ᠯᠢᠦ ᠬᠣ᠋ ᠪᠠᠯᠭᠠᠰᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡ ᠨᠢ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2023/5/30
   ᠵᠠᠯᠠᠭᠤᠴᠤᠳ ᠪᠠᠭᠠᠴᠤᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠬᠠᠮᠲᠤᠯᠢᠭ ᠤᠨ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ᠂ ᠶᠣᠰᠣ ᠤᠴᠢᠷ ᠢ ᠣᠶᠢᠯᠠᠭᠠᠵᠤ ᠰᠠᠶᠢᠨ ᠢ ᠦᠢᠯᠡᠳᠬᠦ ᠶᠢ ᠬᠥᠲᠥᠯᠥᠨ ᠵᠢᠯᠤᠭᠤᠳᠴᠤ᠂ ᠨᠡᠶᠢᠭᠡᠮ ᠵᠢᠷᠤᠮ ᠤᠨ ᠬᠠᠤᠯᠢᠵᠢᠯ ᠤᠨ ᠣᠶᠢᠯᠠᠭᠠᠭᠳᠠᠬᠤᠨ ᠪᠣᠯᠣᠨ ᠬᠠᠤᠯᠢᠵᠢᠯ ᠤᠨ ᠤᠬᠠᠮᠰᠠᠷ ᠢ ᠪᠤᠢ ᠪᠣᠯᠭᠠᠵᠤ᠂ ᠵᠠᠯᠠᠭᠤᠴᠤᠳ ᠪᠠᠭᠠᠴᠤᠳ ᠤᠨ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠬᠤ ᠶᠢᠨ ᠲᠦᠯᠦᠭᠡ᠂ ᠲᠠᠪᠤᠨ ᠰᠠᠷ᠎ᠠ ᠠᠴᠠ ᠨᠠᠰᠢ᠂ ᠯᠢᠦ ᠬᠣ᠋ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠬᠠᠷᠢᠶ᠎ᠠ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠡᠢ᠃    ᠬᠠᠤᠯᠢ ᠴᠠᠭᠠᠵᠠ ᠶᠢᠨ ᠲᠠᠶᠢᠯᠤᠮᠵᠢ ᠨᠢ ᠬᠠᠤᠯᠢ ᠴᠠᠭᠠᠵᠠ ᠶᠢᠨ ᠮᠡᠳᠡᠯᠭᠡ ᠶᠢᠨ ᠰᠡᠳᠬᠢᠯ ᠳᠤ ᠣᠷᠣᠬᠤ ᠶᠢ ᠠᠬᠢᠭᠤᠯᠤᠨ᠎ᠠ᠃ ᠲᠦᠴᠢᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠠᠵᠢᠯᠲᠠᠨ ᠢ ᠯᠢᠦ ᠬᠣ᠋ ᠪᠠᠭ᠎ᠠ ᠰᠤᠷᠭᠠᠭᠤᠯᠢ ᠳᠤ ᠤᠷᠢᠵᠤ᠂ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠲᠠᠯ᠎ᠠ ᠪᠠᠷ ᠪᠠᠭᠰᠢ ᠰᠤᠷᠤᠭᠴᠢᠳ ᠲᠤ ᠬᠠᠤᠯᠢᠵᠢᠯ ᠤᠨ ᠤᠬᠠᠭᠤᠯᠭ᠎ᠠ ᠲᠠᠶᠢᠯᠪᠤᠷᠢᠯᠠᠯᠲᠠ ᠬᠢᠪᠡ᠃ ᠲᠠᠶᠢᠯᠤᠮᠵᠢ ᠳᠤ᠂ ᠰᠤᠷᠤᠭᠴᠢᠳ ᠤᠨ ᠠᠮᠢᠳᠤᠷᠠᠯ ᠳᠤ ᠣᠶᠢᠷᠠᠲᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠷᠬᠢᠨ ᠵᠠᠯᠠᠭᠤᠴᠤᠳ ᠪᠠᠭᠠᠴᠤᠳ ᠤᠨ ᠶᠠᠯ᠎ᠠ ᠬᠢᠬᠦ ᠶᠢ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠤ  ᠲᠠᠷᠤᠯᠠᠵᠤ ᠲᠤᠷᠤᠮᠵᠢᠯᠠᠬᠤ ᠶᠢ ᠲᠡᠪᠴᠢᠬᠦ᠂ ᠭᠠᠷ ᠤᠲᠠᠰᠤᠨ ᠳᠤ ᠰᠢᠨᠤᠭᠰᠠᠨ ᠮᠠᠭᠤ ᠳᠠᠳᠬᠠᠯ ᠢᠶᠠᠨ ᠬᠠᠯᠠᠬᠤ ᠵᠡᠷᠭᠡ ᠲᠠᠯ᠎ᠠ ᠪᠠᠷ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠲᠠᠶᠢᠯᠤᠮᠵᠢ ᠬᠢᠪᠡ᠃ ᠰᠤᠷᠤᠭᠴᠢᠳ ᠤᠨ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠬᠠᠤᠯᠢ ᠶᠢ ᠵᠥᠷᠢᠴᠡᠭᠰᠡᠨ ᠶᠠᠯᠠᠲᠤ ᠬᠡᠷᠡᠭ ᠡᠭᠦᠰᠬᠦ ᠶᠢ ᠪᠦᠲᠦᠮᠵᠢᠲᠡᠶ ᠪᠠᠷ ᠰᠡᠷᠭᠡᠶᠢᠯᠡᠨ ᠪᠠᠭᠠᠰᠬᠠᠵᠤ᠂ ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠪᠠ᠃    ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠨᠢ ᠬᠠᠤᠯᠢ ᠴᠠᠭᠠᠵᠠ ᠶᠢᠨ ᠮᠡᠳᠡᠯᠭᠡ ᠶᠢ ᠲᠠᠷᠢᠬᠢᠨ ᠳᠤ ᠤᠷᠤᠬᠤ ᠶᠢ ᠠᠬᠢᠭᠤᠯᠤᠨ᠎ᠠ᠃ ᠰᠠᠶᠢᠨ ᠳᠤᠷ᠎ᠠ ᠶᠢᠨ ᠠᠵᠢᠯᠯᠠᠭᠴᠢᠳ ᠬᠡᠦᠬᠡᠳ ᠤᠳ ᠲᠤ ︽ᠢᠷᠭᠡᠨ ᠤ ᠬᠠᠤᠯᠢ ᠶᠢᠨ ᠪᠢᠴᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ︽ᠢᠷᠭᠡᠨ ᠤ ᠬᠠᠤᠯᠢ ᠶᠢᠨ ᠪᠢᠴᠢᠭ ᠢ ᠰᠦᠯᠵᠢᠶᠡᠨ ᠳᠤ ᠣᠷᠣᠭᠤᠯᠬᠤ︾ ︽ᠢᠷᠭᠡᠨ ᠤ ᠬᠠᠤᠯᠢ ᠶᠢᠨ ᠪᠢᠴᠢᠭ ᠤᠨ 100 ᠠᠰᠠᠭᠤᠯᠲᠠ︾ ᠵᠡᠷᠭᠡ ᠤᠬᠠᠭᠤᠯᠭ᠎ᠠ ᠶᠢᠨ ᠭᠠᠷ ᠳᠡᠪᠲᠡᠷ ᠢ 500 ᠭᠠᠷᠤᠢ ᠲᠠᠷᠬᠠᠭᠠᠨ ᠥᠭᠴᠦ᠂ ᠰᠤᠷᠤᠭᠴᠢᠳ ᠲᠤ ᠬᠡᠵᠢᠶ᠎ᠡ ᠬᠠᠮᠢᠭ᠎ᠠ ᠴᠤ ᠭᠡᠰᠡᠨ ᠥᠪᠡᠷ ᠢᠶᠠᠨ ᠰᠤᠷᠬᠤ ᠠᠷᠭ᠎ᠠ ᠮᠠᠶ᠋ᠢᠭ ᠢᠶᠠᠷ ᠬᠠᠤᠯᠢ ᠴᠠᠭᠠᠵᠠ ᠶᠢᠨ ᠮᠡᠳᠡᠯᠭᠡ ᠶᠢ ᠣᠶᠢᠯᠠᠭᠠᠭᠤᠯᠵᠤ᠂ ᠬᠠᠤᠯᠢ ᠴᠠᠭᠠᠵᠠ ᠶᠢᠨ ᠬᠦᠴᠦᠨ ᠢᠶᠠᠷ ᠥᠪᠡᠷ ᠢ ᠪᠠᠨ ᠬᠠᠮᠠᠭᠠᠯᠠᠬᠤ ᠶᠢ ᠰᠤᠷᠭᠠᠵᠠᠢ᠃ ᠰᠠᠶᠢᠨ ᠳᠤᠷ᠎ᠠ ᠶᠢᠨ ᠠᠵᠢᠯᠯᠠᠭᠴᠢᠳ ᠪᠠᠰᠠ ᠬᠡᠦᠬᠡᠳ ᠤᠳ ᠲᠤ ︽ᠢᠷᠭᠡᠨ ᠤ ᠬᠠᠤᠯᠢ ᠶᠢᠨ ᠪᠢᠴᠢᠭ ᠢ ᠭᠡᠷ ᠪᠦᠯᠢ ᠳᠤ ᠤᠷᠤᠭᠤᠯᠬᠤ︾ ᠶᠢ ᠲᠠᠷᠬᠠᠭᠠᠨ ᠦᠭᠴᠦ᠂ ᠲᠡᠳᠡᠨ ᠢ ᠭᠡᠷ ᠪᠦᠯᠢ ᠶᠢᠨ ᠬᠠᠤᠯᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠪᠣᠯᠬᠤ ᠪᠠᠷ ᠴᠢᠷᠮᠠᠶᠢᠵᠤ᠂ ᠬᠠᠤᠯᠢ ᠴᠠᠭᠠᠵᠠ ᠶᠢᠨ ᠮᠡᠳᠡᠯᠭᠡ ᠶᠢ ᠭᠡᠷ ᠪᠦᠯᠢ ᠶᠢᠨ ᠠᠮᠢᠳᠤᠷᠠᠯ ᠳᠤ ᠠᠪᠴᠢᠷᠠᠬᠤ ᠶᠢ ᠵᠤᠷᠢᠭᠵᠢᠭᠤᠯᠵᠠᠢ᠃    ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠰᠣᠷᠢᠯᠲᠠ ᠨᠢ ᠬᠠᠤᠯᠢ ᠴᠠᠭᠠᠵᠠ ᠶᠢᠨ ᠮᠡᠳᠡᠯᠭᠡ ᠶᠢ ᠬᠡᠷᠡᠭᠵᠢᠭᠦᠯᠬᠦ ᠶᠢ ᠠᠬᠢᠭᠤᠯᠪᠠ᠃ ᠯᠢᠦ ᠬᠣ᠋ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠢᠨ ᠵᠢᠦᠢ ᠯᠢ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠵᠢᠦᠢ ᠯᠢ ᠰᠤᠷᠭᠠᠭᠤᠯᠢ ᠳᠤ ᠬᠦᠷᠴᠦ ᠰᠦᠷᠳᠡᠭᠦᠯᠦᠯ ᠢ ᠡᠰᠡᠷᠭᠦᠴᠡᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠵᠢᠴᠢ ᠬᠦᠴᠦᠷᠬᠡᠭᠯᠡᠯ ᠢ ᠰᠡᠷᠭᠡᠶᠢᠯᠡᠬᠦ ᠰᠣᠷᠢᠯᠲᠠ ᠶᠢ ᠥᠷᠨᠢᠭᠦᠯᠪᠡ᠃ ᠠᠷᠠᠳ ᠤᠨ ᠴᠠᠭᠳᠠᠭ᠎ᠠ ᠪᠣᠯᠣᠨ ᠰᠠᠶᠢᠨ ᠳᠤᠷ᠎ᠠ ᠶᠢᠨ ᠦᠢᠯᠡᠴᠢᠯᠡᠭᠴᠢᠳ ᠪᠡᠶ᠎ᠡ ᠶᠢᠨ ᠲᠠᠮᠢᠷ ᠤᠨ ᠲᠠᠯᠠᠪᠠᠶ ᠳᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠮᠡᠳᠡᠯᠭᠡ ᠪᠣᠯᠣᠨ ᠰᠤᠷᠭᠠᠭᠤᠯᠢ  ᠶᠢᠨ ᠬᠦᠷᠢᠶᠡᠨ ᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠶᠢ ᠨᠠᠷᠢᠯᠢᠭ ᠲᠠᠶᠢᠯᠪᠤᠷᠢᠯᠠᠵᠤ᠂ ᠠᠮᠢᠳᠤᠯᠢᠭ ᠰᠣᠷᠢᠯᠲᠠ ᠬᠢᠵᠦ᠂ ᠵᠠᠯᠠᠭᠤᠴᠤᠳ ᠪᠠᠭᠠᠴᠤᠳ ᠤᠨ ᠥᠪᠡᠷ ᠢ ᠪᠠᠨ ᠰᠡᠷᠭᠡᠶᠢᠯᠡᠬᠦ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号