ᠲᠦᠴᠢᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠢᠩᠭᠠᠨ ᠠᠶᠢᠮᠠᠭ ᠤᠨ ᠮᠠᠨᠵᠤ ᠲᠡᠷᠯᠢᠭ ᠤᠨ ᠨᠡᠶᠢᠭᠡᠮᠯᠢᠭ ᠲᠠᠢ ᠬᠠᠮᠲᠤᠷᠠᠨ ᠮᠠᠨᠵᠤ ᠲᠡᠷᠯᠢᠭ ᠤᠨ ᠦᠵᠡᠭᠦᠯᠦᠯᠭᠡ ᠶᠢᠨ ᠢᠯᠡ ᠬᠢᠴᠢᠶᠡᠯ ᠡᠷᠬᠢᠯᠡᠵᠠᠢ
ᠨᠡᠶᠢᠲᠡᠯᠡᠭᠰᠡᠨ ᠴᠠᠭ᠄
2023/5/31
   ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠵᠠᠯᠭᠠᠮᠵᠢᠯᠠᠵᠤ᠂ ᠦᠨᠳᠦᠰᠦᠨ ᠱᠠᠲᠤᠨ ᠤ ᠰᠣᠶᠣᠯ ᠤᠨ ᠬᠡᠷᠡᠭᠴᠡᠭᠡ ᠶᠢ ᠬᠠᠩᠭᠠᠵᠤ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 5 ᠰᠠᠷ᠎ᠠ ᠶᠢᠨ 28 ᠤ ᠡᠳᠦᠷ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠢᠩᠭᠠᠨ ᠠᠶᠢᠮᠠᠭ ᠤᠨ ᠮᠠᠨᠵᠤ ᠲᠡᠷᠯᠢᠭ ᠤᠨ ᠨᠡᠶᠢᠭᠡᠮᠯᠢᠭ ᠲᠠᠢ ᠬᠠᠮᠲᠤᠷᠠᠨ᠂ ᠲᠦᠴᠢᠦᠸᠠᠨ ᠰᠢᠶᠠᠨ ᠤ ᠪᠡᠶ᠎ᠡ ᠶᠢᠨ ᠲᠠᠮᠢᠷ ᠤᠨ ᠣᠷᠳᠣᠨ ᠳᠤ ᠢᠷᠠᠭᠤ ᠰᠠᠶᠢᠬᠠᠨ ᠬᠡᠪ ᠨᠠᠮᠪᠠ ᠲᠠᠢ ᠮᠠᠨᠵᠤ ᠲᠡᠷᠯᠢᠭ ᠤᠨ ᠦᠵᠡᠭᠦᠯᠦᠯᠭᠡ ᠶᠢᠨ ᠢᠯᠡ ᠬᠢᠴᠢᠶᠡᠯ ᠡᠷᠭᠢᠯᠡᠵᠦ᠂ ᠮᠠᠰᠢ ᠣᠯᠠᠨ ᠮᠠᠨᠵᠤ ᠲᠡᠷᠯᠢᠭ ᠲᠤ ᠪᠠᠭ᠋ᠠᠲᠠᠢ ᠬᠥᠮᠥᠰ ᠤᠷᠤᠯᠴᠠᠵᠠᠢ᠃    ᠬᠢᠴᠢᠶᠡᠯ ᠤᠨ ᠲᠠᠩᠬᠢᠮ ᠳᠤ᠂ ᠠᠶᠢᠮᠠᠭ ᠤᠨ ᠮᠠᠨᠵᠤ ᠲᠡᠷᠯᠢᠭ ᠤᠨ ᠨᠡᠶᠢᠭᠡᠮᠯᠢᠭ ᠤᠨ ᠪᠠᠭᠰᠢ ᠠᠴᠠ ᠰᠤᠷᠤᠭᠴᠢᠳ ᠲᠤ ᠮᠠᠨᠵᠤ ᠲᠡᠷᠯᠢᠭ ᠤᠨ ᠰᠣᠶᠣᠯ ᠪᠣᠯᠣᠨ ᠮᠠᠨᠵᠤ ᠲᠡᠷᠯᠢᠭ ᠤᠨ ᠦᠵᠡᠭᠦᠯᠭᠡ ᠤᠨ ᠬᠠᠮᠢᠶ᠎ᠠ ᠪᠦᠬᠦᠢ ᠮᠡᠳᠡᠯᠭᠡ ᠶᠢ ᠲᠠᠨᠢᠯᠴᠠᠭᠤᠯᠤᠭᠰᠠᠨ ᠪᠥᠭᠡᠳ ᠲᠤᠬᠠᠢ ᠶᠢᠨ ᠲᠠᠯᠠᠪᠠᠢ ᠳᠤ ᠰᠤᠷᠤᠭᠴᠢᠳ ᠤᠨ ᠶᠠᠪᠤᠵᠤ ᠰᠠᠭᠤᠬᠤ ᠪᠠᠶᠢᠳᠠᠯ ᠢ ᠵᠠᠯᠠᠷᠠᠭᠤᠯᠵᠤ᠂ ᠬᠡᠷᠬᠢᠨ ᠭᠠᠷ ᠢᠶᠠᠨ ᠰᠠᠵᠢᠬᠤ᠂ ᠬᠥᠯ ᠢᠶᠠᠨ ᠡᠷᠭᠦᠬᠦ᠂ ᠪᠡᠶ᠎ᠡ ᠡᠷᠭᠢᠬᠦ ᠵᠡᠷᠭᠡ ᠲᠠᠯ᠎ᠠ ᠪᠠᠷ ᠨᠠᠷᠢᠨ ᠲᠣᠳᠣᠷᠬᠠᠢ ᠳᠡᠯᠭᠡᠨ ᠦᠵᠡᠭᠦᠯᠵᠦ ᠵᠢᠭᠠᠨ ᠵᠢᠯᠣᠭᠤᠳᠴᠠᠢ᠃ ᠬᠡᠯᠪᠡᠷᠢ ᠪᠠᠶᠢᠳᠠᠯ ᠨᠢᠭᠡᠪᠦᠷᠢ ᠨᠢ ᠦᠵᠡᠬᠦ ᠳᠤ ᠬᠢᠯᠪᠠᠷᠬᠠᠨ ᠰᠢᠭ᠋ ᠪᠣᠯᠪᠠᠴᠤ ᠦᠨᠡᠨ ᠳᠡᠭᠡᠨ ᠠᠩᠬᠠᠷᠬᠤ ᠵᠦᠢᠯ ᠤᠯᠠᠨ᠄ ︽ᠴᠡᠭᠡᠵᠢ ᠪᠠᠨ ᠲᠡᠨᠢᠢᠯᠭᠡᠬᠦ᠂ ᠲᠣᠯᠣᠭᠠᠢ ᠪᠠᠨ ᠥᠨᠳᠡᠶᠢᠯᠭᠡᠬᠦ᠂ ᠭᠡᠳᠡᠰᠦ ᠪᠠᠨ ᠬᠤᠷᠢᠶᠠᠬᠤ᠂ ᠨᠢᠷᠤᠭᠤ ᠪᠠᠨ ᠠᠰᠬᠠᠯᠠᠬᠤ᠂ ᠭᠠᠷ ᠢᠶᠠᠨ ᠠᠶᠠᠨᠳᠠᠭᠠᠨ  ᠰᠤᠯᠠ ᠲᠠᠯᠪᠢᠬᠤ…… ᠭᠡᠵᠦ ᠪᠠᠭᠰᠢ ᠠᠴᠠ ᠨᠠᠷᠢᠨ ᠬᠢᠨᠠᠮᠠᠭᠠᠢ᠂ ᠬᠦᠯᠢᠴᠡᠩᠭᠦᠢ ᠪᠠᠷ ᠲᠠᠬᠢᠨ ᠳᠠᠪᠲᠠᠨ ᠵᠢᠱᠢᠶ᠎ᠡ ᠦᠵᠡᠭᠦᠯᠵᠦ᠂ ᠰᠤᠷᠤᠭᠴᠢᠳ ᠲᠠᠬᠢᠨ ᠳᠠᠪᠲᠠᠨ ᠳᠠᠪᠲᠠᠨ ᠪᠤᠯᠪᠠᠰᠤᠷᠠᠵᠤ᠂ ᠦᠵᠡᠬᠦ ᠳᠤ ᠬᠢᠯᠪᠠᠷ ᠰᠢᠭ᠋ ᠲᠣᠭᠯᠠᠯᠲᠠ ᠶᠢ ᠨᠡᠩ ᠢᠯᠡᠭᠦᠦ ᠰᠦᠷ ᠵᠢᠪᠬᠤᠭ᠎ᠠ ᠲᠠᠢ ᠪᠣᠯᠭᠠᠨ᠎ᠠ᠃    ︽ᠪᠢᠳᠡ ᠥᠪᠡᠷ ᠤᠨ ᠴᠤᠭ ᠰᠦᠯᠳᠡ᠂ ᠳᠦᠷᠢ ᠲᠥᠷᠬᠦ ᠪᠠᠨ ᠳᠡᠭᠡᠭᠰᠢᠯᠡᠭᠦᠯᠬᠦ ᠶᠢᠨ ᠲᠥᠯᠥᠭᠡ ᠥᠪᠡᠷ ᠤᠨ ᠬᠦᠳᠦᠯᠦᠯ ᠪᠠᠷᠢᠯ᠂ ᠳᠦᠷᠢ ᠲᠥᠷᠬᠦ ᠳᠡᠭᠡᠨ ᠲᠤᠶᠢᠯ ᠤᠨ ᠴᠢᠩᠭ᠎ᠠ ᠱᠠᠭᠠᠷᠳᠠᠯᠭ᠎ᠠ ᠲᠠᠯᠪᠢᠵᠤ᠂ ᠬᠡᠳᠦᠢ ᠦᠳᠡᠯᠦᠭᠡ ᠨᠠᠰᠤ ᠲᠠᠢ ᠪᠠᠶᠢᠭᠰᠠᠨ ᠴᠤ ᠠᠮᠢᠳᠤᠷᠠᠯ ᠳᠤ ᠣᠨᠴᠠᠭᠠᠶ ᠬᠠᠶᠢᠷᠠᠲᠠᠢ ᠪᠠᠶᠢᠳᠠᠭ᠃︾ ᠭᠡᠵᠦ ᠲᠦᠴᠢᠦᠸᠠᠨ ᠰᠢᠶᠠᠨ ᠤ ᠦᠨᠳᠦᠰᠦᠲᠡᠨ ᠤ ᠬᠤᠪᠴᠠᠰᠤ ᠵᠠᠰᠠᠯ ᠤᠨ ᠨᠡᠶᠢᠭᠡᠮᠯᠢᠭ ᠤᠨ ᠳᠠᠷᠤᠭ᠎ᠠ ᠰᠢᠦᠢ ᠶᠢᠨ ᠶᠠᠨ ᠬᠡᠯᠡᠪᠡ᠃    ᠪᠠᠭᠰᠢ ᠶᠢᠨ ᠨᠠᠷᠢᠨ ᠬᠢᠨᠠᠮᠠᠭᠠᠢ ᠵᠢᠯᠣᠭᠤᠳᠤᠯᠭ᠎ᠠ ᠪᠠᠷ᠂ ᠣᠯᠠᠨ ᠤ ᠪᠡᠶ᠎ᠡ ᠶᠢᠨ ᠬᠥᠳᠡᠯᠦᠯ ᠪᠠ ᠴᠢᠷᠠᠢ ᠶᠢᠨ ᠢᠯᠡᠷᠡᠯ  ᠨᠢ ᠴᠥᠮ ᠨᠡᠯᠢᠶᠡᠳ ᠲᠡᠭᠡᠭᠰᠢᠯᠡᠯᠳᠡ ᠲᠠᠢ ᠪᠣᠯᠵᠤ᠂ ᠰᠤᠷᠤᠭᠴᠢᠳ ᠲᠠᠩᠰᠤᠭ ᠰᠠᠶᠢᠬᠠᠨ ᠮᠠᠨᠵᠤ ᠲᠡᠷᠯᠢᠭ ᠡᠮᠦᠰᠴᠦ᠂ ᠤᠶᠠᠬᠠᠨ ᠰᠠᠶᠢᠬᠠᠨ ᠳᠠᠭᠤᠤ ᠬᠥᠭᠵᠢᠮ ᠤᠨ ᠠᠶ᠎ᠠ ᠪᠠᠷ ᠢᠷᠠᠭᠤ ᠰᠠᠶᠢᠬᠠᠨ ᠠᠯᠬᠤᠭ᠎ᠠ ᠪᠠᠷ ᠳᠣᠷᠣᠨ᠎ᠠ ᠶᠢᠨ ᠭᠤᠸ᠎ᠠ ᠰᠠᠶᠢᠬᠠᠨ ᠢᠶᠠᠨ ᠭᠠᠶᠢᠬᠠᠭᠤᠯᠵᠤ ᠪᠠᠶᠢᠯ᠎ᠠ᠃    ︽ᠮᠠᠨᠵᠤ ᠲᠡᠷᠯᠢᠭ ᠤᠨ ᠨᠡᠶᠢᠭᠡᠮᠯᠢᠭ ᠤᠨ ᠳᠠᠷᠤᠭ᠎ᠠ ᠪᠠᠭᠰᠢ ᠢᠷᠡᠵᠤ ᠪᠢᠳᠡᠨ ᠢ ᠵᠢᠭᠠᠨ ᠵᠢᠯᠣᠭᠤᠳᠤᠭᠰᠠᠨ ᠨᠢ ᠪᠢᠳᠡ ᠶᠡᠭᠡ ᠣᠯᠣᠯᠲᠠ ᠲᠠᠢ ᠶᠤᠮ᠂ ᠳᠤᠮᠳᠠ ᠠᠴᠠ ᠨᠢ ᠮᠠᠰᠢ ᠤᠯᠠᠨ ᠮᠡᠳᠡᠯᠭᠡ ᠰᠤᠷᠴᠤ᠂ ᠪᠦᠬᠦ ᠠᠶᠢᠮᠠᠭ ᠤᠨ ᠶᠡᠭᠡ ᠤᠷᠤᠯᠳᠤᠭᠠᠨ ᠵᠢᠴᠢ ᠪᠦᠬᠦ ᠤᠯᠤᠰ ᠤᠨ ᠶᠡᠭᠡ ᠤᠷᠤᠯᠳᠤᠭᠠᠨ ᠳᠤ ᠪᠡᠯᠡᠳᠬᠡᠯ ᠬᠢᠵᠦ ᠥᠭᠴᠡᠢ᠃︾ ᠭᠡᠵᠦ ᠲᠦᠴᠢᠦᠸᠠᠨ ᠰᠢᠶᠠᠨ ᠤ ᠦᠨᠳᠦᠰᠦᠲᠡᠨ ᠤ ᠬᠤᠪᠴᠠᠰᠤ ᠵᠠᠰᠠᠯ ᠤᠨ ᠨᠡᠶᠢᠭᠡᠮᠯᠢᠭ ᠤᠨ ᠳᠠᠷᠤᠭ᠎ᠠ ᠰᠢᠦᠢ ᠶᠢᠨ ᠶᠠᠨ ᠬᠡᠯᠡᠪᠡ᠃    ᠲᠣᠰ ᠤᠳᠠᠭᠠᠨ ᠤ ᠢᠯᠡ ᠬᠢᠴᠢᠶᠡᠯ ᠢ ᠡᠷᠭᠢᠯᠡᠭᠰᠡᠨ ᠨᠢ ᠮᠠᠨᠵᠤ ᠲᠡᠷᠯᠢᠭ ᠤᠨ ᠰᠣᠶᠣᠯ ᠢ ᠤᠯᠠᠮᠵᠢᠯᠠᠨ ᠳᠡᠯᠭᠡᠷᠡᠭᠦᠯᠵᠦ᠂ ᠮᠠᠨᠵᠤ ᠲᠡᠷᠯᠢᠭ ᠲᠤ ᠪᠠᠭ᠋ᠠᠲᠠᠢ ᠬᠥᠮᠥᠰ ᠤᠨ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠡᠷᠡᠭᠦᠯ ᠥᠭᠡᠳᠡᠷᠬᠡᠭ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠵᠤ᠂ ᠳᠤᠮᠳᠠᠳᠤ ᠶᠢᠨ ᠰᠣᠶᠣᠯ ᠤᠨ ᠷᠢᠳᠢ ᠰᠢᠳᠢ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠦᠴᠢᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠰᠣᠶᠣᠯ ᠤᠨ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠰᠣᠶᠣᠯ ᠤᠨ ᠠᠵᠢᠯ ᠤᠨ ᠲᠠᠲᠠᠬᠤ ᠬᠦᠴᠦᠨ᠂ ᠪᠦᠲᠦᠭᠡᠯᠴᠢ ᠬᠦᠴᠦᠨ᠂ ᠥᠷᠢᠰᠦᠯᠳᠦᠬᠦ ᠬᠦᠴᠦᠨ ᠢ ᠴᠢᠩᠭᠠᠳᠬᠠᠵᠤ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠤᠯᠠᠨ ᠲᠦᠮᠡᠨ ᠤ ᠰᠣᠶᠣᠯ ᠤᠨ ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号