2023 ᠣᠨ ᠤ 1-3 ᠰᠠᠷ᠎ᠠ ᠳᠤ ᠲᠦᠴᠢᠦᠸᠠᠨ ᠰᠢᠶᠠᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2023/5/4
   ᠬᠤᠰᠢᠭᠤ ᠰᠢᠶᠠᠨ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠤ 1 ︱ 3 ᠳ᠋ᠤᠭᠠᠷ ᠰᠠᠷ᠎ᠠ ᠳᠤ ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 19.8 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 8.4% ᠨᠡᠮᠡᠭᠳᠡᠪᠡ᠃ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠬᠤᠶᠠᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 7.1%︶᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 11.2% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 9.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.0% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 7.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 5.4% ᠨᠡᠮᠡᠭᠳᠡᠪᠡ᠃    2023 ᠣᠨ ᠤ 1 ︱ 3 ᠳ᠋ᠤᠭᠠᠷ ᠰᠠᠷ᠎ᠠ ᠳᠤ ᠲᠦᠴᠢᠦᠸᠠᠨ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠭᠤᠷᠪᠠᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 17.7%︶᠃     2023 ᠣᠨ ᠤ 1 ︱ 3 ᠳ᠋ᠤᠭᠠᠷ ᠰᠠᠷ᠎ᠠ ᠳᠤ ᠲᠦᠴᠢᠦᠸᠠᠨ ᠰᠢᠶᠠᠨ ᠤ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠪᠡᠶᠡᠯᠡᠭᠦᠯᠦᠭᠰᠡᠨ ᠲᠤᠭ᠎ᠠ ᠠᠳᠠᠯᠢ ᠬᠤᠭᠤᠴᠠᠭᠠᠨ ᠤ ᠬᠢ ᠠᠴᠠ 61.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠭᠤᠷᠪᠠᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ ᠨᠢ 48.9%︶᠃     2023 ᠣᠨ ᠤ 1 ︱ 3 ᠳ᠋ᠤᠭᠠᠷ ᠰᠠᠷ᠎ᠠ ᠳᠤ ᠲᠦᠴᠢᠦᠸᠠᠨ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 40654 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠲᠠᠪᠤᠳᠤᠭᠠᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 4.7%︶᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号