ᠵᠠᠰᠠᠭ ᠤᠨ ᠤᠷᠳᠦᠨ ᠤ ᠲᠤᠮᠤ ᠠᠵᠢᠯ ᠶᠠᠪᠤᠳᠡᠯ ᠤᠨ ᠲᠡᠮᠲᠡᠭᠯᠡᠯ ︵2023 ᠤᠨ ᠤ 2 ᠰᠠᠷ᠎ᠠ )
ᠨᠡᠶᠢᠲᠡᠯᠡᠭᠰᠡᠨ ᠴᠠᠭ᠄
2023/5/4
   2 ᠰᠠᠷ᠎ᠠ ᠶᠢᠨ 2 ᠤ ᠡᠳᠦᠷ᠂ ᠲᠦᠴᠢᠦᠸᠠᠨ ᠰᠢᠶᠠᠨ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠦᠯ ᠵᠦᠢᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠸᠠᠩ ᠵᠢᠶᠠ ᠵᠢᠶᠦ᠋ᠨ᠂  ᠯᠢᠶᠠᠩ ᠵᠧᠨ ᠱᠠᠨ᠂ ᠵᠢᠶᠠ ᠭᠦᠸᠧ ᠬᠠᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠭᠰᠠᠨ ᠪᠥᠭᠡᠳ 7 ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠤᠷᠢᠵᠤ ᠭᠦᠨᠵᠡᠭᠡᠢ ᠶᠠᠷᠢᠯᠴᠠᠪᠠ᠃ ᠬᠤᠷᠠᠯ ᠠᠴᠠ ᠣᠶᠢᠷ᠎ᠠ ᠶᠢᠨ ᠵᠢᠯ ᠤᠨ ᠲᠦᠴᠢᠦᠸᠠᠨ ᠰᠢᠶᠠᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠣᠯᠣᠭᠰᠠᠨ ᠠᠮᠵᠢᠯᠲᠠ ᠶᠢ ᠳ᠋ᠦᠩᠨᠡᠵᠦ᠂ ᠡᠯ᠎ᠡ ᠡᠨᠧᠷᠭᠢ ᠶᠢᠨ ᠠᠵᠤ ᠠᠬᠤᠶᠢᠯᠠᠯ ᠤᠨ ᠬᠢᠨ ᠲᠦᠷᠦᠯ ᠵᠦᠢᠯ ᠤᠨ ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠠᠬᠢᠴᠠ ᠪᠣᠯᠣᠨ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠦᠪᠵᠢᠭᠦᠯᠭᠡ ᠪᠠᠨ ᠨᠠᠷᠢᠨ ᠨᠢᠭᠲᠠ ᠲᠠᠨᠢᠯᠴᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠨ᠎ᠡ ᠡᠨᠧᠷᠭᠢ ᠶᠢᠨ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ᠂ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡ ᠵᠡᠷᠭᠡ ᠶᠢᠨ ᠲᠤᠬᠠᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃    2 ᠰᠠᠷ᠎ᠠ ᠶᠢᠨ 14 ᠤ ᠡᠳᠦᠷ᠂ ᠲᠦᠴᠢᠦᠸᠠᠨ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠱᠠᠩᠬᠠᠢ ᠬᠤᠲᠠ ᠳᠤ ᠠᠮᠵᠢᠯᠲᠠ ᠲᠠᠢ ᠶᠠᠪᠤᠭᠳᠠᠪᠠ᠃ ᠬᠤᠷᠠᠯ ᠠᠴᠠ ᠳᠡᠭᠡᠳᠦ ᠲᠡᠰ ᠤᠨ ᠲᠣᠨᠣᠭᠯᠠᠯ ᠦᠢᠯᠡᠳᠬᠦ᠂ ᠰᠢᠨ᠎ᠡ ᠡᠨᠧᠷᠭᠢ ᠶᠢᠨ ᠠᠵᠤ ᠦᠢᠯᠡᠰ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠪᠦᠬᠦ ᠣᠷᠣᠨ ᠪᠦᠰᠡ ᠶᠢᠨ ᠵᠤᠭᠠᠴᠠᠯ᠂ ᠠᠭᠤᠷᠬᠠᠢ ᠶᠢᠨ ᠭᠠᠷᠤᠯᠲᠠ ᠶᠢᠨ ᠨᠡᠭᠡᠭᠡᠨ ᠬᠥᠭᠵᠢᠭᠦᠯᠦᠯᠲᠡ ᠵᠢᠴᠢ ᠠᠷᠠᠯᠵᠢᠶ᠎ᠠ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠵᠡᠷᠭᠡ ᠴᠢᠨᠠᠷ ᠰᠠᠶᠢᠲᠠᠢ ᠤᠯᠠᠨ ᠠᠵᠤ ᠦᠢᠯᠡᠰ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ 4 ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠠᠮᠵᠢᠯᠲᠠ ᠲᠠᠢ ᠭᠠᠷ ᠤᠨ ᠦᠰᠦᠭ ᠵᠢᠷᠤᠵᠤ᠂ ᠰᠢᠨ᠎ᠡ ᠵᠢᠯ ᠤᠨ ᠠᠷᠠᠯᠵᠢᠶᠠᠴᠢᠨ ᠤᠷᠢᠬᠤ ︽ᠰᠠᠶᠢᠨ ᠡᠬᠢᠯᠡᠯᠲᠡ︾ ᠶᠢ ᠤᠭᠲᠤᠨ ᠠᠪᠴᠠᠢ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠬᠥᠭᠵᠢᠯᠲᠡ ᠶᠢᠨ ᠳᠠᠪᠠᠭᠤᠯᠢᠭ ᠢ ᠦᠪᠡᠳᠡᠭᠰᠢ ᠶᠡᠬᠡᠪᠡᠷ ᠲᠠᠨᠢᠯᠴᠠᠭᠤᠯᠤᠭᠰᠠᠨ ᠪᠥᠭᠡᠳ ᠥᠷᠭᠡᠨ ᠤᠯᠠᠨ ᠠᠵᠤ ᠠᠬᠤᠶᠢᠯᠠᠯᠲᠠᠳ ᠲᠤ ᠴᠢᠩ ᠰᠡᠳᠬᠢᠯ ᠤᠨ ᠤᠷᠢᠯᠭ᠎ᠠ ᠪᠠᠨ ᠳᠡᠪᠰᠢᠭᠦᠯᠵᠡᠢ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠳ᠋ᠧ ᠯᠢᠶᠠᠩ ᠬᠤᠷᠠᠯ ᠡᠷᠭᠢᠯᠡᠪᠡ᠃ ᠰᠢᠶᠠᠨ ᠤ ᠤᠳᠤᠷᠢᠳᠤᠯᠭ᠎ᠠ ᠰᠦᠨ ᠵᠧᠨ᠂ ᠯᠢᠶᠠᠩ ᠵᠧᠨ ᠱᠠᠨ᠂ ᠢᠦᠢ ᠹᠥ᠋ᠩ᠂ ᠲᠦᠴᠢᠦᠸᠠᠨ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠵᠥᠪᠯᠡᠯ ᠤᠨ ᠭᠤᠣᠯ ᠬᠠᠷᠢᠭᠤᠴᠠᠯᠭᠠᠲᠠᠨ ᠨᠥᠬᠦᠳ ᠵᠢᠴᠢ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ 72 ᠠᠵᠤ ᠠᠬᠤᠶᠢᠯᠠᠯ ᠤᠨ 80 ᠭᠠᠷᠤᠢ ᠠᠵᠤ ᠠᠬᠤᠶᠢᠯᠠᠯ ᠤᠨ ᠲᠥᠯᠥᠭᠡᠯᠡᠭᠴᠢ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃    2 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠲᠢᠶ᠋ᠧ ᠨᠢᠦ ᠨᠠᠷ ᠲᠦᠴᠢᠦᠸᠠᠨ ᠰᠢᠶᠠᠨ ᠤ ᠳ᠋ᠦᠩ ᠹᠧᠩ ᠣᠶ ᠰᠢᠭᠤᠢ ᠶᠢᠨ ᠲᠠᠯᠠᠪᠠᠶ ᠳᠤ ᠬᠦᠷᠴᠦ ᠸᠧᠨ ᠭᠤᠸᠠᠨ ᠭᠦᠸᠧ ᠪᠣᠯᠣᠨ ᠣᠶ ᠰᠢᠭᠤᠢ ᠡᠮ ᠤᠨ ᠠᠯᠠᠭᠯᠠᠨ ᠳᠠᠷᠢᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠣᠶ ᠰᠢᠭᠤᠢ ᠡᠪᠡᠰᠦ ᠪᠡᠯᠴᠢᠭᠡᠷ ᠤᠨ ᠠᠵᠤ ᠦᠶᠢᠯᠡᠰᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ᠃ ᠠᠶᠢᠮᠠᠭ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠬᠠᠰᠡᠷᠳᠡᠨᠢ᠂ ᠰᠢᠶᠠᠨ ᠤ ᠤᠳᠤᠷᠢᠳᠤᠯᠭ᠎ᠠ ᠯᠢᠦ ᡁᠢ ᠹᠧᠩ᠂ ᠯᠢᠦ ᠢ ᠸᠧᠢ ᠵᠢᠴᠢ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠵᠠᠢ᠃    2 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠪᠠᠴᠢᠮ ᠪᠠᠶᠢᠳᠠᠯ ᠢ ᠠᠷᠭᠠᠴᠠᠵᠤ ᠭᠠᠮᠰᠢᠭ ᠢ ᠪᠠᠭᠠᠰᠬᠠᠬᠤ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠤᠷᠭᠠᠨ ᠤ ᠳᠡᠳ᠋ ᠳᠠᠷᠤᠭ᠎ᠠ ᠯᠢ ᠹᠧᠢ ᠨᠠᠷ ᠲᠦᠴᠢᠦᠸᠠᠨ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠡᠷᠦᠬᠡ ᠳᠤ ᠬᠦᠷᠴᠦ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠲᠥᠬᠦᠭᠡᠷᠦᠮᠵᠢᠲᠦ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡ᠂ ᠦᠨᠳᠦᠰᠦᠨ ᠱᠠᠲᠤᠨ ᠤ ᠥᠷᠲᠡᠭᠡ ᠥᠷᠲᠡᠭᠡ᠂ ᠶᠠᠳᠠᠭᠤ ᠶᠢ ᠲᠡᠳᠬᠦᠬᠦ ᠣᠨᠴᠠᠯᠢᠭᠲᠤ ᠠᠵᠤ ᠦᠢᠯᠡᠰ᠂ ᠬᠥᠮᠥᠨ ᠮᠠᠯ ᠢ ᠰᠠᠯᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠭᠦᠨᠵᠡᠭᠡᠢ ᠰᠢᠨᠵᠢᠯᠡᠨ ᠪᠠᠶᠢᠴᠠᠭᠠᠪᠠ᠃ ᠰᠢᠶᠠᠨ ᠤ ᠤᠳᠤᠷᠢᠳᠤᠯᠭ᠎ᠠ ᠽᠠᠩ ᠬᠠᠢ ᠵᠢᠶᠠ᠂ ᠯᠢᠦ ᡁᠢ ᠹᠧᠩ᠂ ᠰᠢᠶᠠᠨ ᠤ ᠴᠠᠭ ᠠᠭᠤᠷ ᠤᠨ ᠲᠣᠪᠴᠢᠶ᠎ᠠ᠂ ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ᠂ ᠲᠠᠢ ᠫᠢᠩ ᠰᠢᠶᠠᠩ᠂ ᠶᠦᠩ ᠠᠨ ᠪᠠᠯᠭᠠᠰᠤ᠂ ᠰᠢᠤᠸᠠᠢ ᠲᠢᠶᠠᠨ ᠰᠢᠶᠠᠩ᠂ ᠯᠢᠦ ᠬᠧ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ᠃    2 ᠰᠠᠷ᠎ᠠ ᠶᠢᠨ 24 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠵᠢᠶᠠᠩ ᠲᠢᠶᠠᠨ ᠬᠤ᠋ ᠲᠦᠴᠢᠦᠸᠠᠨ ᠰᠢᠶᠠᠨ ᠳᠤ ᠬᠦᠷᠴᠦ᠂ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠤ ᠠᠶᠤᠯᠭᠦᠢ ᠦᠢᠯᠡᠳᠪᠦᠷᠢᠯᠡᠯ ᠢ ᠵᠠᠰᠠᠬᠤ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ ᠪᠠᠶᠢᠴᠠᠭᠠᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠸᠠᠩ ᠵᠢᠶᠠ ᠵᠢᠶᠦ᠋ᠨ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ ᠵᠢᠶᠠᠩ ᠲᠢᠶᠠᠨ ᠬᠤ᠋ ᠨᠠᠷ ᠤᠷᠢᠳ ᠬᠤᠵᠢᠳ ᠨᠡᠭᠦᠷᠡᠰᠦ ᠮᠠᠯᠲᠠᠭᠰᠠᠨ ᠠᠴᠠ ᠪᠣᠯᠵᠤ ᠳᠣᠭᠤᠭᠰᠢ ᠰᠠᠭᠤᠭᠰᠠᠨ ᠣᠷᠣᠨ ᠢ ᠵᠠᠰᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠮᠠᠩ ᠨᠢᠦ ᠬᠠᠢ ᠶᠢᠨ ᠴᠢᠩ ᠶᠧ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠠᠭᠤᠷᠬᠠᠢ ᠶᠢᠨ ᠣᠷᠣᠨ ᠤ ᠬᠠᠵᠠᠭᠤ ᠶᠢᠨ ᠣᠶᠤᠨᠴᠢ ᠬᠢᠨᠠᠨ ᠡᠵᠡᠮᠳᠡᠬᠦ ᠬᠢᠨᠠᠨ ᠬᠡᠮᠵᠢᠬᠦ ᠰᠢᠰᠲ᠋ᠧᠮ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃    2 ᠰᠠᠷ᠎ᠠ ᠶᠢᠨ 26 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠼᠤᠤ ᠺᠠᠢ ᠬᠤᠩ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢᠨ ᠲᠠᠪᠤᠳᠤᠭᠠᠷ ᠬᠢᠨᠠᠨ ᠵᠢᠯᠤᠭᠤᠳᠴᠤ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠰᠢᠶᠠᠨ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠬᠤ ᠠᠵᠢᠯ ᠢ ᠬᠢᠨᠠᠨ ᠵᠢᠯᠣᠭᠤᠳᠪᠠ᠃ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠯᠢᠦ ᡁᠢ ᠹᠧᠩ᠂ ᠳ᠋ᠠᠢ ᠯᠢ ᠮᠢᠩ᠂ ᠯᠢᠦ ᠢ ᠸᠧᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号