ᠲᠦᠴᠢᠦᠸᠠᠨ ᠰᠢᠶᠠᠨ ᠤ ᠪᠦᠦ ᠱᠢ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠶᠢᠨ ᠤᠷᠤᠨ᠄ ︽ᠵᠢᠪᠦᠮᠡᠯ ᠮᠠᠶ᠋ᠢᠭ︾ ᠤᠨ ᠠᠮᠠᠷᠠᠯᠲᠠ ᠰᠡᠯᠡᠭᠦᠴᠡᠯ ᠨᠢ ᠵᠢᠭᠤᠯᠴᠢᠯᠠᠯ ᠤᠨ ᠬᠠᠯᠠᠭᠤᠨ ᠰᠡᠳᠬᠢᠯᠭᠡ ᠶᠢ  ᠬᠦᠭᠵᠢᠭᠡᠨ᠎ᠡ
ᠨᠡᠶᠢᠲᠡᠯᠡᠭᠰᠡᠨ ᠴᠠᠭ᠄
2023/5/4
   ︽5 · 1﹀﹀ ᠤ ᠠᠮᠠᠷᠠᠯᠲᠠ ᠶᠢᠨ ᠬᠤᠭᠤᠴᠠᠭᠠᠨ ᠳᠤ ᠬᠡᠦᠬᠡᠳ ᠢᠶᠠᠨ ᠳᠠᠭᠠᠭᠤᠯᠤᠨ ᠮᠠᠨ ᠤ ᠰᠢᠶᠠᠨ ᠤ ᠥᠪᠡᠷ ᠤᠨ ᠮᠦᠽᠧᠢ ᠪᠠᠨ ᠦᠵᠡᠵᠦ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠣᠶᠢᠯᠠᠭᠠᠬᠤ ᠨᠢ ᠮᠠᠰᠢ ᠤᠳᠬ᠎ᠠ ᠠᠭᠤᠯᠭ᠎ᠠ ᠲᠠᠢ ᠶᠤᠮ︾ ᠭᠡᠵᠤ ᠲᠠᠶᠢᠯᠪᠤᠷᠢᠯᠠᠭᠴᠢ ᠶᠢᠨ ᠲᠦᠴᠢᠦᠸᠠᠨ ᠤ ᠲᠡᠦᠬᠡ ᠶᠢᠨ ᠲᠤᠬᠠᠢ ᠶᠠᠷᠢᠬᠤ ᠶᠢ ᠰᠣᠨᠣᠰᠤᠭᠠᠳ᠂ ᠵᠤᠭᠠᠴᠠᠭᠴᠢ ᠵᠠᠩ ᠬᠤᠩ ᠪᠥᠸᠧ ᠮᠠᠰᠢ ᠭᠦᠨ ᠲᠥᠷᠥᠭᠳᠡᠯ ᠲᠠᠢ ᠪᠠᠶᠢᠯ᠎ᠠ᠃    5 ᠡᠳᠦᠷ ᠤᠨ ︽5 · 1︾ ᠤ ᠠᠮᠠᠷᠠᠯᠲᠠ ᠶᠢᠨ ᠬᠤᠭᠤᠴᠠᠭ᠎ᠠ ᠨᠢ ᠰᠠᠭᠤᠭᠠᠯᠢ ᠠᠷᠠᠳ ᠤᠨ ᠣᠷᠳᠣ ᠬᠤᠭᠤᠴᠠᠭ᠎ᠠ ᠪᠠᠷ ᠬᠤᠷᠠᠮᠳᠤᠭᠤᠯᠤᠭᠰᠠᠨ ᠭᠠᠳᠠᠭᠰᠢ ᠭᠠᠷᠴᠤ ᠵᠤᠭᠠᠴᠠᠬᠤ ᠬᠠᠯᠠᠭᠤᠨ ᠰᠡᠳᠬᠢᠯᠭᠡ ᠶᠢ ᠭᠦᠢᠴᠡᠳ ᠪᠠᠳᠠᠷᠠᠭᠤᠯᠵᠤ᠂ ᠤᠯᠠᠮᠵᠢᠯᠠᠯᠲᠤ ᠰᠣᠶᠣᠯ ᠢ ᠪᠡᠶᠡᠴᠢᠯᠡᠨ ᠣᠶᠢᠯᠠᠭᠠᠬᠤ + ᠡᠷᠬᠢᠨ ᠲᠣᠭᠤᠷᠢᠨ ᠤ ᠵᠢᠭᠤᠯᠴᠢᠯᠠᠯ ᠨᠢ ᠬᠥᠮᠥᠰ ᠤᠨ ᠠᠮᠠᠷᠠᠯᠲᠠ ᠶᠢᠨ ᠬᠤᠭᠤᠴᠠᠭᠠᠨ ᠤ ᠰᠡᠯᠡᠭᠦᠴᠡᠯ ᠤᠨ ᠰᠢᠨ᠎ᠡ ᠰᠣᠩᠭᠤᠯᠲᠠ ᠪᠣᠯᠵᠤ᠂ ᠵᠢᠭᠤᠯᠴᠢᠯᠠᠯ ᠢᠳᠡᠭᠡᠨ ᠤᠮᠳᠠᠭᠠᠨ᠂ ᠵᠠᠮ ᠬᠠᠷᠢᠯᠴᠠᠭ᠎ᠠ ᠶᠠᠪᠤᠵᠤ ᠰᠠᠭᠤᠬᠤ ᠵᠡᠷᠭᠡ ᠡᠯ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠴᠥᠮ ᠪᠥᠬᠦ ᠲᠠᠯ᠎ᠠ ᠪᠠᠷ ︽ᠰᠢᠨ᠎ᠡ ᠥᠨᠳᠥᠷ ᠲᠡᠮᠳᠡᠭᠯᠡᠯ︾ ᠢ ᠤᠭᠲᠤᠨ ᠠᠪᠴᠢᠷᠠᠵᠤ᠂ ᠡᠷᠬᠢᠨ ᠲᠣᠭᠤᠷᠢᠨ ᠤ ᠵᠢᠭᠤᠯᠴᠢᠯᠠᠯ ᠤᠨ ᠦᠵᠡᠮᠵᠢ ᠶᠢᠨ ᠭᠠᠵᠠᠷ ᠤᠨ ᠠᠶᠠᠨᠴᠢᠳ ᠤᠨ ᠲᠤᠭ᠎ᠠ ᠨᠠᠩ ᠴᠤ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃    ᠵᠤᠭᠠᠴᠠᠭᠴᠢ ᠴᠢᠦᠢ ᠶᠠᠨ ᠨᠢᠶᠠᠨ ᠡᠨᠡ ᠬᠦ ᠠᠮᠠᠷᠠᠯᠲᠠ ᠶᠢᠨ ᠬᠤᠭᠤᠴᠠᠭᠠᠨ ᠳᠤ᠂ ᠭᠡᠷ ᠤᠨ ᠬᠥᠮᠥᠰ ᠢᠶᠠᠨ ᠳᠠᠭᠠᠭᠤᠯᠤᠨ ᠴᠦᠨ ᠵᠧᠦ ᠶᠢᠨ ᠡᠷᠲᠡᠨ ᠤ ᠬᠤᠲᠠ ᠪᠠᠷ ᠲᠤᠭᠤᠷᠢᠪᠠ᠃ ︽ᠴᠦᠨ ᠵᠧᠦ ᠶᠢᠨ ᠡᠷᠲᠡᠨ ᠤ ᠬᠤᠳᠠ︾  ᠳᠤ ᠣᠷᠣᠬᠤ ᠳᠤ᠂ 14.4 ᠮᠧᠲᠷ ᠤᠨ ᠥᠨᠳᠥᠷ ᠥᠨᠴᠥᠭᠲᠦ ᠠᠰᠠᠷ ᠨᠢᠳᠦᠨ ᠳᠤ ᠲᠣᠳᠣᠷᠠᠵᠤ᠂ ᠨᠠᠷᠢᠯᠢᠭ ᠬᠢᠴᠡ ᠲᠠᠢ ᠪᠥᠭᠡᠳ ᠬᠡᠭᠡᠨᠴᠢᠷ ᠮᠠᠶ᠋ᠢᠭ ᠤᠨ ᠠᠷᠠᠳ ᠤᠨ ᠪᠠᠭᠤᠳᠠᠯ ᠨᠢ ᠨᠡᠩ ᠴᠤ  ᠲᠡᠳᠡᠨ ᠢ ᠬᠤᠷᠤᠭᠤᠳᠠᠨ ᠲᠠᠲᠠᠵᠤ ᠪᠠᠶᠢᠯ᠎ᠠ᠃    ︽ᠴᠦᠨ ᠵᠧᠦ ᠶᠢᠨ ᠡᠷᠲᠡᠨ ᠤ ᠬᠤᠲᠠ ᠶᠢᠨ ᠪᠦᠲᠦᠭᠡᠨ ᠪᠠᠶᠢᠭᠤᠯᠤᠯᠲᠠ ᠮᠠᠰᠢ ᠰᠦᠷᠯᠢᠭ ᠰᠠᠶᠢᠬᠠᠨ ᠪᠠᠶᠢᠨ᠎ᠠ ᠭᠡᠵᠦ ᠰᠣᠨᠣᠰᠤᠭᠠᠳ᠂ ᠭᠡᠷ ᠤᠨ ᠬᠥᠮᠥᠰ ᠪᠠ ᠨᠠᠶᠢᠵᠠ ᠨᠥᠬᠦᠳ ᠢᠶᠠᠨ ᠳᠠᠭᠠᠭᠤᠯᠤᠨ ᠢᠷᠡᠵᠦ ᠦᠵᠡᠵᠡᠢ᠂ ᠠᠳᠡ ᠲᠡᠦᠬᠡ ᠶᠢᠨ ᠮᠦᠽᠧᠢ ᠲᠠᠢ᠂ ᠪᠠᠰᠠ ᠡᠷᠲᠡᠨ ᠤ ᠬᠤᠲᠠ ᠴᠠᠶᠢᠵᠠ ᠲᠠᠢ᠂ ᠯᠢᠶᠣᠤ ᠠᠯᠲᠠᠨ ᠤᠯᠤᠰ ᠤᠨ ᠬᠡᠪ ᠨᠠᠮᠪᠠ  ᠶᠢ ᠪᠦᠷᠢᠨ ᠭᠦᠢᠴᠡᠳ ᠬᠠᠷᠠᠭᠤᠯᠵᠠᠢ᠂ ᠪᠢᠳᠡ ᠠᠳᠡ ᠢᠷᠡᠭᠡᠳ ᠦᠵᠡᠬᠦ ᠳᠤ ᠦᠨᠡᠬᠡᠷ  ᠰᠠᠶᠢᠬᠠᠨ ᠪᠠᠶᠢᠨ᠎ᠠ︾ ᠭᠡᠵᠦ ᠵᠤᠭᠠᠴᠠᠭᠴᠢ ᠴᠢᠦᠢ ᠶᠠᠨ ᠨᠢᠶᠠᠨ ᠬᠡᠯᠡᠪᠡ᠃    ᠠᠳᠡ 5A ᠲᠠᠰ ᠤᠨ ᠤᠯᠤᠰ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠶᠡᠷᠦᠩᠬᠡᠢ ᠲᠠᠯᠠᠪᠠᠶ ᠨᠢ 4500 ᠲᠡᠭᠰᠢ ᠳᠥᠷᠪᠡᠯᠵᠢᠨ ᠮᠧᠲᠷ ᠲᠤ ᠬᠦᠷᠴᠡᠢ︔ ᠠᠳᠡᠬᠢ ᠮᠦᠽᠧᠢ ᠶᠢ ᠣᠷᠣᠰᠢᠯ ᠲᠢᠩᠬᠢᠮ᠂ ᠲᠡᠦᠬᠡ ᠰᠣᠶᠣᠯ ᠤᠨ ᠲᠢᠩᠬᠢᠮ᠂ ᠬᠤᠪᠢᠰᠬᠠᠯ ᠤᠨ ᠰᠣᠶᠣᠯ ᠤᠨ ᠲᠢᠩᠬᠢᠮ ᠪᠠ ᠲᠠᠷᠢᠶᠠᠯᠠᠬᠤ ᠰᠣᠶᠣᠯ ᠤᠨ ᠲᠢᠩᠬᠢᠮ ᠭᠡᠵᠦ ᠬᠤᠪᠢᠶᠠᠨ᠎ᠠ︔ ᠠᠳᠡ ᠳᠠᠭᠤ ᠭᠡᠷᠡᠯ ᠴᠠᠬᠢᠯᠭᠠᠨ ᠪᠣᠳᠠᠰ ᠵᠡᠷᠭᠡ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠠᠰᠢᠭᠯᠠᠨ ᠡᠭᠦᠳᠦᠨ ᠪᠦᠲᠦᠭᠡᠭᠰᠡᠨ ᠪᠡᠶᠡᠴᠢᠯᠡᠨ ᠣᠶᠢᠯᠠᠭᠠᠬᠤ ᠬᠡᠯᠪᠡᠷᠢ ᠶᠢᠨ ᠳᠡᠯᠭᠡᠨ ᠦᠵᠡᠭᠦᠯᠦᠯᠭᠡ ᠨᠢ ᠤᠯᠠᠮ ᠠᠴᠠ ᠤᠯᠠᠮ ᠤᠯᠠᠨ ᠭᠡᠷ ᠪᠦᠯᠢ ᠶᠢᠨ ᠮᠦᠽᠧᠢ ᠪᠠᠷ ᠲᠣᠭᠤᠷᠢᠬᠤ ᠶᠢ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠤᠨ ᠰᠡᠯᠡᠭᠦᠴᠡᠯ ᠤᠨ ᠠᠷᠭ᠎ᠠ ᠬᠡᠯᠪᠡᠷᠢ ᠪᠣᠯᠭᠠᠵᠤ᠂ ᠬᠡᠤᠬᠡᠳ ᠤᠨ ᠰᠤᠷᠭᠠᠨ ᠬᠥᠮᠦᠵᠢᠯ᠂ ᠵᠤᠭᠠᠴᠠᠯ ᠰᠤᠳᠤᠯᠭᠠᠨ ᠰᠤᠷᠤᠯᠴᠠᠵᠤ᠂ ᠬᠥᠮᠥᠰ ᠤᠷᠳᠤ ᠬᠤᠭᠤᠴᠠᠭ᠎ᠠ ᠶᠢ ᠲᠤᠭᠤᠯᠤᠬᠰᠠᠨ ᠮᠡᠲᠦ ᠰᠦᠷ ᠵᠢᠪᠬᠤᠭ᠎ᠠ ᠲᠠᠢ ᠪᠥᠭᠡᠳ ᠷᠢᠳᠢ ᠰᠢᠳᠢ ᠲᠠᠢ ᠯᠢᠶᠣᠤ ᠠᠯᠳᠠᠨ ᠤᠯᠤᠰ ᠪᠣᠯᠣᠨ ᠡᠮᠦᠨᠡᠲᠦ ᠤᠮᠠᠷᠠᠲᠤ ᠰᠦᠩ ᠤᠯᠤᠰ ᠤᠨ ᠦᠶ᠎ᠡ ᠳᠤ ᠪᠤᠴᠠᠵᠤ ᠢᠷᠡᠭᠰᠡᠨ ᠮᠡᠳᠤ ᠪᠠᠶᠢᠨ᠎ᠠ᠃    ︽ᠣᠳᠣᠬᠠᠨ ᠳᠤ ᠮᠦᠽᠧᠢ ᠶᠢᠨ ᠪᠦᠲᠦᠭᠡᠨ ᠪᠠᠶᠢᠭᠤᠯᠤᠯᠲᠠ ᠶᠢ ᠠᠩᠬ᠎ᠠ ᠠᠯᠬᠤᠮ ᠪᠡᠶᠡᠯᠡᠭᠦᠯᠵᠦ᠂ ᠲᠠᠪᠤᠨ ᠰᠠᠷ᠎ᠠ ᠶᠢᠨ ᠨᠢᠭᠡᠨ ᠤ ᠡᠳᠦᠷ ᠠᠴᠠ ᠡᠬᠢᠯᠡᠨ ᠲᠤᠷᠰᠢᠨ ᠡᠵᠡᠩᠨᠡᠵᠦ᠂ ᠡᠳᠦᠷ ᠪᠦᠷᠢ ᠮᠢᠩᠭ᠎ᠠ ᠭᠠᠷᠤᠢ ᠵᠤᠭᠠᠴᠠᠭᠰᠠᠳ ᠢ ᠬᠦᠯᠢᠶᠡᠨ ᠠᠪᠴᠤ ᠪᠠᠶᠢᠨ᠎ᠠ᠃ ᠪᠢᠳᠡ ᠠᠮᠠᠷᠠᠯᠲᠠ ᠶᠢᠨ ᠬᠤᠭᠤᠴᠠᠭᠠᠨ ᠳᠠᠭᠠᠨ ᠪᠦᠦ ᠱᠢ ᠸᠠᠨ ᠤ ᠵᠤᠨ ᠤ ᠤᠯᠠᠷᠢᠯ ᠤᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠬᠦ ᠪᠣᠯᠣᠨ᠎ᠠ︾ ᠭᠡᠵᠤ ᠲᠦᠴᠢᠦᠸᠠᠨ ᠤ ᠲᠡᠦᠬᠡ ᠰᠣᠶᠣᠯ ᠤᠨ ᠮᠦᠽᠧᠢ ᠶᠢᠨ ᠲᠠᠶᠢᠯᠪᠤᠷᠢᠯᠠᠭᠴᠢ ᠦ᠋ ᠲᠦᠩ ᠲᠠᠨᠢᠯᠴᠠᠭᠤᠯᠪᠠ᠃    ᠲᠦᠴᠢᠦᠸᠠᠨ ᠰᠢᠶᠠᠨ ᠤ ︽5 · 1︾  ᠤ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠬᠠᠯᠠᠮᠰᠢᠯ ᠤᠨ ᠭᠠᠵᠠᠷ ᠤᠨ ᠨᠢᠭᠡ ᠪᠣᠯᠤᠭᠰᠠᠨ ᠤ ᠬᠤᠪᠢ ᠳᠤ᠂ ᠯᠢᠶᠣᠤ ᠠᠯᠳᠠᠨ ᠤᠯᠤᠰ ᠪᠣᠯᠣᠨ ᠡᠮᠦᠨᠡᠲᠦ ᠤᠮᠠᠷᠠᠲᠤ ᠰᠦᠩ ᠤᠯᠤᠰ ᠤᠨ ᠦᠶ᠎ᠡ ᠪᠠᠷ ᠭᠤᠣᠯ ᠰᠡᠳᠦᠪ ᠪᠣᠯᠭᠠᠭᠰᠠᠨ ᠡᠨᠡᠬᠦ ᠡᠷᠲᠡᠨ ᠤ ᠬᠢ ᠶᠢ ᠳᠠᠭᠤᠷᠢᠶᠠᠭᠰᠠᠨ ᠲᠣᠮᠣ ᠬᠡᠯᠪᠡᠷᠢ ᠶᠢᠨ ᠪᠠᠷᠢᠯᠭ᠎ᠠ ︱ ᠲᠦᠴᠢᠦᠸᠠᠨ ᠰᠢᠶᠠᠨ ᠤ ᠪᠦᠦ ᠱᠢ  ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠨᠢᠭᠡᠨᠲᠡ ᠡᠭᠦᠳᠡ ᠪᠠᠨ ᠨᠡᠭᠡᠭᠡᠵᠦ ᠵᠣᠴᠢᠨ ᠤᠭᠲᠤᠪᠠ᠃ ᠡᠨᠡ ᠵᠢᠯ᠂ ᠲᠣᠰ ᠴᠡᠩᠭᠡᠯ ᠤᠨ ᠬᠦᠷᠢᠶᠡᠯᠡᠩ ᠳᠤ ᠪᠠᠰᠠ ᠭᠤᠣᠯ ᠰᠡᠳᠦᠪᠲᠦ ᠲᠤᠭᠯᠠᠯᠳᠠ ᠪᠠ ᠠᠶᠠᠨᠴᠢᠳ ᠤᠨ ᠡᠵᠡᠩᠨᠡᠯᠲᠡ ᠶᠢᠨ ᠪᠡᠶᠡᠴᠢᠯᠡᠨ ᠣᠶᠢᠯᠠᠭᠠᠬᠤ ᠵᠦᠢᠯᠡᠰ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠬᠤ ᠪᠣᠯᠣᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号