ᠵᠠᠰᠠᠭ ᠤᠨ  ᠤᠷᠳᠦᠨ ᠤ ᠲᠤᠮᠤ ᠠᠵᠢᠯ ᠶᠠᠪᠤᠳᠡᠯ ᠤᠨ ᠲᠡᠮᠲᠡᠭᠯᠡᠯ ︵2023  ᠤᠨ ᠤ 3 ᠰᠠᠷ᠎ᠠ︶
ᠨᠡᠶᠢᠲᠡᠯᠡᠭᠰᠡᠨ ᠴᠠᠭ᠄
2023/5/4
  3 ᠰᠠᠷ᠎ᠠ ᠶᠢᠨ 1 ᠤ ᠡᠳᠦᠷ᠂ ᠲᠦᠴᠢᠦᠸᠠᠨ ᠰᠢᠶᠠᠨ ᠬᠤᠪᠢᠶᠠᠷᠢ ᠲᠠᠯᠠᠪᠠᠶ ᠳᠤ ᠬᠢᠩᠭᠠᠨ ᠠᠶᠢᠮᠠᠭ ᠤᠨ 2023 ᠣᠨ ᠤ ᠬᠠᠪᠤᠷ ᠤᠨ ᠡᠬᠢ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢ ᠲᠥᠪᠯᠡᠷᠡᠭᠦᠯᠦᠨ ᠡᠬᠢᠯᠡᠭᠦᠯᠬᠦ ᠶᠣᠰᠣᠯᠠᠯ ᠳᠤ ᠣᠷᠣᠯᠴᠠᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ ᠴᠢᠦᠢ ᠵᠧᠨ ᠨᠢᠶᠠᠨ ᠡᠬᠢᠯᠡᠯᠲᠡ ᠶᠢᠨ ᠶᠣᠰᠣᠯᠠᠯ ᠳᠡᠭᠡᠷ᠎ᠡ ᠳᠠᠶᠢᠴᠢᠯᠠᠯᠲᠠ ᠶᠢᠨ ᠶᠠᠷᠢᠶ᠎ᠠ ᠲᠠᠯᠪᠢᠭᠰᠠᠨ ᠪᠥᠭᠡᠳ 2023 ᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠡᠬᠢᠯᠡᠭᠰᠡᠨ ᠢ ᠵᠠᠷᠯᠠᠪᠠ᠃ ᠠᠶᠢᠮᠠᠭ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠵᠠᠩ ᠶᠢᠨ ᠰᠦᠥᠸ᠋᠂ ᠯᠢᠦ ᡁᠢ ᠹᠧᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃     3 ᠰᠠᠷ᠎ᠠ ᠶᠢᠨ 2 ᠤᠨ ᠡᠳᠦᠷ᠂ ᠪᠡᠭᠡᠵᠢᠩ ᠬᠤᠲᠠ ᠶᠢᠨ ᠲᠤᠰᠠᠯᠠᠨ ᠳᠡᠮᠵᠢᠬᠦ ᠬᠠᠮᠲᠤᠷᠠᠨ ᠠᠵᠢᠯᠯᠠᠬᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠸᠠᠩ ᠵᠤᠤ ᠯᠦᠩ ᠪᠡᠭᠡᠵᠢᠩ ᠤᠨ ᠠᠮᠤ ᠪᠤᠳᠠᠭᠠᠨ ᠤ ᠪᠦᠯᠦᠭᠯᠡᠯ᠂ ᠪᠡᠭᠡᠵᠢᠩ ᠤᠨ ᠵᠢᠩ ᠯᠢᠶᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠬᠤᠩ ᠹᠦ᠋ ᠲᠠᠷᠢᠶᠠᠯᠠᠩ ᠤᠨ ᠬᠥᠭᠵᠢᠭᠦᠯᠦᠯᠲᠡ ᠶᠢᠨ ᠪᠦᠯᠦᠭᠯᠡᠯ᠂ ᠪᠡᠭᠡᠵᠢᠩ ᠤᠨ ᠰᠢᠨ ᠹᠠ ᠳ᠋ᠢ ᠢᠳᠡᠰᠢᠨ ᠨᠣᠭᠤᠭᠠᠨ ᠤ ᠵᠠᠬ᠎ᠠ ᠳᠡᠯᠭᠡᠭᠦᠷ᠂ ᠵᠦᠩ ᠪᠥᠸᠧ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ︽ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠷᠢᠳᠢ ᠰᠢᠳᠢ ᠲᠠᠢ ᠬᠢᠩᠭᠠᠨ ᠠᠶᠠᠯᠠᠯ︾ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠵᠤ ᠲᠡᠵᠢᠭᠡᠬᠦ ᠳᠤᠭᠤᠶᠢᠯᠠᠩ ᠤᠨ ᠬᠡᠰᠡᠭ ᠪᠡᠭᠡᠵᠢᠩ ᠬᠤᠳᠠ ᠶᠢᠨ ᠠᠵᠤ ᠠᠬᠤᠶᠢᠯᠠᠯ ᠢ ᠳᠠᠭᠠᠭᠤᠯᠤᠨ ᠲᠦᠴᠢᠦᠸᠠᠨ ᠰᠢᠶᠠᠨ ᠳᠤ ᠰᠢᠨᠵᠢᠯᠡᠨ ᠪᠠᠶᠢᠴᠠᠭᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠯᠦ ᠵᠧᠩ ᠴᠦᠨ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃    3 ᠰᠠᠷ᠎ᠠ ᠶᠢᠨ 2  ᠤᠨ ᠡᠳᠦᠷ ᠠᠴᠠ 3  ᠤ ᠡᠳᠦᠷ ᠪᠣᠯᠲᠠᠯ᠎ᠠ᠂ ᠲᠦᠴᠢᠦᠸᠠᠨ ᠰᠢᠶᠠᠨ 2023 ᠣᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠤᠨ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠵᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠵᠠᠩ ᠱᠤᠸᠠᠩ ᠴᠧᠩ᠂ ᠸᠠᠩ ᠶᠦᠩ ᠵᠢᠶᠠ᠂ ᠴᠧᠨ ᠭᠦᠸᠧ ᠮᠢᠩ᠂ ᠸᠠᠩ ᠶᠠᠨ ᠪᠥᠸᠧ ᠵᠡᠷᠭᠡ ᠰᠢᠶᠠᠨ ᠤ ᠤᠳᠤᠷᠢᠳᠤᠯᠭ᠎ᠠ ᠵᠢᠴᠢ ᠡᠯ᠎ᠡ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠦᠵᠡᠭᠦᠯᠦᠯᠭᠡ ᠶᠢᠨ ᠪᠦᠯᠬᠦᠮ ᠤᠨ ᠬᠢᠨ ᠪᠦᠬᠦ ᠰᠢᠶᠠᠨ ᠤ ᠶᠢᠰᠦᠨ ᠰᠢᠶᠠᠩ ᠪᠠᠯᠭᠠᠰᠤ᠂ ᠬᠤᠶᠠᠷ ᠬᠦᠷᠢᠶᠡᠯᠡᠩ ᠲᠣᠭᠤᠷᠢᠭ ᠲᠤ ᠨᠡᠶᠢᠳᠡ 26 ᠦᠵᠡᠭᠦᠯᠦᠯᠭᠡ ᠶᠢᠨ ᠴᠡᠭ ᠲᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠰᠢᠶᠠᠩ ᠪᠠᠯᠭᠠᠰᠤᠨ ᠤ ᠬᠠᠷᠢᠭᠤ ᠮᠡᠳᠡᠭᠦᠯᠦᠯᠲᠡ ᠶᠢ ᠰᠣᠨᠣᠰᠬᠤ᠂ ᠰᠠᠯᠠᠭ᠎ᠠ ᠮᠥᠴᠢᠷ ᠤᠨ ᠬᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠦᠨᠡᠯᠡᠯᠲᠡ ᠬᠢᠬᠦ᠂ ᠰᠢᠶᠠᠨ ᠤ ᠤᠳᠤᠷᠢᠳᠤᠯᠭ᠎ᠠ ᠲᠤᠬᠠᠢ ᠶᠢᠨ ᠭᠠᠵᠠᠷ ᠲᠤᠨᠢ ᠦᠨᠡᠯᠡᠯᠲᠡ ᠬᠢᠵᠦ ᠬᠤᠪᠢ ᠥᠭᠬᠦ ᠠᠷᠭ᠎ᠠ ᠬᠡᠯᠪᠡᠷᠢ ᠪᠠᠷ ᠡᠯ᠎ᠡ ᠭᠠᠵᠠᠷ ᠤᠨ ᠲᠠᠷᠢᠶᠠᠯᠠᠩ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠵᠢᠴᠢ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠲᠥᠰᠥᠯ ᠢ ᠰᠤᠳᠤᠯᠵᠠᠢ᠃     3 ᠰᠠᠷ᠎ᠠ ᠶᠢᠨ 9 ᠤ ᠡᠳᠦᠷ᠂ ᠬᠢᠩᠭᠠᠨ ᠠᠶᠢᠮᠠᠭ ᠤᠨ ᠰᠢᠶᠠᠨ ᠤ ᠬᠡᠪᠴᠢᠶᠡᠨ ᠤ ᠬᠥᠯ ᠪᠥᠮᠪᠦᠭᠡ ᠶᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠠᠬᠢᠭᠤᠯᠬᠤ ᠬᠤᠷᠠᠯ ᠲᠦᠴᠢᠦᠸᠠᠨ ᠰᠢᠶᠠᠨ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠬᠥᠯ ᠪᠥᠮᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠯᠢᠦ ᠵᠢᠶᠦ᠋ᠨ ᠴᠢᠩ᠂ ᠳᠡᠳ᠋ ᠲᠡᠷᠢᠭᠦᠯᠡᠭᠴᠢ ᠵᠢᠷᠭᠠᠯ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠯᠢ ᠼᠦᠨ ᠴᠢ ᠵᠢᠴᠢ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠶᠢᠨ ᠬᠥᠯ ᠪᠥᠮᠪᠦᠭᠡ ᠶᠢᠨ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 3 ᠰᠠᠷ᠎ᠠ   ᠶᠢᠨ 15 ᠤ ᠡᠳᠦᠷ ᠲᠦᠴᠢᠦᠸᠠᠨ ᠰᠢᠶᠠᠨ ︽3.15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ   ᠶᠢᠨ ᠠᠵᠢᠯᠯᠠᠭ᠎ᠠ ᠵᠢᠴᠢ ︽ᠬᠡᠷᠡᠭᠯᠡᠭᠡᠨ ᠤ ᠢᠲᠡᠭᠡᠯ   ᠢ ᠬᠥᠭᠵᠢᠭᠡᠬᠦ︾ ᠣᠨ ᠤ ᠭᠤᠣᠯ ᠰᠡᠳᠦᠪᠲᠦ ᠤᠬᠠᠭᠤᠯᠭ᠎ᠠ   ᠶᠢᠨ ᠯᠠᠪᠯᠠᠯᠲᠠ   ᠶᠢᠨ ᠠᠵᠢᠯᠯᠠᠭ᠎ᠠ ᠥᠷᠨᠢᠭᠦᠯᠪᠡ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠯᠦ ᠵᠧᠩ ᠴᠦᠨ᠂ ᠴᠢᠦᠢ ᠲᠦᠩ ᠨᠢᠶᠠᠨ᠂ ᠬᠥ᠋ ᠴᠦᠨ ᠯᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠭᠰᠠᠨ ᠪᠥᠭᠡᠳ 2023 ᠣᠨ ᠤ ︽ᠰᠠᠨᠠᠭ᠎ᠠ ᠠᠮᠤᠷ ᠬᠡᠷᠡᠭᠯᠡᠭᠡ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ︾ ᠳᠤ ᠫᠠᠶᠢᠰᠠ ᠣᠯᠭᠤᠪᠠ᠃    3 ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠬᠤ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠲᠦᠴᠢᠦᠸᠠᠨ ᠰᠢᠶᠠᠨ ᠳᠤ ᠬᠤᠷᠠᠯᠳᠤᠪᠠ᠃ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠪᠠᠶᠢᠩᠭᠤ ᠶᠢᠨ ᠳᠡᠳ᠋ ᠠᠶᠢᠮᠠᠭ ᠤᠨ ᠳᠠᠷᠤᠭ᠎ᠠ ᠵᠢᠶᠠᠩ ᠲᠢᠶᠠᠨ ᠬᠤ᠂ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ ᠂ ᠸᠠᠩ ᠶᠦᠩ ᠵᠢᠶᠠ᠂ ᠸᠠᠩ ᠵᠢᠶᠠ ᠵᠢᠶᠦ᠋ᠨ᠂ ᠸᠠᠩ ᠶᠢᠩ ᠴᠢᠶᠦᠶᠢᠨ᠂ ᠵᠧᠦ ᠰᠢᠸ ᠶᠢᠩ ᠵᠢᠴᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠬᠤᠲᠠ᠂ ᠲᠥᠪ ᠤᠨ ᠨᠥᠭᠡᠴᠡ ᠠᠮᠤ ᠪᠤᠳᠠᠭᠠᠨ ᠤ ᠤᠯᠠᠭᠠᠨᠬᠤᠲᠠ ᠶᠢᠨ ᠰᠢᠭᠤᠳ ᠬᠠᠷᠢᠶ᠎ᠠ ᠬᠥᠮᠥᠷᠭᠡ ᠶᠢᠨ ᠬᠢᠵᠠᠭᠠᠷᠲᠤ ᠺᠣᠮᠫᠠᠨᠢ᠂ ᠬᠢᠩᠭᠠᠨ ᠠᠶᠢᠮᠠᠭ ᠤᠨ ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠡᠯ᠎ᠡ ᠰᠤᠮᠤ ᠰᠢᠶᠠᠩ ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    3 ᠰᠠᠷ᠎ᠠ ᠶᠢᠨ 20  ᠤ ᠡᠳᠦᠷ᠂ ᠲᠦᠴᠢᠦᠸᠠᠨ ᠰᠢᠶᠠᠨ ᠤ ᠵᠦᠩ ᠰᠢᠨ ᠤᠢ ᠰᠢᠭᠤᠢ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠬᠤᠸᠠ ᠨᠥ᠋ᠩ ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠶᠢᠨ ᠬᠢᠵᠠᠭᠠᠷᠲᠤ ᠺᠣᠮᠫᠠᠨᠢ ᠲᠠᠢ ᠤᠢ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠮᠳᠤᠭᠤᠯᠤᠨ ᠬᠤᠷᠠᠭᠤᠯᠬᠤ ᠬᠡᠮᠵᠢᠶ᠎ᠡ ᠶᠢ ᠨᠡᠮᠡᠭᠳᠡᠭᠦᠯᠬᠦ ᠠᠷᠠᠯᠵᠢᠶᠠᠨ ᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠲᠦᠷᠦᠭᠦᠦ ᠪᠦᠯᠦᠭ ᠤᠨ ᠠᠷᠠᠯᠵᠢᠶᠠᠨ ᠤ ᠬᠡᠮᠵᠢᠶ᠎ᠡ ᠨᠢ 100 ᠲᠦᠮᠡᠨ ᠲᠣᠰ ᠠᠷᠠᠯᠵᠢᠶ᠎ᠠ ᠪᠣᠯ ᠪᠥᠬᠦ ᠣᠷᠣᠨ ᠤ ᠠᠩᠬᠠᠳᠠᠭᠴᠢ CCER ︵ᠤᠯᠤᠰ   ᠠᠴᠠ ᠰᠠᠶᠢᠨ ᠳᠤᠷ᠎ᠠ   ᠠᠴᠠ ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠬᠢᠨᠠᠨ ᠭᠡᠷᠡᠴᠢᠯᠡᠬᠦ︶ ᠣᠶ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠬᠤᠭᠤᠴᠠᠭᠠᠲᠤ ᠪᠠᠷᠠᠭᠠᠨ ᠤ ᠬᠡᠯᠪᠡᠷᠢ ᠶᠢᠨ ᠠᠷᠠᠯᠵᠢᠶ᠎ᠠ ᠪᠣᠯᠣᠨ᠎ᠠ᠃ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠭᠧᠩ ᠲᠢᠶᠠᠨ ᠯᠢᠶᠠᠩ᠂ ᠠᠶᠢᠮᠠᠭ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠢᠦᠢ ᠴᠠᠩ ᠵᠢᠦ᠂ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ᠂ ᠯᠢᠦ ᡁᠢ ᠹᠧᠩ᠂ ᠸᠠᠩ ᠶᠢᠩ  ᠴᠢᠶᠤᠸᠠᠨ᠂ ᠯᠢᠦ ᠢ ᠸᠧᠢ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃    3 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠷᠪᠠᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    3 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠲᠦᠴᠢᠦᠸᠠᠨ ᠰᠢᠶᠠᠨ ᠤ 2023 ᠣᠨ ᠤ ᠭᠤᠣᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠡᠬᠢᠯᠡᠭᠦᠯᠵᠦ ᠠᠵᠢᠯ ᠢᠶᠠᠨ ᠰᠡᠷᠭᠦᠭᠡᠪᠡ᠃ ᠪᠦᠬᠦ ᠰᠢᠶᠠᠨ ᠢᠶᠠᠷ ᠢᠶᠠᠨ ᠠᠩᠬᠠᠨ ᠤ ᠪᠠᠶᠢᠯᠳᠤᠭᠠᠨ ᠲᠤᠬᠠᠶᠢᠯᠠᠪᠠᠯ ᠰᠢᠢᠳᠪᠦᠷᠢᠲᠦ ᠪᠠᠶᠢᠯᠳᠤᠭᠠᠨ ᠬᠢᠬᠦ ᠡᠷᠴᠢ ᠵᠣᠷᠢᠭ ᠢᠶᠠᠷ᠂ ᠥᠷᠯᠥᠭᠡ ᠦᠳᠡᠰᠢ ᠶᠢ ᠲᠡᠮᠡᠴᠡᠨ ᠲᠦᠷᠦᠯ ᠵᠦᠢᠯ ᠢ ᠠᠳᠬᠤᠵᠤ᠂ ᠡᠷᠴᠢ ᠵᠣᠷᠢᠭ ᠢᠶᠠᠨ ᠬᠥᠪᠴᠢᠯᠡᠨ ᠬᠥᠭᠵᠢᠯᠲᠡ ᠶᠢ ᠠᠬᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠪᠤᠷ ᠤᠨ ᠡᠬᠢᠯᠡᠯᠲᠡ ᠶᠢᠨ ᠠᠶᠠᠰ ᠢ ᠴᠢᠪᠬᠠᠳᠠᠵᠤ᠂ ᠠᠵᠤ ᠠᠬᠤᠢ ᠶᠢᠨ ︽ᠰᠠᠶᠢᠨ ᠡᠬᠢᠯᠡᠯᠲᠡ ᠲᠠᠢ᠂ ᠪᠦᠬᠦ ᠵᠢᠯ ᠢᠶᠠᠷ ᠢᠶᠠᠨ ᠲᠣᠭᠲᠠᠭᠤᠨ︾ ᠪᠣᠯᠬᠤ ᠪᠠᠷ ᠬᠦᠴᠦᠯᠡᠨ ᠴᠢᠷᠮᠠᠶᠢᠪᠠ᠃ ᠵᠠᠩ ᠱᠤᠸᠠᠩ ᠴᠧᠩ᠂ ᠸᠠᠩ ᠶᠦᠩ ᠵᠢᠶᠠ᠂ ᠴᠧᠨ ᠭᠦᠸᠧ ᠮᠢᠩ᠂ ᠸᠠᠩ ᠶᠠᠨ ᠪᠥᠸᠧ ᠵᠡᠷᠭᠡ ᠰᠢᠶᠠᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠬᠠᠮᠢᠶ᠎ᠠ ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢ᠂ ᠲᠥᠷᠥᠯ ᠵᠦᠢᠯ ᠤᠨ ᠪᠠᠷᠢᠯᠭ᠎ᠠ ᠶᠢᠨ ᠡᠩᠨᠡᠭᠡ ᠠᠵᠢᠯ ᠡᠬᠢᠯᠡᠬᠦ ᠶᠣᠰᠣᠯᠠᠯ ᠳᠤ ᠣᠷᠣᠯᠴᠠᠵᠠᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号