ᠵᠠᠰᠠᠭ ᠤᠨ ᠤᠷᠳᠦᠨ ᠤ ᠲᠤᠮᠤ ᠠᠵᠢᠯ  ᠶᠠᠪᠤᠳᠡᠯ ᠤᠨ ᠲᠡᠮᠲᠡᠭᠯᠡᠯ ︵2023 ᠤᠨ ᠤ 4 ᠰᠠᠷ᠎ᠠ︶
ᠨᠡᠶᠢᠲᠡᠯᠡᠭᠰᠡᠨ ᠴᠠᠭ᠄
2023/5/4
    4 ᠰᠠᠷ᠎ᠠ ᠶᠢᠨ 6  ᠤ ᠡᠳᠦᠷ᠂ ᠲᠦᠴᠢᠦᠸᠠᠨ ᠰᠢᠶᠠᠨ ᠪᠡᠭᠡᠵᠢᠩ ᠬᠤᠳᠠ ᠶᠢᠨ ᠹᠥ᠋ᠩᠲ᠋ᠠᠢ ᠲᠣᠭᠤᠷᠢᠭ ᠤᠨ ᠰᠢᠨ ᠹᠠ ᠳ᠋ᠢ ᠤᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠬᠤᠷᠠᠯ ᠦᠵᠡᠰᠬᠦᠯᠡᠩ ᠤᠨ ᠲᠥᠪ ᠲᠤ ︽ᠬᠢᠩᠭᠠᠨ ᠠᠶᠢᠮᠠᠭ ᠤᠨ ᠠᠮᠢ ᠠᠬᠤᠢ ᠶᠢᠨ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠤ ᠲᠥᠪᠯᠡᠷᠡᠭᠦᠯᠦᠨ ᠴᠤᠭᠯᠠᠭᠤᠯᠬᠤ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠲᠠᠨᠢᠯᠴᠠᠭᠤᠯᠬᠤ ᠬᠤᠷᠠᠯ ᠳᠤ ᠣᠷᠣᠯᠴᠠᠵᠠᠢ᠃ ᠰᠢᠶᠠᠨ ᠤ ᠤᠳᠤᠷᠢᠳᠤᠯᠭ᠎ᠠ ᠯᠦ ᠵᠧᠩ ᠴᠦᠨ᠂ ᠬᠤᠸᠠᠩ ᠢ ᠬᠧ᠂ ᠰᠦᠨ ᠵᠧᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠪᠡᠭᠡᠵᠢᠩ ᠳᠤ ᠣᠷᠣᠵᠤ ᠳᠡᠯᠭᠡᠨ ᠪᠣᠷᠣᠯᠠᠭᠤᠯᠬᠤ ᠠᠵᠤ ᠠᠬᠤᠶᠢᠯᠠᠯ ᠤᠨ ᠲᠥᠯᠥᠭᠡᠯᠡᠭᠴᠢ ᠣᠷᠣᠯᠴᠠᠵᠠᠢ᠃     4 ᠰᠠᠷ᠎ᠠ ᠶᠢᠨ 12 ᠤ ᠡᠳᠦᠷ᠂ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠵᠢᠶᠣᠣ ᠺᠧ ᠵᠠᠮ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠬᠤᠵᠢᠷᠯᠢᠭ ᠭᠠᠵᠠᠷ ᠢ ᠵᠠᠰᠠᠬᠤ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ᠂ ᠬᠥ᠋ ᠴᠦᠨ ᠯᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠣᠨ ᠠᠵᠤ ᠠᠬᠤᠶᠢᠯᠠᠯ ᠤᠨ ᠲᠥᠯᠥᠭᠡᠯᠡᠭᠴᠢ ᠣᠷᠣᠯᠴᠠᠵᠠᠢ᠃  4 ᠰᠠᠷ᠎ᠠ   ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠷᠪᠠᠨ ᠳᠥᠷᠪᠡᠳᠦᠭᠡᠷ ᠤᠳᠠᠭᠠᠨ ᠤ ᠪᠠᠶᠢᠩᠭᠤ   ᠶᠢᠨ ᠬᠤᠷᠠᠯ   ᠢ ᠡᠷᠬᠢᠯᠡᠨ ᠬᠤᠷᠠᠯᠳᠤᠭᠤᠯᠵᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号