ᠲᠦᠴᠢᠦᠸᠠᠨ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠄ ᠬᠠᠮ ᠲᠡᠷᠭᠡ ᠰᠤᠷᠭᠠᠭᠤᠯᠢ ᠶᠢᠨ ᠬᠦᠷᠢᠶᠡᠨ ᠳᠤ ᠣᠷᠣᠵᠤ ᠲᠤᠬᠠᠢ ᠶᠢᠨ ᠲᠠᠯᠠᠪᠤᠷ ᠲᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2023/5/31
   5 ᠰᠠᠷ᠎ᠠ ᠶᠢᠨ 30  ᠤ ᠡᠳᠦᠷ ᠪᠣᠯ ᠳᠣᠯᠣᠳᠤᠭᠠᠷ ︽ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠡᠳᠦᠷ︾ ᠪᠣᠯᠣᠨ᠎ᠠ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠶᠢ ᠠᠬᠢᠭᠤᠯᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠲᠤᠷᠠᠳᠠᠢ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ ᠲᠦᠴᠢᠦᠸᠠᠨ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠪᠧᠢ ᠰᠢᠶᠠᠩ ᠪᠠᠭ᠎ᠠ ᠰᠤᠷᠭᠠᠭᠤᠯᠢ ᠳᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠰᠤᠷᠤᠭᠴᠢᠳ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯᠲᠠᠳ ᠤᠨ ᠵᠢᠯᠣᠭᠤᠳᠤᠯᠭ᠎ᠠ  ᠪᠠᠷ ᠰᠢᠨ᠎ᠡ ᠰᠡᠪᠡᠭᠦᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠬᠦᠭᠡᠷᠦᠮᠵᠢ  ᠶᠢ ᠲᠤᠷᠰᠢᠵᠤ᠂ vr ᠺᠢᠨᠣ᠋᠂ ᠮᠧᠬᠠᠨᠢᠭ ᠰᠤᠨᠤᠮᠠᠯ ᠴᠡᠴᠡᠭ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠣᠭᠯᠠᠭᠠᠮ ᠢᠶᠠᠷ ᠳᠠᠮᠵᠢᠭᠤᠯᠤᠨ᠂ ᠰᠤᠷᠤᠭᠴᠢᠳ ᠲᠤ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠬᠥᠳᠡᠯᠭᠡᠭᠴᠢ ᠡᠨᠧᠷᠭᠢ ᠶᠢᠨ ᠬᠦᠴᠦᠨ ᠤ ᠤᠬᠠᠭᠠᠨ᠂ ᠬᠢᠲᠠᠳ ᠡᠮ ᠡᠮᠨᠡᠯᠭᠡ ᠶᠢᠨ ᠰᠣᠶᠣᠯ ᠵᠡᠷᠭᠡ ᠰᠢᠨᠵᠢᠯᠡᠬᠦ ᠤᠬᠠᠭᠠᠨ ᠤ ᠮᠡᠳᠡᠯᠭᠡ ᠶᠢ ᠣᠶᠢᠯᠠᠭᠠᠭᠤᠯᠵᠤ᠂ ᠰᠤᠷᠤᠭᠴᠢᠳ ᠤᠨ ᠰᠡᠳᠬᠢᠯ ᠳᠣᠭᠳᠣᠯᠤᠨ ᠲᠤᠶᠢᠯ ᠢᠶᠠᠷ ᠪᠠᠶᠠᠷᠯᠠᠵᠤ᠂ ᠴᠢᠷᠠᠢ ᠳᠤᠨᠢ ᠡᠯᠪᠡᠭ ᠬᠤᠷᠢᠶᠠᠯᠲᠠ ᠶᠢᠨ ᠢᠨᠢᠶᠡᠳᠦ ᠪᠢᠯᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠪᠡᠳᠡᠭᠰᠢ ᠨᠠᠶᠢᠷ ᠲᠤ ᠰᠣᠭᠲᠣᠭᠤᠷᠠᠵᠤ ᠪᠠᠶᠢᠯ᠎ᠠ᠃    ︽ᠡᠨᠡ ᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠴᠢᠶᠡᠯ ᠤᠨ ᠲᠠᠩᠬᠢᠮ ᠮᠠᠰᠢ ᠰᠣᠨᠢᠷᠬᠠᠯᠲᠠᠢ ᠰᠠᠨᠠᠭᠳᠠᠵᠤ ᠪᠠᠶᠢᠨ᠎ᠠ᠂ ᠪᠢ ᠭᠠᠷ ᠬᠤᠷᠳᠤᠨ ᠨᠢᠳᠦ ᠬᠤᠷᠴᠠ ᠵᠢᠴᠢ ᠬᠠᠷᠢᠭᠤ ᠲᠤᠰᠬᠠᠯ ᠤᠨ ᠴᠢᠳᠠᠪᠤᠷᠢ ᠶᠢᠨ ᠰᠢᠯᠭᠠᠯᠲᠠ ᠶᠢ ᠬᠢᠭᠰᠡᠨ ᠶᠤᠮ᠂ ᠡᠳᠡᠭᠡᠷ ᠰᠢᠨᠵᠢᠯᠡᠬᠦ ᠤᠬᠠᠭᠠᠨ ᠮᠡᠷᠭᠡᠵᠢᠯ ᠨᠢ ᠶᠠᠭ ᠪᠢᠳᠡᠨ ᠤ ᠨᠢᠳᠦᠨ ᠳᠤ ᠦᠵᠡᠭᠳᠡᠬᠦ ᠦᠭᠡᠢ ᠭᠠᠵᠠᠷ ᠲᠤ ᠨᠢᠰᠬᠦ ᠮᠡᠲᠦ ᠲᠦᠷᠭᠡᠨ ᠬᠥᠭᠵᠢᠵᠦ ᠪᠠᠶᠢᠨ᠎ᠠ᠂ ᠡᠳᠡᠭᠡᠷ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ  ᠨᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠭᠡᠵᠦ ᠪᠢ ᠪᠤᠳᠤᠵᠤ ᠪᠠᠶᠢᠨ᠎ᠠ᠂ ᠥᠭᠡᠯᠡᠢ ᠪᠣᠯᠤᠭᠰᠠᠨ ᠤ ᠳᠠᠷᠠᠭ᠎ᠠ ᠪᠢ ᠨᠢᠭᠡᠨ ᠰᠢᠨᠵᠢᠯᠡᠬᠦ ᠤᠬᠠᠭᠠᠨᠲᠠᠨ ᠪᠣᠯᠵᠤ᠂ ᠨᠡᠶᠢᠭᠡᠮ ᠳᠤ ᠬᠤᠪᠢ ᠨᠡᠮᠡᠷᠢ ᠪᠠᠨ ᠦᠵᠡᠭᠦᠯᠦᠨ᠎ᠡ᠃︾ ᠭᠡᠵᠦ ᠲᠦᠴᠢᠦᠸᠠᠨ ᠰᠢᠶᠠᠨ ᠤ ᠪᠧᠢ ᠰᠢᠶᠠᠩ ᠪᠠᠭ᠎ᠠ ᠰᠤᠷᠭᠠᠭᠤᠯᠢ ᠶᠢᠨ ᠰᠤᠷᠤᠭᠴᠢ ᠸᠠᠩ ᠮᠧᠩ ᠧᠨ ᠽᠧ ᠬᠡᠯᠡᠪᠡ᠃    ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠨᠢ ᠰᠤᠷᠤᠭᠴᠢᠳ ᠪᠤᠯᠤᠨ᠎ᠠ ᠰᠢᠨᠵᠢᠯᠡᠬᠦ ᠤᠬᠠᠭᠠᠨ ᠤ ᠬᠤᠭᠤᠷᠣᠨᠳᠣᠬᠢ ᠵᠠᠢ ᠶᠢ  ᠦᠢᠷᠠᠳᠤᠭᠤᠯᠵᠤ᠂ ᠤᠶᠢᠳᠬᠠᠷ ᠲᠠᠢ ᠤᠨᠤᠯ ᠤᠨ ᠮᠡᠳᠡᠯᠭᠡ ᠳᠤ ᠬᠠᠪᠤ ᠴᠡᠩᠭᠡᠯ ᠨᠡᠮᠡᠷᠢᠯᠡᠵᠦ᠂ ᠰᠤᠷᠤᠭᠴᠢᠳ ᠲᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠶᠢᠬᠠᠮᠰᠢᠭ ᠢ ᠣᠶᠢᠯᠠᠭᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠮᠡᠳᠡᠷᠡᠭᠦᠯᠦᠭᠰᠡᠨ ᠪᠠᠶᠢᠨ᠎ᠠ᠃    ︽ᠲᠣᠰ ᠤᠳᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠨᠢ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠭᠰᠡᠨ ᠢᠶᠠᠷ ᠪᠠᠷᠠᠬᠤ ᠦᠭᠡᠢ ᠪᠠᠰᠠ ᠰᠤᠷᠤᠭᠴᠢᠳ ᠤᠨ ᠰᠤᠷᠤᠯᠴᠠᠬᠤ ᠴᠢᠳᠠᠪᠤᠷᠢ ᠪᠠ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ ᠢ ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠰᠤᠷᠭᠠᠭᠤᠯᠢ ᠶᠢᠨ ᠬᠦᠷᠢᠶᠡᠨ ᠤ ᠭᠦᠨᠵᠡᠭᠡᠢ ᠠᠭᠤᠰᠤᠯᠴᠠᠯ ᠢ ᠭᠦᠨᠵᠡᠭᠡᠶᠢᠷᠡᠭᠦᠯᠦᠨ᠂ ᠰᠤᠷᠤᠭᠴᠢᠳ ᠤᠨ ᠬᠦᠰᠡᠯ ᠵᠡᠭᠦᠳᠦ ᠳᠤ ︿ᠰᠢᠨᠵᠢᠯᠡᠬᠦ ᠤᠬᠠᠭᠠᠨ ᠮᠡᠷᠭᠡᠵᠢᠯ﹀ ᠤᠨ ᠵᠢᠭᠦᠷ ᠤᠷᠭᠤᠭᠤᠯᠤᠭᠰᠠᠨ ᠪᠠᠶᠢᠨ᠎ᠠ᠃︾ ᠭᠡᠵᠦ ᠲᠦᠴᠢᠦᠸᠠᠨ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯᠲᠠᠨ ᠯᠢ ᠵᠢᠢ ᠴᠤᠤ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号