ᠵᠠᠩ ᠱᠤᠸᠠᠩ ᠴᠧᠩ ᠱᠦᠵᠢ ᠰᠤᠷᠭᠠᠨ ᠬᠥᠮᠦᠵᠢᠯ ᠤᠨ ᠰᠢᠰᠲ᠋ᠧᠮ ᠳᠤ ᠬᠦᠷᠴᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/5/4
   2023 ᠣᠨ ᠤ 4 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠨᠢᠭᠡᠳᠦᠭᠡᠷ ᠳᠤᠮᠳᠠᠳᠤ ᠰᠤᠷᠭᠠᠭᠤᠯᠢ᠂ ᠲᠤᠷᠰᠢᠯᠲᠠ ᠶᠢᠨ ᠪᠠᠭ᠎ᠠ ᠰᠤᠷᠭᠠᠭᠤᠯᠢ᠂ ᠪᠧᠢ ᠰᠢᠶᠠᠩ ᠪᠠᠭ᠎ᠠ ᠰᠤᠷᠭᠠᠭᠤᠯᠢ ᠳᠤ ᠬᠦᠷᠴᠦ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠵᠧᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠶᠢᠩ ᠴᠢᠶᠦ᠋ᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠪᠦᠦ ᠬᠤᠩ ᠶᠢᠩ᠂ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠯᠢᠦ ᠲᠦᠩ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠱᠢ ᠰᠢᠶᠣᠣ ᠢᠦᠢ᠂ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠰᠢᠦᠢ ᠯᠧᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃    ᠬᠦᠷᠦᠭᠰᠡᠨ ᠭᠠᠵᠠᠷ ᠪᠣᠯᠭᠠᠨ ᠳᠤ᠂ ᠵᠠᠩ ᠱᠤᠸᠠᠩ ᠴᠧᠩ ᠤᠨ ᠱᠦᠵᠢ ᠡᠯ᠎ᠡ ᠰᠤᠷᠭᠠᠭᠤᠯᠢ ᠶᠢᠨ ᠰᠤᠷᠭᠠᠭᠤᠯᠢ ᠡᠷᠬᠢᠯᠡᠭᠰᠡᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠨᠠᠷᠢᠨ ᠨᠢᠮᠪᠠᠢ ᠯᠠᠪᠯᠠᠨ ᠠᠰᠠᠭᠤᠬᠤ ᠶᠢᠨ ᠬᠠᠮᠲᠤ ᠰᠤᠷᠭᠠᠭᠤᠯᠢ ᠶᠢᠨ ᠬᠠᠷᠢᠭᠤᠴᠠᠯᠭᠠᠲᠠᠨ ᠤ ᠰᠤᠷᠭᠠᠭᠤᠯᠢ ᠶᠢᠨ ᠬᠦᠷᠢᠶᠡᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠤᠷᠭᠠᠭᠤᠯᠢ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠠᠯᠢ ᠣᠯᠠᠨ ᠠᠵᠢᠯ ᠤᠨ ᠱᠠᠭᠠᠷᠳᠠᠯᠭ᠎ᠠ ᠳᠤᠷᠠᠳᠴᠠᠢ᠃    ᠵᠠᠩ ᠱᠤᠸᠠᠩ ᠴᠧᠩ ᠱᠦᠵᠢ ᠡᠯ᠎ᠡ ᠰᠤᠷᠭᠠᠭᠤᠯᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠳᠤᠮᠳᠠᠬᠢ ᠰᠠᠶᠢᠨ ᠠᠷᠭ᠎ᠠ ᠬᠢᠳᠡᠯ ᠢ ᠭᠦᠢᠴᠡᠳ ᠨᠤᠲᠠᠯᠠᠵᠤ᠂ ᠡᠭᠦᠨ ᠤ ᠬᠠᠮᠲᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠵᠢᠭᠠᠨ ᠰᠤᠷᠭᠠᠯᠲᠠ ᠪᠠᠷ ᠬᠥᠮᠥᠨ ᠢ ᠬᠥᠮᠥᠵᠢᠭᠦᠯᠬᠦ ᠪᠦᠬᠦ ᠶᠠᠪᠤᠴᠠ ᠳᠤ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠵᠢᠭᠠᠬᠤ ᠮᠠᠲ᠋ᠧᠷᠢᠶᠠᠯ ᠳᠤ ᠣᠷᠣᠭᠤᠯᠵᠤ᠂ ᠬᠢᠴᠢᠶᠡᠯ ᠤᠨ ᠲᠠᠩᠬᠢᠮ ᠳᠤ ᠣᠷᠣᠭᠤᠯᠵᠤ᠂ ᠲᠠᠷᠢᠬᠢ ᠲᠣᠯᠣᠭᠠᠢ ᠳᠤ ᠣᠷᠣᠭᠤᠯᠵᠤ᠂ ᠬᠡᠯᠪᠡᠷᠢ ᠳᠦᠷᠰᠦ ᠲᠠᠢ ᠪᠥᠭᠡᠳ ᠦᠷ᠎ᠡ ᠪᠦᠲᠦᠮᠵᠢᠲᠡᠢ ᠪᠠᠶᠢᠯᠭᠠᠬᠤ ᠶᠢ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠰᠤᠷᠭᠠᠭᠤᠯᠢ ᠶᠢᠨ ᠬᠦᠷᠢᠶᠡᠨ ᠳᠤ ᠳᠦᠭᠦᠷᠡᠩ ᠳᠡᠯᠭᠡᠷᠡᠭᠦᠯᠬᠦ ᠬᠡᠷᠡᠭᠲᠡᠢ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号