ᠲᠦᠴᠢᠦᠸᠠᠨ ᠰᠢᠶᠠᠨ ᠤ ᠨᠣᠮ ᠤᠨ ᠰᠠᠩ ᠦᠢᠯᠡᠴᠢᠯᠡᠭᠡᠨ ᠤ ᠤᠬᠠᠭᠤᠯᠭ᠎ᠠ ᠵᠢᠨ‌ᠭᠠᠷᠠᠭ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/5/25
   5 ᠰᠠᠷ᠎ᠠ ᠶᠢᠨ 24 ᠤ ᠡᠳᠦᠷ᠂ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠣᠯᠠᠨ ᠨᠡᠶᠢᠲᠡ ᠶᠢᠨ ᠨᠣᠮ ᠤᠨ ᠰᠠᠩ ᠤᠨ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠲᠠᠢ ᠤᠶᠠᠯᠳᠤᠭᠤᠯᠤᠨ᠂ ᠲᠦᠴᠢᠦᠸᠠᠨ ᠰᠢᠶᠠᠨ ᠤ ᠨᠣᠮ ᠤᠨ ᠰᠠᠩ ᠵᠡᠭᠡᠯᠢ ᠶᠢᠨ ᠲᠥᠪ ᠴᠡᠴᠡᠷᠯᠢᠭ ᠲᠤ ︽ᠦᠨᠳᠦᠰᠦᠲᠡᠨ ᠤ ᠣᠶᠤᠨ ᠰᠠᠨᠠᠭ᠎ᠠ ᠶᠢ ᠰᠢᠮᠡᠵᠢᠭᠦᠯᠵᠦ ᠰᠣᠶᠣᠯ ᠤᠨ ᠢᠲᠡᠭᠡᠯ ᠢ ᠪᠤᠶᠢᠵᠢᠭᠤᠯᠬᠤ︾ ᠭᠡᠬᠦ ᠭᠤᠣᠯ ᠰᠡᠳᠦᠪᠲᠦ ᠨᠣᠮ ᠪᠢᠴᠢᠭ ᠠᠭᠤᠳᠠᠮ ᠲᠠᠯᠠᠪᠠᠶ ᠳᠤ ᠣᠷᠣᠵᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠲᠦᠴᠢᠦᠸᠠᠨ ᠰᠢᠶᠠᠨ ᠤ ᠨᠣᠮ ᠤᠨ ᠰᠠᠩ ᠠᠴᠠ ᠬᠤᠪᠢᠰᠬᠠᠯ ᠤᠨ ᠰᠣᠶᠣᠯ ᠤᠨ ᠨᠣᠮ ᠪᠢᠴᠢᠭ᠂ ᠣᠷᠣᠨ ᠨᠤᠲᠤᠭ ᠤᠨ ᠲᠡᠦᠬᠡ ᠣᠶᠢᠯᠠᠯᠭ᠎ᠠ ᠵᠡᠷᠭᠡ ᠡᠯ᠎ᠡ ᠲᠦᠷᠦᠯ ᠤᠨ ᠨᠣᠮ ᠪᠢᠴᠢᠭ ᠢ ᠨᠠᠷᠢᠨ ᠨᠢᠮᠪᠠᠢ ᠰᠣᠩᠭᠤᠵᠤ᠂ ᠲᠤᠬᠠᠢ ᠶᠢᠨ ᠲᠠᠯᠠᠪᠠᠢ ᠳᠤ ᠤᠯᠠᠨ ᠲᠦᠮᠡᠨ ᠤ ᠠᠳᠠᠯᠢ ᠪᠤᠰᠤ ᠤᠩᠰᠢᠯᠭ᠎ᠠ ᠶᠢᠨ ᠬᠡᠷᠡᠭᠴᠡᠭᠡ ᠶᠢ ᠬᠠᠩᠭᠠᠵᠤ᠂ ᠤᠯᠠᠨ ᠲᠦᠮᠡᠨ ᠤ ᠠᠩᠬᠠᠷᠤᠯ ᠢ ᠲᠠᠲᠠᠵᠠᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠨᠣᠮ ᠤᠨ ᠰᠠᠩ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠠᠴᠠ ᠵᠤᠭᠠᠴᠠᠭᠰᠠᠳ ᠵᠢᠴᠢ ᠣᠯᠠᠨ ᠲᠦᠮᠡᠨ ᠳᠤ ︽ᠢᠷᠭᠡᠨ ᠤ ᠬᠠᠤᠯᠢ ᠶᠢᠨ ᠪᠢᠴᠢᠭ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠯ ᠪᠦᠲᠦᠭᠡᠯ ᠤᠨ ᠡᠷᠬᠡ  ᠶᠢᠨ ᠬᠠᠤᠯᠢ︾᠂ ︽ᠣᠯᠠᠨ ᠨᠡᠶᠢᠲᠡ ᠶᠢᠨ ᠨᠣᠮ ᠤᠨ ᠰᠠᠩ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ︽ᠪᠣᠯᠪᠠᠰᠤᠨ ᠵᠢᠭᠤᠯᠴᠢᠯᠠᠯ︾ ︽ᠨᠠᠰᠤᠵᠢᠯ ᠤᠨ ᠮᠡᠬᠡᠯᠡᠯ ᠳᠤ ᠴᠣᠬᠢᠯᠲᠠ ᠥᠭᠬᠦ︾ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ︽ᠱᠠᠯᠢᠭ ᠵᠠᠪᠬᠠᠢ ᠵᠦᠢᠯᠡᠰ ᠶᠢ ᠠᠷᠢᠯᠭᠠᠨ ᠬᠠᠤᠯᠢ ᠪᠤᠰᠤ ᠪᠦᠳᠦᠭᠡᠭᠳᠡᠭᠦᠨ ᠳᠤ ᠴᠣᠬᠢᠯᠲᠠ ᠥᠭᠬᠦ︾ ︽ᠬᠤᠣᠷ ᠴᠠᠭᠠᠵᠠᠯᠠᠬᠤ︾ ᠵᠡᠷᠭᠡ ᠠᠭᠤᠯᠭ᠎ᠠ ᠲᠠᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠥᠷᠭᠡᠨ ᠣᠯᠠᠨ ᠲᠦᠮᠡᠨ ᠪᠠ ᠵᠤᠭᠠᠴᠠᠭᠰᠠᠳ ᠢ ᠬᠥᠲᠥᠯᠥᠨ ᠵᠢᠯᠤᠭᠤᠳᠴᠤ ᠪᠠᠶᠢᠭᠠᠳ ᠪᠣᠯᠪᠠᠰᠤᠨ ᠵᠢᠭᠤᠯᠴᠢᠯᠠᠯ᠂ ᠠᠮᠤᠷ ᠲᠦᠪᠰᠢᠨ ᠢᠶᠠᠷ ᠵᠤᠭᠠᠴᠠᠬᠤ᠂ ᠣᠶᠤᠨᠴᠢ ᠪᠠᠷ ᠬᠡᠷᠡᠭᠯᠡᠭᠡ ᠬᠢᠬᠦ᠂ ᠪᠣᠬᠢᠷᠲᠤᠯ ᠦᠭᠡᠢ ᠬᠡᠷᠡᠭᠯᠡᠭᠡ ᠬᠢᠯᠭᠡᠨ᠎ᠡ᠃    ᠠᠵᠢᠯᠯᠠᠭᠠᠨ ᠢᠶᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠲᠦᠴᠢᠦᠸᠠᠨ ᠰᠢᠶᠠᠨ ᠤ ᠲᠡᠦᠬᠡ ᠶᠢᠨ ᠪᠣᠯᠪᠠᠰᠤᠨ ᠪᠠ ᠬᠡᠷᠡᠯ ᠰᠠᠴᠤᠷᠠᠩᠭᠤᠢ ᠰᠣᠶᠣᠯ ᠢ ᠨᠠᠩ ᠪᠥᠬᠦ ᠲᠠᠯ᠎ᠠ ᠪᠠᠷ ᠭᠦᠨᠵᠡᠭᠡᠢ ᠣᠶᠢᠯᠠᠭᠠᠭᠤᠯᠵᠤ᠂ ᠵᠢᠭᠤᠯᠴᠢᠯᠠᠯ ᠤᠨ ᠠᠭᠤᠯᠤᠭᠳᠠᠬᠤᠨ ᠢ ᠳᠡᠭᠡᠭᠰᠢᠯᠡᠭᠦᠯᠦᠨ᠂ ᠰᠣᠶᠣᠯ ᠢᠶᠠᠷ ᠵᠢᠭᠤᠯᠴᠢᠯᠠᠯ ᠢ ᠠᠬᠢᠭᠤᠯᠵᠤ᠂ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠵᠤ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号