︽5 · 1︾  ᠤ ᠠᠮᠠᠷᠠᠯᠲᠠ ᠶᠢᠨ ᠬᠤᠭᠤᠴᠠᠭᠠᠨ ᠤ ᠮᠢᠩ ᠰᠢᠩ ᠨᠠᠭᠤᠷ ᠤᠨ ᠵᠤᠭᠠᠴᠠᠯ ᠠᠮᠠᠷᠠᠯᠲᠠ ᠶᠢᠨ ᠣᠷᠣᠨ ᠬᠥᠮᠥᠰ ᠤᠨ ᠬᠦᠷᠢᠶᠡᠯᠡᠯ ᠢ ᠣᠯᠵᠤ ᠪᠠᠶᠢᠨ᠎ᠠ
ᠨᠡᠶᠢᠲᠡᠯᠡᠭᠰᠡᠨ ᠴᠠᠭ᠄
2023/5/4
   ︽5 · 1︾  ᠤ ᠠᠮᠠᠷᠠᠯᠲᠠ ᠶᠢᠨ ᠬᠤᠭᠤᠴᠠᠭᠠᠨ ᠳᠤ᠂ ᠲᠦᠴᠢᠦᠸᠠᠨ ᠰᠢᠶᠠᠨ ᠤ ᠵᠡᠭᠦᠨ ᠲᠦᠷᠦᠯᠵᠢ ᠪᠠᠯᠭᠠᠰᠤᠨ ᠤ ᠮᠢᠩ ᠰᠢᠩ ᠲᠣᠰᠬᠤᠨ ᠤ ᠮᠢᠩ ᠰᠢᠩ ᠨᠠᠭᠤᠷ ᠤᠨ ᠵᠤᠭᠠᠴᠠᠯ ᠤᠨ ᠠᠮᠠᠷᠠᠯᠲᠠ ᠶᠢᠨ ᠣᠷᠣᠨ ᠨᠢ ᠰᠠᠭᠤᠭᠠᠯᠢ ᠠᠷᠠᠳ ᠤᠨ ᠵᠤᠭᠠᠴᠠᠨ ᠲᠤᠭᠤᠷᠢᠬᠤ᠂ ᠡᠬᠡ ᠪᠠᠶᠢᠭᠠᠯᠢ ᠲᠠᠢ ᠣᠶᠢᠷᠠᠲᠤᠬᠤ᠂ ᠪᠡᠶ᠎ᠡ ᠰᠡᠳᠬᠢᠯ ᠢᠶᠠᠨ ᠲᠠᠶᠢᠪᠤᠰᠢᠷᠠᠭᠤᠯᠬᠤ ︽ᠰᠦᠯᠵᠢᠶᠡᠨ ᠤ ᠬᠠᠯᠠᠮᠰᠢᠯ ᠤᠷᠤᠨ︾ ᠪᠣᠯᠵᠠᠢ᠃ ᠦᠵᠡᠮᠵᠢ ᠶᠢᠨ ᠣᠷᠣᠨ ᠳᠤ ᠨᠠᠢᠮᠠᠨ ᠵᠦᠭ ᠤᠨ ᠵᠤᠭᠠᠴᠠᠭᠰᠠᠳ ᠬᠦᠷᠦᠯᠴᠡᠨ ᠢᠷᠡᠵᠦ᠂ ᠭᠠᠵᠠᠷ ᠪᠣᠯᠭᠠᠨ ᠳᠤ ᠪᠠᠶᠠᠷ ᠪᠠᠶᠠᠰᠬᠤᠯᠠᠩ ᠲᠠᠢ ᠠᠮᠠᠷᠠᠯᠲᠠ ᠶᠢᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃    ᠤᠰᠤ ᠪᠠᠷ ᠲᠣᠭᠯᠠᠬᠤ᠂ ᠦᠵᠡᠮᠵᠢ ᠰᠣᠨᠢᠷᠬᠠᠬᠤ᠂ ᠰᠡᠭᠦᠳᠡᠷ ᠲᠠᠲᠠᠬᠤ᠂ ᠦᠵᠡᠮᠵᠢ ᠶᠢᠨ ᠣᠷᠣᠨ ᠳᠤ ᠬᠦᠷᠬᠦ ᠳᠤ ᠂ ᠵᠤᠭᠠᠴᠠᠭᠰᠠᠳ ᠲᠣᠭᠤᠷᠢᠨ ᠦᠵᠡᠬᠦ ᠪᠢᠴᠢᠬᠠᠨ ᠭᠠᠯᠲᠤ ᠲᠡᠷᠭᠡᠨ ᠳᠤ ᠰᠠᠭᠤᠨ᠂ ᠬᠦᠷᠢᠶᠡᠯᠡᠩ ᠲᠣᠭᠤᠷᠢᠭ ᠤᠨ ᠭᠤᠶᠤ ᠦᠵᠡᠮᠵᠢ ᠶᠢ ᠪᠦᠬᠦᠨ ᠢ ᠰᠤᠨᠢᠷᠬᠠᠨ᠎ᠠ᠃ ᠮᠢᠩ ᠰᠢᠩ ᠨᠠᠭᠤᠷ ᠤᠨ ᠬᠥᠪᠡᠭᠡᠨ ᠳᠤ᠂ ᠨᠣᠮᠢᠨ ᠳᠣᠯᠭᠢᠶᠠᠨ ᠳᠣᠯᠭᠢᠶᠠᠯᠠᠨ᠂ ᠲᠣᠮᠣ ᠬᠥᠮᠥᠰ ᠪᠠ ᠬᠡᠦᠬᠡᠳ ᠤᠳ ᠠᠭᠤᠵᠢᠷᠠᠲᠠᠯ᠎ᠠ ᠤᠰᠤᠨ ᠳᠤ ᠨᠠᠭᠠᠳᠴᠤ ᠭᠡᠷᠡᠯ ᠵᠢᠷᠤᠭ ᠲᠠᠲᠠᠭᠤᠯᠵᠤ ᠪᠠᠶᠢᠯ᠎ᠠ᠃    ᠲᠡᠭᠷᠢ ᠴᠡᠯᠮᠡᠭ ᠲᠤᠩᠭᠠᠯᠠᠭ ᠡᠳᠦᠷ ᠢ ᠠᠮᠵᠢᠵᠤ᠂ ᠶᠢᠨ ᠹᠧᠩ ᠯᠠᠨ ᠥᠷᠯᠥᠭᠡ ᠡᠷᠲᠡ ᠭᠡᠷ ᠤᠨ ᠬᠥᠮᠥᠰ ᠲᠠᠢ ᠪᠠᠨ ᠵᠤᠭᠠᠴᠠᠯ ᠠᠮᠠᠷᠠᠯᠲᠠ ᠶᠢᠨ ᠭᠠᠵᠠᠷ ᠳᠤ ᠢᠷᠡᠵᠤ᠂ ᠠᠮᠠᠷᠠᠯᠲᠠ ᠶᠢᠨ ᠬᠤᠭᠤᠴᠠᠭ᠎ᠠ ᠪᠠᠨ ᠰᠠᠨᠠᠭᠠᠨ ᠲᠠᠪᠠ ᠪᠠᠷ ᠢᠶᠠᠨ ᠡᠳ᠋ᠯᠡᠨ᠎ᠡ᠃ ︽ᠡᠨᠡ ᠬᠦ ᠠᠮᠠᠷᠠᠯᠲᠠ ᠶᠢᠨ ᠬᠤᠭᠤᠴᠠᠭᠠᠨ ᠳᠤ ᠮᠢᠨᠤ ᠥᠬᠢᠨ ᠵᠢᠭᠡ ᠣᠮᠪᠣᠯᠣ ᠢ ᠳᠠᠭᠠᠭᠤᠯᠵᠤ ᠭᠠᠳᠠᠨ᠎ᠠ ᠣᠷᠣᠨ ᠠᠴᠠ ᠬᠠᠷᠢᠵᠤ ᠢᠷᠡᠵᠡᠶ᠂ ᠨᠢᠭᠡ ᠭᠡᠷ ᠢᠶᠠᠷ ᠢᠶᠠᠨ ᠴᠦ ᠬᠤᠯᠠ ᠶᠠᠪᠤᠭᠰᠠᠨ ᠦᠭᠡᠢ᠂ ᠮᠢᠩ ᠰᠢᠩ ᠨᠠᠭᠤᠷ ᠲᠤ ᠢᠷᠡᠵᠦ ᠭᠤᠶᠣ ᠦᠵᠡᠮᠵᠢ ᠶᠢ ᠰᠤᠨᠢᠷᠬᠠᠵᠤ ᠰᠡᠳᠬᠢᠯ ᠰᠠᠨᠠᠭ᠎ᠠ ᠮᠠᠰᠢ ᠠᠭᠤᠵᠢᠭᠤ ᠲᠠᠯᠪᠢᠭᠤ ᠪᠤᠯᠵᠠᠢ᠃ ᠠᠮᠠᠷᠠᠯᠲᠠ ᠶᠢᠨ  ᠤᠷᠤᠨ ᠤ ᠰᠠᠭᠤᠷᠢ ᠲᠥᠬᠦᠭᠡᠷᠦᠮᠵᠢ ᠨᠢ ᠴᠦ ᠮᠠᠰᠢ ᠪᠦᠷᠢᠨ ᠲᠡᠭᠦᠯᠳᠡᠷ ᠪᠠᠶᠢᠵᠤ᠂ ᠲᠣᠮᠣ ᠬᠥᠮᠥᠰ ᠪᠠ ᠬᠡᠦᠬᠡᠳ ᠤᠳ ᠴᠥᠮ ᠪᠠᠶᠠᠷ ᠲᠠᠢ ᠠᠭᠠᠳᠤᠭᠰᠠᠨ ᠪᠠᠶᠢᠨ᠎ᠠ︾᠃    ᠮᠢᠩ ᠰᠢᠩ ᠨᠠᠭᠤᠷ ᠤᠨ ᠵᠤᠭᠠᠴᠠᠯ ᠠᠮᠠᠷᠠᠯᠲᠠ ᠶᠢᠨ ᠣᠷᠣᠨ ᠨᠢ ᠬᠤᠶᠠᠷ ᠲᠣᠰᠬᠤᠨ ᠲᠠᠪᠤᠨ ᠠᠶᠢᠯ ᠢ ᠬᠠᠮᠤᠷᠴᠤ ᠂ 12.8 ᠲᠡᠭᠰᠢ ᠳᠥᠷᠪᠡᠯᠵᠢᠨ ᠺᠢᠯᠤᠮᠥᠲᠷ ᠭᠠᠵᠠᠷ ᠢ ᠡᠵᠡᠯᠡᠵᠦ᠂ ᠪᠠᠷᠢᠯᠭ᠎ᠠ ᠶᠢᠨ ᠲᠠᠯᠠᠪᠠᠢ ᠨᠢ 3.3 ᠲᠦᠮᠡᠨ ᠲᠡᠭᠰᠢ ᠳᠥᠷᠪᠡᠯᠵᠢᠨ ᠮᠧᠲᠷ᠂ ᠨᠠᠭᠤᠷ ᠢ ᠲᠣᠭᠤᠷᠢᠭᠰᠠᠨ ᠵᠠᠰᠠᠮᠠᠯ ᠵᠠᠮ ᠨᠢ 14 ᠺᠢᠯᠤᠮᠥᠲᠷ᠂ ᠪᠡᠯᠡ ᠣᠷᠤᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 1.78 ᠳ᠋ᠦᠩᠰᠢᠭᠤᠷ᠂ ᠬᠥᠳᠡᠭᠡ ᠲᠣᠰᠬᠤᠨ ᠤ ᠣᠨᠴᠠᠯᠢᠭ᠂ ᠵᠢᠭᠠᠰᠤ ᠠᠩᠨᠠᠬᠤ ᠲᠠᠷᠢᠶᠠᠯᠠᠩ ᠡᠬᠢ ᠪᠠᠶᠠᠯᠢᠭ ᠢ ᠠᠭᠤᠰᠤᠯᠴᠠᠭᠤᠯᠵᠤ᠂ 4 ᠲᠦᠷᠦᠯ ᠵᠦᠢᠯ ᠢ ᠨᠢᠮᠪᠠᠢ ᠪᠠᠶᠢᠭᠤᠯᠵᠤ᠂ ᠲᠤᠰ ᠲᠤᠰ ᠶᠢᠨ ᠱᠠ ᠴᠡᠩᠭᠡᠯ ᠤᠨ ᠬᠦᠷᠢᠶᠡᠯᠡᠩ᠂ ᠵᠤᠭ᠎ᠠ ᠴᠡᠩᠭᠡᠯ ᠤᠨ ᠨᠢᠭᠡᠳᠦᠯ᠂ ᠪᠢᠴᠢᠯ ᠲᠠᠷᠢᠶᠠᠯᠠᠬᠤ ᠲᠤᠲᠤᠷᠭ᠎ᠠ ᠪᠣᠯᠣᠨ ᠲᠤᠲᠤᠷᠭ᠎ᠠ ᠶᠢᠨ ᠵᠡᠭᠦᠳᠦ ᠶᠢᠨ ᠣᠷᠣᠨ ᠵᠠᠢ ᠪᠣᠯᠣᠨ᠎ᠠ᠃    ᠬᠥᠳᠡᠭᠡ ᠨᠤᠲᠤᠭ ᠤᠨ ᠦᠵᠡᠮᠵᠢ ᠶᠢ ᠰᠣᠨᠢᠷᠬᠠᠵᠤ᠂ ᠬᠥᠳᠡᠭᠡ ᠲᠣᠰᠬᠤᠨ ᠤ ᠣᠶᠢᠷ᠎ᠠ ᠲᠡᠭᠦᠷᠭᠡ ᠶᠢᠨ ᠵᠤᠭᠠᠴᠠᠯ ᠬᠠᠯᠠᠭᠤᠨ ᠬᠦᠷᠢᠶᠡᠯᠡᠯ ᠢ ᠣᠯᠵᠤ᠂ ᠬᠤᠳᠠ ᠶᠢᠨ ᠠᠷᠠᠳ ᠤᠯᠠᠨ ᠤ ᠠᠮᠠᠷᠠᠯᠲᠠ ᠶᠢᠨ ᠬᠤᠭᠤᠴᠠᠭᠠᠨ ᠳᠤ ᠪᠠᠭ᠎ᠠ ᠪᠤᠰᠤ ᠪᠠᠶᠠᠷ ᠪᠠᠭ᠋ᠠᠳᠤᠯ ᠨᠡᠮᠡᠷᠢᠯᠡᠵᠡᠢ᠃ ᠶᠢᠨ ᠱᠠ ᠴᠡᠩᠭᠡᠯ ᠤᠨ ᠬᠦᠷᠢᠶᠡᠯᠡᠩ ᠳᠤ ᠪᠢᠴᠢᠬᠠᠨ ᠬᠡᠤᠬᠡᠳ ᠨᠠᠷ ᠭᠤᠯᠭᠤᠭᠤᠷ ᠱᠠᠲᠤ ᠪᠠᠷ ᠭᠤᠯᠭᠤᠵᠤ᠂ ᠬᠠᠷᠢᠮᠠᠬᠠᠢ ᠳᠡᠪᠢᠰᠬᠡᠷ ᠢᠶᠠᠷ ᠲᠣᠭᠯᠠᠵᠤ᠂ ᠨᠠᠭᠠᠳᠤᠨ ᠲᠣᠭᠯᠠᠵᠤ᠂ ᠦᠨᠡᠬᠡᠷ ᠬᠦᠷ ᠨᠠᠷᠭᠢᠶᠠᠨ  ᠲᠠᠢ ᠪᠠᠶᠢᠯ᠎ᠠ᠃ᠡᠨᠡ ᠵᠢᠯ ᠰᠠᠶ᠋ᠢ ᠲᠠᠪᠤᠨ ᠨᠠᠰᠤ ᠬᠦᠷᠦᠭᠰᠡᠨ ᠪᠢᠴᠢᠬᠠᠨ ᠨᠠᠶᠢᠵᠠ ᠵᠠᠩ ᠮᠦ ᠰᠢᠤᠸᠠᠨ ᠠᠪᠤ ᠡᠵᠢ ᠶᠢᠨ ᠬᠠᠮᠠᠭᠠᠯᠠᠯ ᠳᠣᠣᠷ᠎ᠠ᠂ ᠪᠢᠴᠢᠬᠠᠨ ᠨᠠᠶᠢᠵᠠ ᠨᠠᠷ ᠲᠠᠢ ᠪᠠᠨ ᠬᠠᠮᠲᠤ ᠨᠠᠭᠠᠯᠳᠤᠵᠤ ᠮᠠᠰᠢ ᠪᠠᠶᠠᠷ ᠬᠥᠷ ᠲᠠᠢ ᠪᠠᠶᠢᠨ᠎ᠠ᠃ ︽ᠪᠢ ᠡᠨᠡ ᠦᠰᠦᠷᠦᠯᠲᠡ ᠶᠢᠨ ᠣᠷᠣ ᠳᠤ ᠬᠠᠮᠤᠭ ᠠᠴᠠ ᠲᠤᠷᠠᠳᠠᠢ᠂ ᠮᠥᠳᠳᠥ ᠪᠢ ᠤᠰᠤᠨ ᠤ ᠵᠠᠬ᠎ᠠ ᠳᠤ ᠣᠴᠢᠵᠤ ᠨᠠᠭᠠᠳᠤᠨ᠎ᠠ ᠂ ᠪᠠᠰᠠ ᠵᠢᠭᠠᠰᠤ ᠦᠵᠡᠬᠦ ᠪᠠᠷ ᠶᠠᠪᠤᠨ᠎ᠠ︾ ᠭᠡᠪᠡ᠃    ᠣᠳᠣᠬᠠᠨ ᠳᠤ᠂ ᠶᠢᠨ ᠱᠠ ᠴᠡᠩᠭᠡᠯ ᠤᠨ ᠬᠦᠷᠢᠶᠡᠯᠡᠩ ᠳᠠᠬᠢ ᠬᠠᠯᠢᠮᠤ ᠶᠢᠨ ᠡᠯᠡᠰᠦᠨ ᠲᠠᠩ ᠤᠨ ᠵᠤᠭ᠎ᠠ ᠴᠡᠩᠭᠡᠯ ᠤᠨ ᠣᠷᠣᠨ ᠤᠳᠠᠯ ᠦᠭᠡᠢ ᠪᠠᠷᠢᠯᠭ᠎ᠠ ᠳᠠᠭᠤᠰᠬᠤ ᠭᠡᠵᠦ ᠪᠠᠶᠢᠨ᠎ᠠ᠂ ᠪᠣᠶ ᠪᠦᠬᠦᠢ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠰᠧᠨ ᠹᠠ ᠪᠦᠯᠦᠭᠯᠡᠯ ᠠᠴᠠ ᠲᠠᠷᠠᠭᠠᠴᠢ ᠶᠢᠨ ᠡᠵᠡᠩᠨᠡᠯᠲᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠲᠠᠷᠢᠶᠠᠴᠢᠨ ᠠᠶᠢᠯ ᠤᠨ ᠵᠢᠭᠤᠯᠴᠢᠯᠠᠯ ᠵᠢᠭᠠᠰᠤᠴᠢᠨ ᠠᠶᠢᠯ ᠤᠨ ᠵᠢᠭᠤᠯᠴᠢᠯᠠᠯ ᠤᠨ ᠬᠤᠯᠪᠣᠭ᠎ᠠ ᠶᠢ ᠪᠠᠶᠢᠭᠤᠯᠤᠨ᠂ ᠲᠣᠰᠬᠤᠨ ᠤ ᠬᠠᠮᠲᠤ ᠬᠠᠮᠢᠶᠠᠷᠤᠯᠲᠠ ᠳᠤ ᠣᠷᠣᠯᠴᠠᠵᠤ᠂ ︽ᠠᠵᠤ ᠠᠬᠤᠶᠢᠯᠠᠯ + ᠨᠡᠶᠢᠭᠡᠮᠯᠢᠭ + ᠲᠣᠰᠬᠤᠨ ᠤ ᠬᠠᠮᠲᠤ + ᠲᠣᠰᠬᠤᠨ ᠤ ᠠᠷᠠᠳ︾ ᠳᠥᠷᠪᠡᠨ ᠲᠠᠯ᠎ᠠ ᠪᠠᠷ ᠢᠶᠠᠨ ᠬᠠᠮᠲᠤ ᠪᠠᠷ ᠠᠰᠢᠭ ᠭᠥᠷᠳᠡᠬᠦ ᠠᠰᠢᠭ ᠲᠤᠰᠠ ᠶᠢᠨ ᠲᠣᠭᠲᠠᠴᠠ ᠶᠢ ᠪᠡᠶᠡᠯᠡᠭᠦᠯᠦᠨ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠪᠠᠷ ᠳᠠᠮᠵᠢᠭᠤᠯᠤᠨ ᠥᠪᠡᠷᠮᠢᠴᠡ ᠣᠨᠴᠠᠯᠢᠭ ᠲᠠᠢ ᠬᠤᠲᠠ ᠶᠢᠨ ᠲᠡᠭᠦᠷᠭᠡ ᠶᠢᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠵᠢᠭᠤᠯᠴᠢᠯᠠᠯ ᠤᠨ ᠦᠢᠯᠡᠰ ᠤᠨ ᠡᠭᠦᠳᠡᠨ ᠪᠢᠯᠧᠲ ᠤᠨ ᠠᠵᠤ ᠠᠬᠤᠢ ᠶᠢ ᠠᠵᠤ ᠦᠢᠯᠡᠰ ᠤᠨ ᠠᠵᠤ ᠠᠬᠤᠢ ᠳᠠᠰᠢ ᠬᠤᠪᠢᠷᠠᠭᠤᠯᠬᠤ ᠶᠢ ᠠᠬᠢᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号