ᠮᠦᠽᠧᠢ ᠬᠥᠮᠥᠰ ᠤᠨ ᠬᠦᠷᠢᠶᠡᠯᠡᠯ ᠢ ᠤᠯᠵᠤ ᠬᠤᠪᠢᠰᠬᠠᠯᠳᠤ ᠦᠵᠡᠮᠵᠢ ᠶᠢᠨ ᠣᠷᠣᠨ ᠤ ᠬᠠᠯᠠᠮᠰᠢᠯ ᠥᠨᠳᠥᠷ
ᠨᠡᠶᠢᠲᠡᠯᠡᠭᠰᠡᠨ ᠴᠠᠭ᠄
2023/5/4
   ︽5 · 1︾ ᠤ ᠠᠮᠠᠷᠠᠯᠲᠠ ᠶᠢᠨ ᠬᠤᠭᠤᠴᠠᠭᠠᠨ ᠳᠤ᠂ ᠲᠦᠴᠢᠦᠸᠠᠨ ᠤ ᠲᠡᠦᠬᠡ ᠰᠣᠶᠣᠯ ᠤᠨ ᠮᠦᠽᠧᠢ ᠳᠤ ᠲᠣᠭᠤᠷᠢᠨ ᠦᠵᠡᠬᠦ ᠪᠠᠷ ᠢᠷᠡᠭᠰᠡᠨ ᠵᠤᠭᠠᠴᠠᠭᠰᠠᠳ ᠤᠨ ᠳᠣᠲᠣᠷ᠎ᠠ ᠴᠥᠭᠡᠨ ᠪᠤᠰᠤ ᠨᠢ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠪᠦᠯᠬᠦᠮ ᠪᠣᠯᠣᠨ᠎ᠠ᠃    ︽ᠲᠦᠴᠢᠦᠸᠠᠨ ᠤ ᠲᠡᠦᠬᠡ ᠰᠣᠶᠣᠯ ᠤᠨ ᠮᠦᠽᠧᠢ ᠶᠢ ᠲᠣᠭᠤᠷᠢᠨ ᠦᠵᠡᠬᠦ ᠪᠠᠷ ᠳᠠᠮᠵᠢᠨ᠂ ᠪᠢ ᠨᠤᠲᠤᠭ ᠤᠨ ᠢᠶᠠᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠪᠠ᠂ ᠬᠠᠮᠤᠭ ᠤᠨ ᠭᠦᠨ ᠰᠠᠭᠤᠭᠳᠠᠯ ᠲᠠᠢ ᠨᠢ ᠲᠦᠴᠢᠦᠸᠠᠨ ᠤ ᠬᠤᠪᠢᠰᠬᠠᠯ ᠤᠨ ᠰᠣᠶᠣᠯ ᠪᠣᠯᠣᠨ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠣᠯᠤᠭᠰᠠᠨ ᠤ ᠬᠤᠪᠢ ᠳᠤ᠂ ᠪᠢᠳᠡ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠬᠤ ᠬᠡᠷᠡᠭᠲᠡᠢ︾ ᠲᠦᠴᠢᠦᠸᠠᠨ ᠰᠢᠶᠠᠨ ᠤ ᠪᠦᠦ ᠱᠢ ᠪᠠᠯᠭᠠᠰᠤᠨ ᠤ ᠭᠤᠣᠯ ᠪᠠᠭ᠎ᠠ ᠰᠤᠷᠭᠠᠭᠤᠯᠢ ᠶᠢᠨ ᠰᠤᠷᠤᠭᠴᠢ ᠯᠢ ᠴᠢᠦ ᠬᠠᠨ ᠡᠭᠦᠨ ᠢ ᠰᠣᠨᠣᠰᠤᠭᠠᠳ ᠰᠡᠳᠬᠢᠯ ᠬᠦᠳᠡᠯᠦᠨ ᠶᠠᠷᠢᠵᠠᠢ᠃    ᠲᠦᠴᠢᠦᠸᠠᠨ ᠤ ᠲᠡᠦᠬᠡ ᠰᠣᠶᠣᠯ ᠤᠨ ᠮᠦᠽᠧᠢ ᠶᠢᠨ ᠶᠡᠷᠦᠩᠬᠡᠢ ᠲᠠᠯᠠᠪᠠᠢ ᠨᠢ 4500 ᠲᠡᠭᠰᠢ ᠳᠥᠷᠪᠡᠯᠵᠢᠨ ᠮᠧᠲᠷ ᠪᠠᠶᠢᠵᠤ᠂ 4 ᠦᠵᠡᠭᠦᠯᠦᠯᠭᠡ ᠶᠢᠨ ᠲᠢᠩᠬᠢᠮ ᠬᠤᠪᠢᠶᠠᠵᠤ᠂ ᠲᠤᠰ ᠪᠦᠷᠢ ᠲᠡᠰ ᠳᠠᠷᠠᠭᠠᠯᠠᠯ ᠤᠨ ᠲᠢᠩᠬᠢᠮ᠂ ᠲᠡᠦᠬᠡ ᠰᠣᠶᠣᠯ ᠤᠨ ᠲᠢᠩᠬᠢᠮ᠂ ᠬᠤᠪᠢᠰᠬᠠᠯ ᠤᠨ ᠰᠣᠶᠣᠯ ᠤᠨ ᠲᠢᠩᠬᠢᠮ᠂ ᠲᠠᠷᠢᠶᠠᠯᠠᠬᠤ ᠰᠣᠶᠣᠯ ᠤᠨ ᠲᠢᠩᠬᠢᠮ ᠪᠣᠯᠣᠨ᠎ᠠ᠃ ᠦᠵᠡᠰᠬᠦᠯᠡᠩ ᠤᠨ ᠣᠷᠳᠣᠨ ᠳᠠᠬᠢ ᠬᠤᠪᠢᠰᠬᠠᠯ ᠤᠨ ᠰᠣᠶᠣᠯ ᠤᠨ ᠲᠢᠩᠬᠢᠮ ᠳᠤ ᠠᠯᠬᠤᠨ ᠣᠷᠣᠬᠤ ᠳᠤ ᠂ ᠶᠠᠭ ᠯᠠ ᠳᠠᠷᠢ ᠶᠢᠨ ᠤᠲᠤᠭ᠎ᠠ ᠳᠡᠭᠳᠡᠭᠰᠡᠨ ᠴᠠᠭ ᠦᠶ᠎ᠡ ᠶᠢ ᠲᠠᠬᠢᠨ ᠲᠤᠭᠤᠯᠵᠦ᠂ ᠵᠤᠭᠠᠴᠠᠭᠰᠠᠳ ᠢ ᠳᠠᠭᠠᠭᠤᠯᠤᠨ ᠣᠷᠭᠢᠯᠤᠮ᠎ᠠ ᠬᠠᠯᠠᠭᠤᠨ ᠰᠡᠳᠬᠢᠯᠭᠡ ᠲᠠᠢ ᠲᠡᠦᠬᠡ ᠶᠢ ᠡᠷᠭᠢᠴᠡᠭᠦᠯᠵᠦ᠂ ᠬᠤᠪᠢᠰᠬᠠᠯ ᠤᠨ ᠵᠣᠷᠢᠭ ᠰᠠᠨᠠᠭᠠᠨ ᠤ ᠳᠠᠪᠲᠠᠯᠲᠠ ᠶᠢ ᠬᠦᠯᠢᠶᠡᠪᠡ᠃    ︽ᠠᠮᠠᠷᠠᠯᠲᠠ ᠶᠢᠨ ᠬᠤᠭᠤᠴᠠᠭᠠᠨ ᠳᠤ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠨᠢᠭᠡᠳᠦᠮᠡᠯ ᠹᠷᠣᠨᠲ ᠤᠨ ᠡᠲᠡᠭᠡᠳ ᠢ ᠳᠠᠭᠠᠭᠤᠯᠤᠨ ᠲᠦᠴᠢᠦᠸᠠᠨ ᠤ ᠲᠡᠦᠬᠡ ᠰᠣᠶᠣᠯ ᠲᠡᠦᠬᠡ ᠶᠢᠨ ᠮᠦᠽᠧᠢ ᠶᠢ ᠲᠣᠭᠤᠷᠢᠨ ᠦᠵᠡᠵᠦ᠂ ᠨᠡᠭᠦᠳᠡᠯᠯᠡᠨ ᠮᠠᠯᠵᠢᠬᠤ ᠦᠨᠳᠦᠰᠦᠲᠡᠨ ᠠᠴᠠ ᠲᠠᠷᠢᠶᠠᠯᠠᠩ ᠤᠨ ᠰᠣᠶᠣᠯ ᠬᠦᠷᠲᠡᠯ᠎ᠡ᠂ ᠳᠠᠬᠢᠭᠠᠳ ᠬᠤᠪᠢᠰᠬᠠᠯ ᠤᠨ ᠲᠡᠦᠬᠡ ᠬᠦᠷᠲᠡᠯ᠎ᠡ᠂ ᠮᠠᠨ ᠤ ᠨᠢᠭᠡᠳᠦᠮᠡᠯ ᠹᠷᠣᠨᠲ ᠤᠨ ᠡᠲᠡᠭᠡᠳ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠪᠢᠳᠡᠨ ᠤ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠮᠵᠢ ᠪᠠᠨ ᠴᠢᠩᠭᠠᠳᠬᠠᠵᠤ᠂ ᠪᠢᠳᠡᠨ ᠤ ᠦᠨᠳᠦᠰᠦᠲᠡᠨ ᠤ ᠶᠡᠭᠡ ᠬᠤᠯᠪᠣᠭᠠᠯᠠᠯ᠂ ᠶᠡᠭᠡ ᠨᠡᠶᠢᠯᠡᠯ᠂ ᠶᠡᠭᠡ ᠪᠦᠯᠬᠦᠮᠳᠡᠯ ᠢᠶᠠᠨ ᠴᠢᠩᠭᠠᠳᠬᠠᠵᠠᠢ︾ ᠭᠡᠵᠤ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠨᠢᠭᠡᠳᠦᠮᠡᠯ ᠹᠷᠣᠨᠲ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠰᠢᠶᠣᠣ ᠵᠢᠩ ᠬᠡᠯᠡᠪᠡ᠃ᠣᠶᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠣᠷᠣᠨ ᠪᠦᠰᠡ ᠶᠢᠨ ᠰᠣᠶᠣᠯ ᠤᠨ ᠥᠨᠳᠦᠷᠯᠢᠭ ᠢ ᠪᠦᠲᠦᠭᠡᠨ ᠪᠠᠶᠢᠭᠤᠯᠬᠤ ᠪᠠᠷ ᠭᠤᠣᠯᠳᠠᠭᠤᠯᠵᠤ᠂ ᠰᠣᠶᠣᠯ ᠤᠨ ᠲᠠᠯᠠᠪᠠᠢ ᠣᠷᠳᠣᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠠ᠂ ᠡᠳᠦᠭᠡ ᠰᠣᠶᠣᠯ ᠲᠡᠦᠬᠡ ᠶᠢᠨ ᠲᠠᠯᠠᠪᠠᠢ ᠣᠷᠳᠣᠨ ᠢ ᠲᠣᠭᠤᠷᠢᠨ ᠦᠵᠡᠬᠦ  ᠨᠢ ᠴᠥᠭᠡᠨ ᠪᠤᠰᠤ ᠵᠤᠭᠠᠴᠠᠭᠰᠠᠳ ᠤᠨ ᠵᠢᠭᠤᠯᠴᠢᠯᠠᠬᠤ ᠶᠢᠨ ᠵᠠᠪᠠᠯ ᠰᠣᠩᠭᠤᠬᠤ ᠵᠦᠢᠯ ᠪᠣᠯᠤᠭᠰᠠᠨ ᠪᠠᠶᠢᠨ᠎ᠠ᠃    ︽ᠲᠦᠴᠢᠦᠸᠠᠨ ᠰᠢᠶᠠᠨ ᠤ ᠲᠠᠷᠢᠶᠠᠯᠠᠩ ᠵᠠᠩ ᠦᠢᠯᠡ ᠶᠢᠨ ᠮᠦᠽᠧᠢ ᠪᠣᠯᠣᠨ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ᠶᠢᠨ ︽5 · 1︾ ᠤ ᠠᠮᠠᠷᠠᠯᠲᠠ ᠶᠢᠨ ᠬᠤᠭᠤᠴᠠᠭᠠᠨ ᠳᠤ ᠰᠦᠢᠳᠬᠡᠯ ᠬᠤᠷᠢᠶᠠᠬᠤ ᠦᠭᠡᠢ ᠪᠠᠷ ᠭᠠᠳᠠᠭᠰᠢ ᠨᠡᠭᠡᠭᠡᠯᠲᠡ ᠬᠢᠵᠦ᠂ ᠪᠢᠳᠡ ᠬᠦᠯᠢᠶᠡᠨ ᠠᠪᠬᠤ ᠪᠡᠯᠡᠳᠬᠡᠯ ᠢᠶᠠᠨ ᠤᠷᠢᠳᠴᠢᠯᠠᠨ ᠬᠢᠪᠡ᠂ ᠵᠢᠱᠢᠯᠲᠡ ᠪᠠᠷ ᠵᠤᠭᠠᠴᠠᠭᠰᠠᠳ ᠢ ᠲᠠᠪᠤᠨ ᠮᠢᠩᠭ᠎ᠠ ᠭᠠᠷᠤᠢ ᠬᠦᠯᠢᠶᠡᠨ ᠠᠪᠬᠤ ᠪᠣᠯᠣᠨ᠎ᠠ︾ ᠭᠡᠵᠦ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ᠶᠢᠨ ᠬᠠᠷᠢᠭᠤᠴᠠᠯᠭᠠᠲᠠᠨ ᠳ᠋ᠦᠩ ᠴᠢᠩ ᠢᠦᠢ ᠲᠠᠨᠢᠯᠴᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号