ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ ᠤ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠲᠤᠰᠡᠯᠡᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠲᠦᠴᠢᠦᠸᠠᠨ ᠰᠢᠶᠠᠨ ᠳᠤ ᠭᠠᠵᠠᠷ ᠰᠢᠷᠣᠢ ᠲᠠᠲᠠᠪᠤᠷᠢᠯᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/5/9
ᠲᠦᠴᠢᠤᠸᠠᠨ ᠵᠠᠰᠠᠭ ᠲᠠᠷᠬᠠᠭᠠᠭᠰᠠᠨ〔2023〕30 ᠳ᠋ᠤᠭᠠᠷ ᠲᠣᠭᠠᠲᠤ       ᠭᠠᠷ ᠤᠨ ᠦᠰᠦᠭ ᠵᠢᠷᠤᠵᠤ ᠶᠠᠪᠤᠭᠤᠯᠤᠭᠴᠢ᠄ ᠸᠠᠩ ᠶᠦᠩ ᠵᠢᠶᠠ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ ᠤ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠲᠤᠰᠡᠯᠡᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠲᠦᠴᠢᠦᠸᠠᠨ ᠰᠢᠶᠠᠨ ᠳᠤ ᠭᠠᠵᠠᠷ ᠰᠢᠷᠣᠢ ᠲᠠᠲᠠᠪᠤᠷᠢᠯᠠᠬᠤ ᠲᠤᠬᠠᠢ ᠠᠯᠪᠠᠨ ᠵᠠᠷ ᠲᠦᠴᠢᠦᠸᠠᠨ ᠪᠠᠯᠭᠠᠰᠤ᠂ ᠲᠠᠢ ᠫᠢᠩ ᠰᠢᠶᠠᠩ ᠳᠤ᠄    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ︽ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠲᠠᠲᠠᠪᠤᠷᠢᠯᠠᠭᠰᠠᠨ ᠭᠠᠵᠠᠷ ᠰᠢᠷᠣᠢ ᠶᠢᠨ ᠲᠥᠯᠥᠪᠦᠷᠢ ᠪᠠ ᠨᠡᠭᠦᠳᠡᠯᠴᠢᠨ ᠠᠷᠠᠳ ᠢ ᠲᠥᠪᠬᠢᠨᠡᠭᠦᠯᠬᠦ ᠳᠦᠷᠢᠮ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 471 ᠳ᠋ᠦ᠋ᠭᠡᠷ᠂ 679 ᠳ᠋ᠦᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠲᠤᠰᠡᠯᠡᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠬᠥᠮᠥᠨ ᠠᠮᠠ ᠶᠢ ᠨᠡᠭᠦᠯᠭᠡᠬᠦ ᠶᠢ ᠴᠠᠭᠠᠵᠠᠯᠠᠬᠤ ᠲᠤᠬᠠᠢ ᠵᠠᠷᠯᠠᠯ︾ ︵ᠥᠪᠥᠷ ᠵᠠᠰᠠᠭ ᠥᠰᠥᠭ ﹇2020﹈ 13 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠲᠤᠰᠡᠯᠡᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠶᠢᠨ ᠲᠤᠬᠠᠢ ᠴᠣᠬᠤᠯᠠᠪᠤᠷᠢ︾ ︵ᠥᠪᠥᠷ ᠤᠰᠤ ᠪᠦᠲᠦᠭᠡᠨ ᠪᠠᠶᠢᠭᠤᠯᠤᠯᠲᠠ ﹇2022﹈ 133 ᠳ᠋ᠤᠭᠠᠷ ᠲᠣᠭᠠᠲᠤ︶ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠰᠢᠶᠠᠨ ᠤ ᠵᠠᠰᠠᠭ ᠤᠨ ᠣᠷᠳᠣᠨ ᠠᠴᠠ ᠰᠤᠳᠤᠯᠤᠭᠠᠳ ᠲᠦᠴᠢᠦᠸᠠᠨ ᠪᠠᠯᠭᠠᠰᠤ᠂ ᠲᠠᠢ ᠫᠢᠩ ᠰᠢᠶᠠᠩ ᠤᠨ ᠬᠡᠰᠡᠭ ᠭᠠᠵᠠᠷ ᠰᠢᠷᠣᠢ ᠶᠢ ᠲᠠᠲᠠᠪᠤᠷᠢᠯᠠᠨ ᠠᠪᠴᠤ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠲᠤᠰᠡᠯᠡᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠲᠦᠴᠢᠦᠸᠠᠨ ᠰᠢᠶᠠᠨ ᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠬᠡᠷᠡᠭᠯᠡᠬᠦ ᠭᠠᠵᠠᠷ ᠲᠤ ᠬᠡᠷᠡᠭᠯᠡᠬᠦ ᠪᠠᠷ ᠲᠣᠭᠲᠠᠭᠠᠪᠠ᠂ ᠪᠣᠳᠠᠲᠠᠢ ᠤᠴᠢᠷ ᠶᠠᠪᠤᠳᠠᠯ ᠢ ᠤᠳᠤ ᠳᠣᠣᠷᠠᠬᠢ ᠮᠡᠲᠦ ᠵᠠᠷᠯᠠᠶ᠎ᠠ᠄ ᠨᠢᠭᠡ᠂ ᠲᠠᠲᠠᠪᠤᠷᠢᠯᠠᠬᠤ ᠬᠡᠪᠴᠢᠶ᠎ᠡ   ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠲᠤᠰᠡᠯᠡᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠵᠢᠴᠢ ᠲᠡᠭᠦᠨ ᠤ ᠬᠤᠯᠪᠣᠭᠳᠠᠯ ᠪᠦᠬᠦᠢ ᠳᠠᠭᠠᠯᠲᠠ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠲᠦᠴᠢᠦᠸᠠᠨ ᠪᠠᠯᠭᠠᠰᠤ ᠶᠢᠨ ᠰᠢᠨ ᠱᠧᠩ ᠲᠣᠰᠬᠤᠨ᠂ ᠨᠠᠨ ᠰᠢᠶᠠᠩ ᠲᠣᠰᠬᠤᠨ᠂ ᠰᠢᠨ ᠴᠧᠩ ᠲᠣᠰᠬᠤᠨ᠂ ᠴᠠᠩ ᠴᠢᠩ ᠲᠣᠰᠬᠤᠨ᠂ ᠴᠢᠶᠠᠨ ᠶᠢᠨ ᠲᠣᠰᠬᠤᠨ᠂ ᠲᠠᠢ ᠫᠢᠩ ᠰᠢᠶᠠᠩ ᠤᠨ ᠲᠠᠯᠠᠨ ᠬᠠᠷ᠎ᠠ ᠠᠭᠤᠯᠠ ᠲᠣᠰᠬᠤᠨ᠂ ᠰᠢᠨ ᠯᠦᠩ ᠲᠣᠰᠬᠤᠨ ᠤ ᠬᠡᠰᠡᠭ ᠭᠠᠵᠠᠷ ᠰᠢᠷᠣᠢ ᠶᠢ ᠡᠵᠡᠯᠡᠨ ᠬᠡᠷᠡᠭᠯᠡᠨ᠎ᠡ᠃ ᠬᠤᠶᠠᠷ᠂ ᠭᠠᠵᠠᠷ ᠰᠢᠷᠣᠢ ᠶᠢᠨ ᠬᠡᠷᠡᠭᠯᠡᠯᠲᠡ    ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠲᠤᠰᠡᠯᠡᠬᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠵᠢᠴᠢ ᠬᠠᠮᠢᠶ᠎ᠠ ᠪᠦᠬᠦᠢ ᠳᠠᠭᠠᠯᠲᠠ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠲᠤ ᠬᠡᠷᠡᠭᠯᠡᠨ᠎ᠡ᠃ ᠭᠤᠷᠪᠠ᠂ ᠨᠥᠬᠦᠪᠦᠷᠢᠯᠡᠬᠦ ᠠᠷᠭ᠎ᠠ ᠮᠠᠶ᠋ᠢᠭ ᠵᠢᠴᠢ ᠪᠠᠷᠢᠮᠵᠢᠶ᠎ᠠ   ︵ᠨᠢᠭᠡ︶ ᠭᠠᠵᠠᠷ ᠰᠢᠷᠣᠢ ᠶᠢ ᠡᠭᠦᠷᠢᠳᠡ ᠶᠢᠨ ᠴᠢᠨᠠᠷᠲᠠᠢ ᠪᠠᠷ ᠲᠠᠲᠠᠪᠤᠷᠢᠯᠠᠬᠤ ᠲᠥᠯᠥᠪᠦᠷᠢ ᠶᠢᠨ ᠪᠠᠷᠢᠮᠵᠢᠶ᠎ᠠ  ᠭᠠᠵᠠᠷ ᠰᠢᠷᠣᠢ ᠶᠢ ᠲᠠᠲᠠᠪᠤᠷᠢᠯᠠᠬᠤ ᠠᠵᠢᠯ ᠤᠨ ᠲᠥᠰᠥᠯ ᠢ ᠦᠨᠳᠦᠰᠦᠯᠡᠪᠡᠯ᠂ ᠭᠠᠵᠠᠷ ᠰᠢᠷᠣᠢ ᠶᠢᠨ ᠲᠥᠯᠥᠪᠦᠷᠢ ᠶᠢᠨ ᠰᠦᠢᠳᠬᠡᠯ᠂ ᠲᠥᠪᠬᠢᠨᠡᠭᠦᠯᠬᠦ ᠨᠥᠬᠦᠪᠦᠷᠢ ᠶᠢᠨ ᠰᠦᠢᠳᠬᠡᠯ ᠵᠢᠴᠢ ᠭᠠᠵᠠᠷ ᠳᠡᠭᠡᠷᠡᠬᠢ ᠳᠠᠭᠠᠯᠲᠠ ᠪᠣᠳᠠᠰ ᠤᠨ ᠲᠥᠯᠥᠪᠦᠷᠢ ᠶᠢᠨ ᠰᠦᠢᠳᠬᠡᠯ ᠢ ᠵᠣᠭᠤᠰ ᠢᠶᠠᠷ ᠨᠥᠬᠦᠪᠦᠷᠢᠯᠡᠬᠦ ᠠᠷᠭ᠎ᠠ ᠮᠠᠶ᠋ᠢᠭ ᠢᠶᠠᠷ ᠲᠠᠲᠠᠪᠤᠷᠢᠯᠠᠭᠳᠠᠭᠰᠠᠨ ᠬᠥᠮᠥᠨ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠥᠭᠭᠦᠨ᠎ᠡ᠃ ︽ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠲᠠᠲᠠᠪᠤᠷᠢᠯᠠᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 16 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂ ᠨᠥᠬᠦᠪᠦᠷᠢᠯᠡᠬᠦ ᠪᠠᠷᠢᠮᠵᠢᠶ᠎ᠠ ᠨᠢ ᠳᠣᠣᠷᠠᠬᠢ ᠮᠡᠲᠦ᠄ 1. ᠲᠦᠴᠢᠦᠸᠠᠨ ᠪᠠᠯᠭᠠᠰᠤ    ᠲᠠᠷᠢᠶᠠᠨ ᠭᠠᠵᠠᠷ᠄ 25471 ᠲᠥᠭᠦᠷᠢᠭ \ ᠮᠦ ︵ᠬᠤᠲᠠᠨ ᠳᠠᠬᠢ ᠲᠣᠰᠬᠤᠨ ᠤ ᠬᠥᠮᠥᠨ ᠠᠮᠠ ᠶᠢᠨ ᠭᠠᠵᠠᠷ ᠰᠢᠷᠣᠢ ᠳᠤ ᠭᠠᠵᠠᠷ ᠰᠢᠷᠣᠢ ᠪᠠᠨ ᠠᠯᠳᠠᠭᠰᠠᠨ ᠲᠠᠷᠢᠶᠠᠴᠢᠳ ᠤᠨ ᠨᠡᠶᠢᠭᠡᠮ ᠤᠨ ᠪᠠᠲᠤᠯᠠᠭ᠎ᠠ ᠶᠢ ᠠᠰ ᠲᠤᠨᠢ 18000 ᠲᠥᠭᠦᠷᠢᠭ ᠥᠭᠭᠦᠨ᠎ᠡ︶︔ ᠲᠤᠷᠤᠭ ᠮᠣᠳᠣᠨ ᠤ ᠣᠶᠢᠲᠤ ᠭᠠᠵᠠᠷ᠄ 25471 ᠲᠥᠭᠦᠷᠢᠭ\ ᠮᠦ︔ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠭᠰᠡᠨ ᠭᠠᠵᠠᠷ᠄ 22924 ᠲᠥᠭᠦᠷᠢᠭ \ ᠮᠦ︔ ᠣᠶ ᠰᠢᠭᠤᠢ ᠠᠮᠤ ᠪᠤᠳᠠᠭ᠎ᠠ ᠶᠢ ᠠᠯᠠᠭᠯᠠᠨ ᠳᠠᠷᠢᠬᠤ ᠭᠠᠵᠠᠷ᠄ 17830 ᠲᠥᠭᠦᠷᠢᠭ \ ᠮᠦ︔ ᠪᠣᠳᠠ ᠮᠣᠳᠣᠨ ᠤ ᠣᠶᠢᠲᠤ ᠭᠠᠵᠠᠷ᠄ 15283 ᠲᠥᠭᠦᠷᠢᠭ \ ᠮᠦ︔ ᠡᠪᠡᠰᠦᠲᠦ ᠭᠠᠵᠠᠷ᠄ 7641 ᠲᠥᠭᠦᠷᠢᠭ \ ᠮᠦ᠃ ᠲᠠᠶᠢᠯᠪᠤᠷᠢ᠄ ᠰᠢᠭᠤᠶᠢᠲᠤ ᠭᠠᠵᠠᠷ ᠤᠨ ᠨᠥᠬᠦᠪᠦᠷᠢ ᠳᠠᠬᠢ ᠤᠢ ᠮᠣᠳᠣ ᠶᠢ ᠪᠠᠭᠲᠠᠭᠠᠭᠰᠠᠨ ᠲᠥᠯᠥᠪᠦᠷᠢ ᠶᠢᠨ ᠵᠣᠭᠤᠰ᠃ 2. ᠲᠠᠢ ᠫᠢᠩ ᠰᠢᠶᠠᠩ    ᠲᠠᠷᠢᠶᠠᠨ ᠭᠠᠵᠠᠷ᠄ 22936 ᠲᠥᠭᠦᠷᠢᠭ \ ᠮᠦ︔ ᠲᠤᠷᠤᠭ ᠮᠣᠳᠣᠨ ᠤ ᠣᠶᠢᠲᠤ ᠭᠠᠵᠠᠷ᠄ 22936 ᠲᠥᠭᠦᠷᠢᠭ \ ᠮᠦ︔ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠭᠰᠡᠨ ᠭᠠᠵᠠᠷ᠄ 20642 ᠲᠥᠭᠦᠷᠢᠭ \ ᠮᠦ︔ ᠣᠶ ᠰᠢᠭᠤᠢ ᠠᠮᠤ ᠪᠤᠳᠠᠭ᠎ᠠ ᠶᠢ ᠠᠯᠠᠭᠯᠠᠨ ᠳᠠᠷᠢᠬᠤ ᠭᠠᠵᠠᠷ᠄ 16055 ᠲᠥᠭᠦᠷᠢᠭ \ ᠮᠦ︔ ᠪᠣᠳᠠ ᠮᠣᠳᠣᠨ ᠤ ᠣᠶᠢᠲᠤ ᠭᠠᠵᠠᠷ᠄ 13762 ᠲᠥᠭᠦᠷᠢᠭ \ ᠮᠦ︔ ᠡᠪᠡᠰᠦᠲᠦ ᠭᠠᠵᠠᠷ᠄ 6881 ᠲᠥᠭᠦᠷᠢᠭ \ ᠮᠦ᠃ ᠲᠠᠶᠢᠯᠪᠤᠷᠢ᠄ ᠰᠢᠭᠤᠶᠢᠲᠤ ᠭᠠᠵᠠᠷ ᠤᠨ ᠨᠥᠬᠦᠪᠦᠷᠢ ᠳᠠᠬᠢ ᠤᠢ ᠮᠣᠳᠣ ᠶᠢ ᠪᠠᠭᠲᠠᠭᠠᠭᠰᠠᠨ ᠲᠥᠯᠥᠪᠦᠷᠢ ᠶᠢᠨ ᠵᠣᠭᠤᠰ᠃ ︵ᠬᠤᠶᠠᠷ︶ ᠭᠠᠵᠠᠷ ᠰᠢᠷᠣᠢ ᠶᠢ ᠲᠦᠷ ᠬᠡᠷᠡᠭᠯᠡᠬᠦ ᠨᠥᠬᠦᠪᠦᠷᠢ ᠶᠢᠨ ᠪᠠᠷᠢᠮᠵᠢᠶ᠎ᠠ 1. ᠲᠠᠷᠢᠶᠠᠨ ᠭᠠᠵᠠᠷ᠄ ᠲᠠᠷᠢᠶᠠᠨ ᠴᠢᠬᠢ ᠶᠢᠨ ᠨᠥᠬᠦᠪᠦᠷᠢ 1500 ᠲᠥᠭᠦᠷᠢᠭ \ ᠮᠦ \ ᠵᠢᠯ ︵ᠳᠣᠣᠷᠠᠬᠢ ᠵᠢᠯ ᠳᠤ ᠦᠷᠭᠦᠯᠵᠢᠯᠡᠨ ᠬᠡᠷᠡᠭᠯᠡᠪᠡᠯ ᠠᠰ ᠲᠤᠨᠢ ᠬᠥᠬᠡ ᠴᠢᠬᠢ ᠶᠢᠨ ᠨᠥᠬᠦᠪᠦᠷᠢ ᠥᠭᠭᠦᠨ᠎ᠡ︶᠂   ᠲᠠᠷᠢᠶᠠᠨ ᠴᠢᠬᠢ ᠵᠢᠴᠢ ᠬᠢᠮᠡᠯ ᠬᠢᠮᠢ ᠶᠢᠨ ᠪᠣᠷᠳᠣᠭᠤᠷ 1000 ᠲᠥᠭᠦᠷᠢᠭ \ ᠮᠦ \ ᠵᠢᠯ ᠪᠠᠭᠲᠠᠬᠤ ᠦᠭᠡᠢ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠵᠦ ᠬᠡᠷᠡᠭᠯᠡᠭᠦᠯᠦᠭᠰᠡᠨ ᠲᠦᠷ ᠬᠡᠷᠡᠭᠯᠡᠬᠦ ᠭᠠᠵᠠᠷ ᠨᠢ ᠰᠡᠷᠭᠦᠭᠡᠨ ᠬᠠᠭᠠᠯᠪᠤᠷᠢᠯᠠᠬᠤ ᠳᠤ ᠬᠤᠯᠪᠣᠭᠳᠠᠪᠠᠯ᠂ ᠭᠠᠵᠠᠷ ᠬᠡᠷᠡᠭᠯᠡᠬᠦ ᠨᠢᠭᠡᠴᠡ ᠠᠴᠠ ᠰᠡᠷᠭᠦᠭᠡᠨ ᠬᠠᠭᠠᠯᠪᠤᠷᠢᠯᠠᠬᠤ ᠬᠡᠯᠡᠯᠴᠡᠭᠡᠷ ᠲᠣᠭᠲᠠᠬᠤ ᠶᠢᠨ ᠬᠠᠮᠲᠤ ᠬᠠᠮᠢᠶ᠎ᠠ ᠪᠦᠬᠦᠢ ᠰᠦᠢᠳᠬᠡᠯ ᠲᠤᠰᠢᠶᠠᠵᠤ᠂ ᠰᠢᠶᠠᠨ ᠤ ᠵᠠᠰᠠᠭ ᠤᠨ ᠣᠷᠳᠣᠨ   ᠠᠴᠠ ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ᠵᠢᠴᠢ ᠰᠢᠯᠭᠠᠨ ᠠᠪᠬᠤ ᠠᠵᠢᠯ ᠢ ᠬᠠᠷᠢᠭᠤᠴᠠᠨ ᠶᠠᠪᠤᠭᠳᠠᠭᠤᠯᠤᠨ᠎ᠠ᠃ 2. ᠣᠶᠢᠲᠤ ᠭᠠᠵᠠᠷ᠄ ᠲᠤᠷᠤᠭ ᠮᠣᠳᠣᠨ ᠤ ᠣᠶᠢᠲᠤ ᠭᠠᠵᠠᠷ 1500 ᠲᠥᠭᠦᠷᠢᠭ \ᠮᠦ \ ᠵᠢᠯ ᠳᠤ ︵ᠲᠤᠷᠤᠭ ᠮᠣᠳᠣᠨ ᠤ ᠣᠶ ᠮᠣᠳᠣᠨ ᠤ ᠨᠥᠬᠦᠪᠦᠷᠢ᠄ ᠲᠠᠪᠤᠨ ᠵᠢᠯ ᠠᠴᠠ ᠳᠡᠭᠡᠭᠰᠢᠬᠢ ᠰᠡᠶᠢᠷᠡᠭ ᠣᠶ ᠶᠢ 50 ᠲᠥᠭᠦᠷᠢᠭ/ ᠰᠠᠭᠤᠷᠢ︶ ᠪᠠᠷ ᠪᠤᠳᠤᠨ᠎ᠠ︔ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠭᠰᠡᠨ ᠭᠠᠵᠠᠷ 1350 ᠲᠥᠭᠦᠷᠢᠭ \ ᠮᠦ\ ᠵᠢᠯ ︵ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠭᠰᠡᠨ ᠣᠶ ᠮᠣᠳᠣᠨ ᠤ ᠨᠥᠬᠦᠪᠦᠷᠢ ᠶᠢ ᠲᠤᠷᠤᠭ ᠮᠣᠳᠣᠨ ᠤ ᠪᠣᠳᠠ ᠮᠣᠳᠣᠨ ᠤ ᠨᠥᠬᠦᠪᠦᠷᠢ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ︶︔ ᠣᠶ ᠰᠢᠭᠤᠢ ᠠᠮᠤ ᠪᠤᠳᠠᠭᠠᠨ ᠤ ᠠᠯᠠᠭᠯᠠᠨ ᠳᠠᠷᠢᠬᠤ ᠭᠠᠵᠠᠷ ᠨᠢ 1050 ᠲᠥᠭᠦᠷᠢᠭ\ ᠮᠦ \ ᠵᠢᠯ ︵ᠣᠶ ᠰᠢᠭᠤᠢ ᠠᠮᠤ ᠪᠤᠳᠠᠭᠠᠨ ᠤ ᠠᠯᠠᠭᠯᠠᠨ ᠳᠠᠷᠢᠬᠤ ᠭᠠᠵᠠᠷ ᠤᠨ ᠣᠶ ᠮᠣᠳᠣᠨ ᠤ ᠨᠥᠬᠦᠪᠦᠷᠢ ᠶᠢ ᠲᠤᠷᠤᠭ ᠮᠣᠳᠣ ᠪᠣᠳᠠ ᠮᠣᠳᠣᠨ ᠤ ᠣᠶ ᠮᠣᠳᠣᠨ ᠤ ᠨᠥᠬᠦᠪᠦᠷᠢ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠂ ᠰᠡᠷᠭᠦᠭᠡᠨ ᠬᠠᠭᠠᠯᠪᠤᠷᠢᠯᠠᠬᠤ ᠳᠤ ᠬᠤᠯᠪᠣᠭᠳᠠᠭᠰᠠᠨ ᠪᠠᠶᠢᠪᠠᠯ᠂ ᠲᠠᠷᠢᠶᠠᠨ ᠭᠠᠵᠠᠷ ᠤᠨ ᠳᠠᠬᠢᠨ ᠬᠠᠭᠠᠯᠪᠤᠷᠢᠯᠠᠬᠤ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ︶︔ ᠪᠤᠲᠠ ᠮᠣᠳᠣᠨ ᠤ ᠣᠶᠢᠲᠤ ᠭᠠᠵᠠᠷ ᠤᠨ ᠵᠢᠯ ᠳᠤ 900 ᠲᠥᠭᠦᠷᠢᠭ ︵ᠪᠤᠲᠠ ᠮᠣᠳᠣᠨ ᠤ ᠣᠶᠢᠲᠤ ᠭᠠᠵᠠᠷ ᠤᠨ ᠣᠶ ᠮᠣᠳᠣᠨ ᠤ ᠨᠥᠬᠦᠪᠦᠷᠢ ᠶᠢ ᠪᠤᠲᠠ ᠮᠣᠳᠣᠨ ᠤ ᠣᠶ ᠮᠣᠳᠣᠨ ᠤ ᠨᠥᠬᠦᠪᠦᠷᠢ ᠶᠢᠨ ᠪᠠᠷᠢᠮᠵᠢᠶ᠎ᠠ ᠪᠠᠷ ᠬᠡᠷᠡᠭᠵᠢᠭᠦᠯᠦᠨ᠎ᠡ︶︔ ᠲᠤᠷᠤᠭ ᠮᠣᠳᠣᠨ ᠤ ᠬᠠᠪᠲᠠᠭᠠᠢ ᠣᠶ ᠪᠤᠶᠤ ᠣᠨᠴᠠ ᠲᠥᠷᠥᠯ ᠤᠨ ᠠᠵᠤ ᠠᠬᠤᠢ ᠶᠢᠨ ᠣᠶ ᠶᠢ ᠬᠢᠷᠢ ᠴᠢᠳᠠᠮᠵᠢ ᠲᠠᠢ ᠦᠨᠡᠯᠡᠨ ᠵᠢᠱᠢᠬᠦ ᠪᠠᠶᠢᠭᠤᠯᠤᠮᠵᠢ ᠶᠢᠨ ᠦᠨᠡᠯᠡᠨ ᠵᠢᠱᠢᠭᠰᠡᠨ ᠦᠷ᠎ᠡ ᠳ᠋ᠦᠩ ᠢᠶᠠᠷ ᠨᠥᠬᠦᠪᠦᠷᠢᠯᠡᠬᠦ ᠬᠡᠷᠡᠭᠲᠡᠢ᠃ 3. ᠡᠪᠡᠰᠦᠲᠦ ᠭᠠᠵᠠᠷ᠄ 450 ᠲᠥᠭᠦᠷᠢᠭ\ ᠮᠦ \ ᠵᠢᠯ᠃ ᠳᠥᠷᠪᠡ᠂ ᠲᠥᠪᠬᠢᠨᠡᠭᠦᠯᠬᠦ ᠠᠷᠭ᠎ᠠ ᠮᠠᠶ᠋ᠢᠭ    ᠲᠠᠲᠠᠪᠤᠷᠢᠯᠠᠭᠰᠠᠨ ᠭᠠᠵᠠᠷ ᠰᠢᠷᠣᠢ ᠶᠢᠨ ᠰᠢᠨᠵᠢ ᠴᠢᠨᠠᠷ ᠨᠢ ᠭᠠᠴᠠᠭᠠᠨ ᠤ ᠬᠠᠮᠲᠤ ᠶᠢᠨ ᠭᠠᠵᠠᠷ ᠰᠢᠷᠣᠢ ᠪᠣᠯᠣᠨ᠎ᠠ᠂ ᠲᠡᠷᠡ ᠨᠢ ᠭᠠᠴᠠᠭᠠᠨ ᠤ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠨ᠎ᠠ᠂ ᠲᠠᠷᠢᠶᠠᠯᠠᠩ ᠤᠨ ᠬᠥᠮᠥᠨ ᠠᠮᠠ ᠪᠠ ᠬᠥᠳᠡᠯᠮᠦᠷᠢ ᠶᠢᠨ ᠬᠦᠴᠦᠨ ᠢ ᠲᠥᠪᠬᠢᠨᠡᠭᠦᠯᠬᠦ ᠴᠢᠬᠤᠯᠠ ᠦᠭᠡᠢ᠃ ᠲᠠᠪᠤ᠂ ᠨᠡᠶᠢᠭᠡᠮ ᠤᠨ ᠪᠠᠲᠤᠯᠠᠭ᠎ᠠ   ︽ᠬᠢᠩᠭᠠᠨ ᠠᠶᠢᠮᠠᠭ ᠤᠨ ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠮᠠᠯᠴᠢᠨ ᠲᠠᠷᠢᠶᠠᠴᠢᠨ ᠢ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠭᠤᠯᠬᠤ ᠶᠢ ᠨᠢᠭᠡᠳᠦᠯᠲᠡᠢ ᠲᠥᠯᠥᠪᠯᠡᠬᠦ ᠶᠢ ᠳᠠᠷᠤᠮᠠᠯᠯᠠᠨ ᠶᠠᠪᠤᠭᠤᠯᠬᠤ ᠲᠤᠬᠠᠢ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠵᠠᠰᠠᠭ ᠵᠠᠬᠢᠷᠭ᠎ᠠ ᠠᠯᠪᠠᠨ ᠲᠠᠷᠬᠠᠭᠠᠭᠰᠠᠨ ﹇2016﹈ 4 ᠳ᠋ᠦᠭᠡᠷ ᠲᠣᠭᠠᠲᠤ︶ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠵᠢᠷᠭᠤᠭ᠎ᠠ᠂ ᠬᠠᠮᠢᠶ᠎ᠠ ᠪᠦᠬᠦᠢ ᠱᠠᠭᠠᠷᠳᠠᠯᠭ᠎ᠠ    ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠬᠡᠪᠴᠢᠶᠡᠨ ᠳᠣᠲᠣᠷᠠᠬᠢ ᠥᠷᠭᠡᠳᠬᠡᠨ ᠪᠠᠶᠢᠭᠤᠯᠬᠤ᠂ ᠵᠠᠪᠳᠤᠨ ᠡᠵᠡᠯᠡᠬᠦ᠂ ᠵᠠᠪᠳᠤᠨ ᠲᠠᠷᠢᠬᠤ᠂ ᠵᠠᠪᠳᠤᠨ ᠵᠠᠶᠢᠯᠠᠬᠤ ᠳᠤ ᠬᠤᠯᠪᠣᠭᠳᠠᠭᠰᠠᠨ ᠪᠠᠶᠢᠪᠠᠯ ᠲᠥᠯᠥᠪᠦᠷᠢ ᠥᠭᠬᠦ ᠦᠭᠡᠢ᠂ ᠬᠤᠯᠪᠣᠭᠳᠠᠭᠰᠠᠨ ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠬᠥᠮᠥᠨ ᠨᠢ ᠭᠠᠵᠠᠷ ᠰᠢᠷᠣᠢ ᠶᠢ ᠲᠠᠲᠠᠪᠤᠷᠢᠯᠠᠬᠤ ᠠᠵᠢᠯ ᠢ ᠢᠳᠡᠪᠬᠢᠲᠡᠢ ᠳᠡᠮᠵᠢᠬᠦ ᠬᠡᠷᠡᠭᠲᠡᠢ᠂ ᠭᠠᠵᠠᠷ ᠰᠢᠷᠣᠢ ᠶᠢ ᠲᠠᠲᠠᠪᠤᠷᠢᠯᠠᠬᠤ ᠶᠠᠪᠤᠴᠠ ᠳᠤ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠶᠣᠰᠣ ᠪᠤᠰᠤ ᠪᠠᠷ ᠠᠭᠠᠰᠢᠯᠠᠵᠤ᠂ ᠭᠠᠵᠠᠷ ᠰᠢᠷᠣᠢ ᠶᠢ ᠲᠠᠲᠠᠪᠤᠷᠢᠯᠠᠬᠤ ᠠᠵᠢᠯ ᠢ ᠬᠠᠷᠰᠢᠯᠠᠭᠰᠠᠳ ᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                             ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                   2023 ᠣᠨ ᠤ 5 ᠰᠠᠷ᠎ᠠ ᠶᠢᠨ 8 ᠤ ᠡᠳᠦᠷ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号