨ ᠳᠤ ᠭᠤᠶᠢᠳᠠ ᠰᠠᠶᠢᠬᠠᠨ ᠲᠣᠭᠯᠠᠪᠠ
ᠨᠡᠶᠢᠲᠡᠯᠡᠭᠰᠡᠨ ᠴᠠᠭ᠄
2023/5/20
   ᠣᠶᠢᠷ᠎ᠠ ᠳᠤ᠂ ᠥᠪᠥᠷ ᠮᠣᠩᠭᠤᠯ ᠤᠨ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ︽ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠬᠦ︾ ᠰᠣᠶᠣᠯ ᠢ ᠬᠥᠳᠡᠭᠡ ᠪᠠᠭᠤᠯᠭᠠᠬᠤ ᠠᠵᠢᠯᠯᠠᠭ᠎ᠠ ᠦᠵᠡᠰᠬᠦᠯᠡᠩᠲᠦ ᠰᠠᠶᠢᠬᠠᠨ ᠲᠦᠴᠢᠦᠸᠠᠨ ᠰᠢᠶᠠᠨ ᠤ ᠯᠢᠦ ᠬᠣ᠋ ᠪᠠᠯᠭᠠᠰᠤᠨ ᠤ ᠱᠤᠸᠠᠩ ᠾᠧ ᠲᠣᠰᠬᠤᠨ ᠳᠤ ᠬᠦᠷᠴᠦ ᠢᠷᠡᠪᠡ᠃
   ᠢᠨᠠᠭ ᠳᠤᠷᠠᠯᠠᠯ ᠤᠨ ᠦᠯᠢᠭᠡᠷ ᠢ ᠥᠨᠢ ᠡᠭᠦᠷᠢᠳᠡ ᠤᠯᠠᠮᠵᠢᠯᠠᠨ ᠮᠠᠭᠲᠠᠵᠤ᠂ ᠰᠣᠩᠭᠤᠳᠠᠭ ᠳᠠᠭᠤᠤ ᠶᠢ ᠭᠤᠶᠢᠳᠠ ᠰᠠᠶᠢᠬᠠᠨ ᠲᠣᠭᠯᠠᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠬᠤᠶᠠᠷ ᠬᠦᠮᠦᠨ ᠤ ᠲᠤᠭᠯᠠᠯᠳᠠ ᠶᠢᠨ ᠤᠯᠠᠮᠵᠢᠯᠠᠭᠴᠢ ᠵᠧᠦ ᠹᠧᠩ ᠾᠧ᠂ ᠰᠦᠨ ᠯᠢ ᠵᠢᠶᠦ᠋ᠨ ᠤ ᠲᠣᠭᠯᠠᠭᠰᠠᠨ ᠰᠣᠩᠭᠤᠳᠠᠭ ᠪᠠᠳᠠᠭ ︱ ︽ᠬᠤᠨᠳᠠᠭ᠎ᠠ ᠪᠤᠴᠠᠭᠠᠭᠰᠠᠨ ᠲᠡᠮᠳᠡᠭᠯᠡᠯ︾ ᠤᠨ ᠰᠣᠩᠭᠤᠮᠠᠯ ᠪᠠᠳᠠᠭ ᠨᠢ ᠬᠥᠮᠥᠰ ᠤᠨ ᠰᠡᠳᠬᠢᠯ ᠢ ᠪᠠᠶᠠᠰᠬᠠᠵᠤ᠂ ᠬᠢᠵᠠᠭᠠᠯᠠᠰᠢ ᠦᠭᠡᠢ ᠪᠠᠭ᠋ᠠᠷᠤᠭᠤᠯᠤᠨ᠎ᠠ᠃
       ᠤᠯᠠᠮᠵᠢᠯᠠᠭᠴᠢ ᠶᠢᠨ ᠳᠠᠭᠤᠯᠠᠬᠤ ᠡᠷᠳᠡᠮ ᠭᠦᠨ᠂ ᠬᠦᠭ ᠠᠶᠠᠰ ᠢᠷᠠᠭᠤ ᠰᠠᠶᠢᠬᠠᠨ ᠪᠠᠶᠢᠵᠤ᠂ ᠮᠢᠩ ᠤᠯᠤᠰ ᠤᠨ ᠦᠶ᠎ᠡ ᠶᠢᠨ ᠰᠦᠵᠧᠦ ᠶᠢᠨ ᠸᠠᠩ ᠶᠤᠸᠠᠨ ᠸᠠᠢ ᠶᠢᠨ ᠬᠡᠤᠬᠡᠨ ᠸᠠᠩ ᠯᠠᠨ ᠶᠢᠩ  ᠂ ᠬᠦᠮᠤᠰ ᠶᠡᠷᠦ ᠨᠢ ᠸᠠᠩ ᠡᠯ ᠵᠢᠶᠧ ᠭᠡᠳᠡᠭ᠂  ᠲᠡᠬᠦᠨ ᠤ ᠬᠦᠷᠭᠡᠨ ᠵᠠᠩ ᠲᠢᠩ ᠰᠢᠸ ᠲᠠᠢ ᠬᠠᠮᠲᠤ ᠪᠠᠷ ᠬᠠᠶᠢᠷ᠎ᠠ ᠳᠤᠷᠠᠯᠠᠯ ᠢᠶᠠᠨ ᠪᠠᠲᠤ ᠰᠠᠬᠢᠭᠰᠠᠨ ᠦᠯᠢᠭᠡᠷ ᠢ ᠭᠤᠶᠢᠳᠠ ᠰᠠᠶᠢᠬᠠᠨ ᠲᠤᠭᠯᠠᠵᠤ᠂ ᠣᠯᠠᠨ ᠲᠦᠮᠡᠨ ᠤ ᠬᠠᠯᠠᠭᠤᠨ ᠠᠯᠠᠭ᠎ᠠ ᠲᠡᠰᠢᠯᠲᠡ ᠶᠢ ᠣᠯᠣᠭᠰᠠᠨ ᠪᠠᠶᠢᠨ᠎ᠠ᠃
       ᠲᠣᠭᠯᠠᠭᠴᠢᠳ ᠪᠠᠶᠠᠷ ᠪᠠᠶᠠᠰᠬᠤᠯᠠᠩ ᠲᠠᠢ ᠡᠬᠢᠯᠡᠯᠲᠡ ᠶᠢᠨ ᠪᠥᠵᠢᠭ᠂ ᠭᠤᠴᠣᠯᠠᠯ ᠳᠠᠭᠤᠤ᠂ ᠱᠤᠭ ᠵᠦᠴᠦᠭᠡ ᠵᠡᠷᠭᠡ ᠤᠯᠠᠨ ᠲᠦᠮᠡᠨ ᠤ ᠠᠮᠢᠳᠤᠷᠠᠯ ᠲᠠᠢ ᠣᠶᠢᠷᠠᠲᠤᠭᠰᠠᠨ ᠢᠳᠡᠪᠬᠢ ᠬᠦᠴᠦᠨ ᠲᠠᠢ ᠤᠷᠠᠨ ᠰᠠᠶᠢᠬᠠᠨ ᠤ ᠲᠣᠭᠯᠠᠯᠲᠠ ᠨᠢ ᠴᠠᠭ ᠢᠮᠠᠭᠲᠠ ᠤᠯᠠᠨ ᠲᠦᠮᠡᠨ ᠳᠤ ︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠰᠣᠶᠣᠯ ᠤᠨ ᠢᠲᠡᠭᠡᠯ ᠢ ᠳᠠᠮᠵᠢᠭᠤᠯᠵᠤ᠂ ᠨᠠᠮ ᠤᠨ ᠠᠷᠠᠳ ᠢ ᠪᠠᠶᠠᠵᠢᠭᠤᠯᠬᠤ ᠲᠦᠷᠦ ᠶᠢᠨ ᠪᠣᠳᠣᠯᠭ᠎ᠠ ᠶᠢᠨ ᠳᠠᠭᠠᠭᠤᠯᠭ᠎ᠠ ᠳᠣᠣᠷ᠎ᠠ᠂ ᠵᠢᠵᠢᠭ ᠠᠭᠤᠯᠠᠨ ᠲᠣᠰᠬᠤᠨ ᠤ ᠤᠯᠠᠨ ᠲᠦᠮᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠢᠷᠡᠭᠡᠳᠦᠢ ᠲᠡᠰᠢ ᠡᠷᠡᠯᠬᠡᠭᠯᠡᠨ ᠤᠷᠤᠭᠰᠢᠯᠠᠵᠤ ᠪᠠᠶᠢᠨ᠎ᠠ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号