ᠲᠦᠴᠢᠦᠸᠠᠨ ᠰᠢᠶᠠᠨ 5 · 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨ ᠪᠣᠯᠪᠠᠰᠤᠨ ᠵᠢᠭᠤᠯᠴᠢᠯᠠᠯ ᠤᠨ ᠤᠬᠠᠭᠤᠯᠭ᠎ᠠ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/20
   5 ᠰᠠᠷ᠎ᠠ ᠶᠢᠨ 19  ᠤ ᠡᠳᠦᠷ ᠪᠣᠯ ᠠᠷᠪᠠᠨ ᠭᠤᠷᠪᠠᠳᠤᠭᠠᠷ ᠳᠤᠮᠳᠠᠳᠤ ᠤᠯᠤᠰ ᠤᠨ ᠵᠤᠭᠠᠴᠠᠯ ᠤᠨ ᠡᠳᠦᠷ ᠪᠣᠯᠣᠨ᠎ᠠ᠂ ᠪᠣᠯᠪᠠᠰᠤᠨ ᠵᠤᠭᠠᠴᠠᠯ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠵᠢᠯᠲᠠᠳ ᠢᠶᠠᠨ ᠵᠣᠬᠢᠶᠠᠨ ᠪᠠᠶᠢᠭᠤᠯᠵᠤ ᠪᠦᠦ ᠱᠢ ᠨᠠᠭᠤᠷ ᠤᠨ ᠵᠤᠭᠠᠴᠠᠯ ᠦᠵᠡᠮᠵᠢ ᠶᠢᠨ ᠣᠷᠣᠨ ᠳᠤ ᠬᠦᠷᠴᠦ ᠪᠣᠯᠪᠠᠰᠤᠨ ᠵᠤᠭᠠᠴᠠᠯ ᠤᠨ ᠤᠬᠠᠭᠤᠯᠭ᠎ᠠ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃    ᠠᠵᠢᠯᠲᠠᠳ ᠤᠯᠠᠭᠠᠨ ᠥᠩᠭᠡ ᠶᠢᠨ ᠤᠬᠠᠭᠤᠯᠭ᠎ᠠ ᠶᠢᠨ ᠪᠦᠴᠡ ᠵᠡᠭᠦᠵᠦ᠂ ᠴᠦᠨ ᠵᠧᠦ ᠶᠢᠨ ᠡᠷᠲᠡᠨ ᠤ ᠬᠤᠲᠠ  ᠶᠢᠨ ᠲᠣᠭᠤᠷᠢᠭ ᠲᠤ ᠬᠦᠷᠴᠤ᠂ ᠪᠣᠯᠪᠠᠰᠤᠨ ᠵᠢᠭᠤᠯᠴᠢᠯᠠᠯ ᠤᠨ ᠰᠠᠨᠠᠭᠠᠴᠢᠯᠠᠭ᠎ᠠ ᠶᠢᠨ ᠪᠢᠴᠢᠭ ᠤᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠵᠢᠭᠤᠯᠴᠢᠯᠠᠭᠴᠢᠳ ᠲᠤ ᠪᠣᠯᠪᠠᠰᠤᠨ ᠵᠢᠭᠤᠯᠴᠢᠯᠠᠯ ᠤᠨ ᠮᠡᠳᠡᠯᠭᠡ ᠶᠢ ᠤᠬᠠᠭᠤᠯᠵᠤ᠂ ︽ᠠᠷᠪᠠᠨ ᠶᠡᠭᠡ ᠪᠣᠯᠪᠠᠰᠤᠨ ᠵᠢᠭᠤᠯᠴᠢᠯᠠᠯ ᠤᠨ ᠦᠶᠯᠡ ᠠᠵᠢᠯᠯᠠᠭ᠎ᠠ︾ ᠶᠢ ᠰᠠᠨᠠᠭᠠᠴᠢᠯᠠᠵᠤ᠂ ᠲᠠᠷᠤᠢ᠄ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠬᠤ᠂ ᠣᠯᠠᠨ ᠨᠡᠶᠢᠲᠡ ᠶᠢᠨ ᠡᠮᠬᠢ ᠵᠢᠷᠤᠮ ᠢ ᠰᠠᠬᠢᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠲᠡᠦᠬᠡ ᠶᠢᠨ ᠳᠤᠷᠠᠰᠬᠠᠯᠲᠤ ᠵᠦᠢᠯ ᠡᠷᠲᠡᠨ ᠤ ᠦᠯᠡᠳᠡᠭᠳᠡᠯ ᠢ ᠬᠠᠶᠢᠷᠠᠯᠠᠬᠤ᠂ ᠣᠯᠠᠨ ᠨᠡᠶᠢᠲᠡ ᠶᠢᠨ ᠲᠦᠭᠦᠭᠡᠷᠦᠮᠵᠢ ᠶᠢ ᠬᠠᠶᠢᠷᠠᠯᠠᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠭᠤᠯᠴᠢᠯᠠᠬᠤ᠂ ᠶᠣᠰᠣᠷᠬᠠᠭ ᠢᠶᠠᠷ ᠪᠤᠰᠤᠳ ᠲᠤ ᠬᠠᠨᠳᠤᠬᠤ ᠶᠢ ᠡᠷᠬᠢᠮᠯᠡᠬᠦ᠂ ᠭᠠᠯ ᠤᠨ ᠠᠮᠤᠷ ᠲᠦᠪᠰᠢᠨ ᠢ ᠴᠢᠬᠤᠯᠠᠴᠢᠯᠠᠬᠤ᠂ ᠡᠷᠡᠭᠦᠯ ᠰᠠᠷᠠᠭᠤᠯ ᠵᠤᠭ᠎ᠠ ᠴᠡᠩᠭᠡᠯ ᠢ ᠰᠠᠨᠠᠭᠠᠴᠢᠯᠠᠬᠤ᠂ ᠵᠠᠩ ᠳᠠᠳᠬᠠᠯ ᠢ ᠬᠦᠨᠳᠦᠳᠬᠡᠬᠦ ᠶᠢ ᠰᠠᠨᠠᠭᠠᠴᠢᠯᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号