ᠲᠦᠴᠢᠦᠸᠠᠨ ᠰᠢᠶᠠᠨ᠄ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠪᠣᠳᠠᠰ ᠤᠨ ᠪᠤᠰᠤ ᠰᠣᠶᠣᠯ  ᠤᠨ ᠥᠪ ᠤᠨ ᠤᠷ᠎ᠠ ᠮᠡᠷᠭᠡᠵᠢᠯ ᠢ ᠬᠡᠷᠡᠯ ᠭᠢᠯᠪᠠᠭ᠎ᠠ ᠪᠠᠨ ᠰᠠᠴᠤᠷᠠᠭᠤᠯᠤᠶ᠎ᠠ
ᠨᠡᠶᠢᠲᠡᠯᠡᠭᠰᠡᠨ ᠴᠠᠭ᠄
2023/6/10
   ᠴᠠᠭᠠᠰᠤᠨ ᠬᠠᠶᠢᠴᠢᠯᠠᠮᠠᠯ ᠤᠳ ᠠᠮᠢᠳᠤ ᠳᠦᠷᠰᠦᠯᠢᠭ᠂ ᠲᠣᠭᠯᠠᠯᠲᠠ ᠨᠤᠭᠤᠳ ᠨᠢ ᠭᠤᠶᠢᠳᠠ ᠰᠠᠶᠢᠬᠠᠨ‌‍ᠪᠠᠶᠢᠵᠤ᠂ ᠵᠤᠨ ᠤ ᠡᠬᠢᠨ ᠢᠶᠠᠷ᠂ ᠲᠦᠴᠢᠦᠸᠠᠨ ᠤ ᠡᠬᠡ ᠭᠠᠵᠠᠷ ᠲᠤ ᠰᠣᠶᠣᠯ ᠤᠨ ᠦᠨᠦᠷ ᠬᠠᠩᠬᠤᠯᠤᠨ᠎ᠠ᠃    ᠡᠨᠡ ᠵᠢᠯ ᠠᠴᠠ ᠨᠠᠰᠢ᠂ ᠪᠦᠬᠦ ᠤᠯᠤᠰ ᠤᠨ ᠰᠣᠶᠣᠯ ᠤᠨ ᠲᠡᠷᠢᠭᠦᠨ ᠤ ᠰᠢᠶᠠᠨ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠰᠢ ᠵᠦᠴᠦᠭᠡ ᠶᠢᠨ ᠤᠷᠠᠯᠢᠭ ᠤᠨ ᠨᠤᠲᠤᠭ᠂ ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠤᠷᠠᠨ ᠵᠢᠷᠤᠭ ᠤᠨ ᠨᠤᠲᠤᠭ ᠪᠠ ᠥᠪᠡᠷᠲᠡᠭᠡᠨ ᠵᠠᠰᠠᠬᠤ ᠣᠷᠣᠨ ᠤ ᠰᠢᠪᠠᠷ ᠱᠤᠭᠤᠮᠠᠯ᠂ ᠴᠠᠭᠠᠰᠤᠨ ᠬᠠᠶᠢᠴᠢᠯᠠᠮᠠᠯ ᠤᠨ ᠨᠤᠲᠤᠭ ᠨᠡᠷ᠎ᠡ ᠲᠠᠢ ᠲᠦᠴᠢᠦᠸᠠᠨ ᠰᠢᠶᠠᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠤᠯᠠᠨ ᠨᠡᠶᠢᠲᠡ ᠶᠢᠨ ᠰᠣᠶᠣᠯ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠡᠯᠪᠡᠭ ᠪᠠᠶᠠᠯᠢᠭ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ ᠡᠷᠬᠢᠯᠡᠵᠦ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠶᠢ ᠴᠢᠩᠭᠠᠳᠬᠠᠵᠤ᠂ ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠪᠠ᠃    ︽ᠪᠢ ᠪᠠᠭ᠎ᠠ ᠠᠴᠠ ᠪᠠᠨ ᠴᠠᠭᠠᠰᠤᠨ ᠬᠠᠶᠢᠴᠢᠯᠠᠮᠠᠯ ᠳᠤ ᠳᠤᠷᠠᠲᠠᠢ᠂ ᠤᠤᠯ ᠨᠢ ᠪᠢ ᠭᠡᠷ ᠲᠡᠭᠡᠨ ᠪᠦᠷ ᠴᠠᠭᠠᠨ ᠴᠠᠭᠠᠰᠤ ᠪᠠᠷ ᠪᠣᠯᠪᠠᠰᠤᠷᠠᠳᠠᠭ᠂ ᠵᠤᠤ ᠪᠠᠭᠰᠢ ᠶᠢᠨ ᠴᠠᠭᠠᠰᠤᠨ ᠬᠠᠶᠢᠴᠢᠯᠠᠮᠠᠯ ᠤᠨ ᠳᠤᠷ᠎ᠠ ᠰᠣᠨᠢᠷᠬᠠᠯ ᠤᠨ ᠠᠩᠭᠢ ᠳᠤ ᠢᠷᠡᠭᠰᠡᠨ ᠤ ᠳᠠᠷᠠᠭ᠎ᠠ᠂ ᠬᠢᠴᠢᠶᠡᠯ ᠣᠷᠣᠬᠤ ᠪᠣᠯᠭᠠᠨ ᠮᠠᠰᠢ ᠢᠳᠡᠪᠬᠢᠲᠡᠢ᠂ ᠪᠢ ᠴᠠᠭᠠᠰᠤᠨ ᠬᠠᠶᠢᠴᠢᠯᠠᠮᠠᠯ ᠢ ᠰᠠᠶᠢᠲᠤᠷ ᠰᠤᠷᠤᠯᠴᠠᠵᠤ᠂ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢᠶᠠᠨ ᠤᠯᠠᠮᠵᠢᠯᠠᠨ ᠪᠠᠳᠠᠷᠠᠭᠤᠯᠬᠤ ᠰᠠᠨᠠᠭ᠎ᠠ ᠲᠠᠢ︾ ᠭᠡᠵᠦ ᠴᠠᠭᠠᠰᠤᠨ ᠬᠠᠶᠢᠴᠢᠯᠠᠮᠠᠯ ᠤᠨ ᠰᠣᠨᠢᠷᠬᠠᠭᠴᠢ ᠴᠧᠨ ᠽᠢ ᠲᠦᠩ ᠬᠡᠯᠡᠪᠡ᠃    ᠨᠢᠭᠡᠨ ᠬᠠᠭᠤᠳᠠᠰᠤ ᠤᠯᠠᠭᠠᠨ ᠴᠠᠭᠠᠰᠤ ᠤᠷᠠᠯᠠᠭᠴᠢᠳ ᠤᠨ ᠬᠠᠶᠢᠴᠢᠨ ᠳᠣᠣᠷ᠎ᠠ᠂ ᠣᠭᠲᠠᠷᠭᠤᠢ ᠳᠤ ᠬᠠᠯᠢᠨ ᠨᠢᠰᠦᠭᠰᠡᠨ ᠴᠠᠭᠠᠨ ᠲᠠᠭᠲᠠᠭ᠎ᠠ ᠪᠤᠯᠵᠤ᠂ ᠳᠠᠯᠠᠢ ᠲᠠᠩᠭᠢᠰ ᠢᠶᠠᠷ ᠲᠡᠨᠦᠭᠰᠡᠨ ᠭᠠᠭ᠋ᠠᠢ ᠬᠠᠯᠢᠮᠤ ᠪᠤᠯᠵᠤ᠂ ᠪᠠᠶᠠᠷ ᠬᠦᠷ  ᠲᠠᠢ ᠬᠡᠦᠬᠡᠳ ᠪᠤᠯᠵᠤ ᠬᠤᠪᠢᠷᠠᠪᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠵᠠᠯᠭᠠᠮᠵᠢᠯᠠᠭᠴᠢ ᠵᠣᠣ ᠿᠢ ᠰᠢᠶᠠ ᠪᠠᠭᠰᠢ ᠶᠠᠭ ᠴᠠᠭᠠᠰᠤᠨ ᠬᠠᠶᠢᠴᠢᠯᠠᠮᠠᠯ ᠳᠤ ᠪᠠᠭ᠋ᠠᠲᠠᠶ ᠬᠡᠦᠬᠡᠳ ᠤᠳ ᠢ ᠳᠠᠭᠠᠭᠤᠯᠤᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠰᠤᠷᠭᠠᠵᠤ ᠪᠣᠶ᠃    ᠬᠢᠴᠢᠶᠡᠯ ᠳᠡᠭᠡᠷ᠎ᠡ ᠵᠣᠣ ᠿᠢ ᠰᠢᠶᠠ ᠬᠡᠦᠬᠡᠳ ᠤᠳ ᠤᠨ ᠴᠠᠭᠠᠰᠤᠨ ᠬᠠᠶᠢᠴᠢᠯᠠᠮᠠᠯ ᠢ ᠬᠡᠷᠬᠢᠨ ᠬᠢᠬᠦ ᠶᠢ ᠬᠠᠯᠠᠰᠢᠷᠠᠯ ᠥᠬᠡᠶ ᠵᠢᠭᠠᠵᠤ᠂ ᠲᠥᠬᠦᠮ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠬᠢᠲᠠᠳ ᠥᠰᠥᠭ  ᠠᠴᠠ ᠬᠤᠸᠠᠷ ᠴᠡᠴᠡᠭ ᠡᠪᠡᠰᠦ ᠣᠶ ᠮᠣᠳᠣ ᠬᠦᠷᠲᠡᠯ᠎ᠡ᠂ ᠳᠠᠬᠢᠭᠠᠳ ᠨᠠᠷᠢᠯᠢᠭ ᠰᠠᠶᠢᠬᠠᠨ ᠵᠢᠷᠤᠭ ᠳᠦᠷᠰᠦ ᠬᠦᠷᠲᠡᠯ᠎ᠡ ᠂ ᠰᠣᠷᠣᠭᠴᠢ ᠨᠢᠭᠡᠪᠦᠷᠢ ᠴᠥᠮ ᠲᠦᠴᠢᠦᠸᠠᠨ ᠤ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠨᠠᠩ ᠰᠠᠶᠢᠲᠤᠷ ᠪᠠᠳᠠᠷᠠᠭᠤᠯᠤᠨ ᠳᠡᠯᠭᠡᠷᠡᠭᠦᠯᠬᠦ ᠶᠢᠨ ᠲᠥᠯᠥᠭᠡ ᠨᠠᠷᠢᠨ ᠨᠢᠮᠪᠠᠶ ᠵᠢᠭᠠᠨ ᠵᠢᠯᠣᠭᠤᠳᠪᠠ᠃    ︽ᠬᠡᠦᠬᠡᠳ ᠤᠳ ᠪᠦᠷ ᠴᠠᠭᠠᠰᠤᠨ ᠬᠠᠶᠢᠴᠢᠯᠠᠮᠠᠯ ᠳᠤ ᠳᠤᠷᠠᠲᠠᠢ᠂ ᠲᠡᠷᠡ ᠮᠥᠷᠲᠡᠭᠡᠨ ᠪᠦᠷ ᠥᠪᠡᠷ ᠤᠨ ᠪᠣᠳᠣᠯ  ᠲᠠᠢ᠂ ᠬᠠᠶᠢᠴᠢᠯᠠᠵᠤ ᠭᠠᠷᠭᠠᠭᠰᠠᠨ ᠪᠢᠴᠢᠬᠠᠨ ᠠᠮᠢᠲᠠᠨ ᠪᠦᠷ ᠠᠮᠢᠳᠤᠯᠢᠭ ᠪᠣᠳᠠᠲᠠᠢ᠂ ᠤᠳᠠᠭ᠎ᠠ ᠪᠦᠷᠢ ᠬᠡᠦᠬᠡᠳ ᠤᠳ  ᠲᠠᠢ ᠬᠠᠮᠲᠤ ᠪᠠᠶᠬᠤ ᠣᠶᠢᠶ᠎ᠠ ᠳᠤ ᠪᠦᠷ ᠴᠠᠭ ᠮᠥᠴᠡ ᠲᠤᠩ ᠬᠤᠷᠳᠤᠨ ᠥᠩᠭᠡᠷᠡᠨ᠎ᠡ᠃ ᠪᠢ ᠴᠠᠭᠠᠰᠤᠨ ᠬᠠᠶᠢᠴᠢᠯᠠᠮᠠᠯ ᠳᠤ ᠪᠠᠭ᠋ᠠᠲᠠᠢ ᠰᠤᠷᠤᠭᠴᠢᠳ ᠳᠠᠭᠠᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠤᠨ ᠪᠣᠯᠪᠠᠰᠤᠷᠠᠯ ᠬᠢᠵᠦ᠂ ᠲᠡᠳᠡᠨ ᠢ ᠬᠠᠷᠠᠬᠠᠨ ᠪᠠᠭ᠎ᠠ ᠠᠴᠠ ᠪᠠᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠳᠤ ᠭᠦᠨ ᠰᠠᠭᠤᠭᠳᠠᠯ ᠲᠠᠢ ᠪᠤᠯᠭᠠᠨ᠎ᠠ᠂ ᠢᠩᠭᠢᠪᠡᠯ ᠰᠠᠶ᠋ᠢ ᠡᠨᠡ ᠬᠦ ᠤᠷᠠᠯᠢᠭ ᠢ ᠤᠯᠠᠮᠵᠢᠯᠠᠨ ᠪᠠᠳᠠᠷᠠᠭᠤᠯᠬᠤ ᠳᠤ ᠠᠰᠢᠭᠲᠠᠢ ᠪᠠᠶᠢᠵᠤ᠂ ᠰᠠᠶ᠋ᠢ ᠡᠨᠡ ᠬᠦ ᠤᠷᠠᠯᠢᠭ ᠢ ᠨᠡᠩ ᠰᠠᠶᠢᠨ ᠤᠯᠠᠮᠵᠢᠯᠠᠨ ᠵᠠᠯᠭᠠᠮᠵᠢᠯᠠᠵᠤ ᠴᠢᠳᠠᠨ᠎ᠠ︾ ᠭᠡᠵᠤ ᠵᠤᠤ ᠿᠢ ᠰᠢᠶᠠ ᠬᠡᠯᠡᠪᠡ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠣᠶᠣᠯ ᠪᠣᠯ ᠰᠦᠭ ᠰᠦᠨᠡᠰᠦ ᠮᠥᠨ᠃ ᠲᠦᠴᠢᠦᠸᠠᠨ ᠰᠢᠶᠠᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠰᠢᠨ᠎ᠡ ᠶᠢ ᠡᠭᠦᠳᠬᠦ ᠶᠢ ᠠᠬᠢᠭᠤᠯᠵᠤ᠂ ᠣᠲᠣ ᠦᠶ᠎ᠡ ᠶᠢᠨ ᠠᠮᠢᠳᠤᠷᠠᠯ ᠳᠤ ᠠᠭᠤᠰᠤᠯᠴᠠᠭᠤᠯᠬᠤ ᠶᠢᠨ ᠲᠥᠯᠥᠭᠡ᠂ ᠲᠦᠴᠢᠦᠸᠠᠨ ᠰᠢᠶᠠᠨ ︽ᠪᠣᠳᠠᠰ ᠤᠨ ᠪᠤᠰᠤ ᠰᠣᠶᠣᠯ ᠤᠨ ᠥᠪ ᠢ ᠬᠡᠲᠦ ᠳᠡᠯᠭᠡᠭᠦᠷ ᠲᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠲᠦᠮᠡᠨ ᠡᠷᠦᠬᠡ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ︾ ᠪᠠᠷ ᠭᠤᠤᠯ ᠰᠡᠳᠦᠪ ᠪᠣᠯᠭᠠᠵᠤ᠂ ᠪᠥᠬᠦ ᠵᠢᠯ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠨᠡᠶᠢᠲᠡ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠳᠤ ᠣᠷᠣᠯᠴᠠᠬᠤ ᠡᠴᠦᠰ ᠤᠨ ᠪᠠᠬᠢᠯᠡᠯᠲᠡ ᠶᠢ ᠨᠡᠪᠲᠡᠷᠡᠭᠦᠯᠵᠦ᠂ ᠲᠦᠴᠢᠦᠸᠠᠨ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠪᠠ ᠬᠥᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠰᠣᠶᠣᠯ ᠤᠨ ᠬᠥᠭᠵᠢᠯ ᠮᠠᠨᠳᠤᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠴᠦᠲᠡᠶ ᠠᠬᠢᠭᠤᠯᠪᠠ᠃    18 ᠳ᠋ᠤᠭᠠᠷ ᠰᠣᠶᠣᠯ ᠤᠨ ᠥᠪ ᠪᠣᠯᠤᠨ ᠪᠠᠶᠢᠭᠠᠯᠢ ᠶᠢᠨ ᠥᠪ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠲᠦᠴᠢᠦᠸᠠᠨ ᠰᠢᠶᠠᠨ ︽ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠲᠦ ᠬᠠᠮᠠᠭᠠᠯᠠᠯᠲᠠ ᠶᠢ ᠴᠢᠩᠭᠠᠳᠬᠠᠵᠤ ᠦᠷᠬᠦᠯᠵᠢᠯᠡᠨ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪᠲᠦ ᠪᠣᠳᠠᠰ ᠤᠨ ᠪᠤᠰᠤ ᠰᠣᠶᠣᠯ ᠤᠨ ᠥᠪ  ᠤᠨ ᠦᠵᠡᠭᠦᠯᠭᠡ ᠪᠣᠯᠤᠨ ᠦᠵᠡᠭᠦᠯᠭᠡ ᠶᠢᠨ ᠲᠣᠭᠯᠠᠯᠲᠠ ᠭᠠᠷᠭᠠᠵᠤ᠂ ᠥᠷᠭᠡᠨ ᠤᠯᠠᠨ ᠲᠦᠮᠡᠨ ᠳᠤ ᠲᠦᠴᠢᠦᠸᠠᠨ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠦᠷᠦᠯ ᠵᠦᠢᠯ ᠢ ᠳᠡᠯᠭᠡᠨ ᠦᠵᠡᠭᠦᠯᠵᠦ᠂ ᠤᠯᠠᠨ ᠨᠡᠶᠢᠲᠡ ᠶᠢᠨ ᠰᠣᠶᠣᠯ ᠤᠨ ᠥᠪ ᠤᠨ ᠬᠠᠮᠠᠭᠠᠯᠠᠯᠲᠠ ᠶᠢᠨ ᠮᠡᠳᠡᠯᠭᠡ ᠶᠢ ᠤᠯᠠᠮ ᠴᠢᠨᠠᠭᠰᠢᠳᠠ ᠲᠦᠭᠡᠮᠡᠯᠵᠢᠭᠦᠯᠵᠦ᠂ ᠰᠣᠶᠣᠯ ᠤᠨ ᠥᠪ ᠢ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃    ︽ᠡᠯ ᠷᠧᠨ ᠵᠤᠸᠠᠨ ᠲᠣᠭᠯᠠᠯᠲᠠ ᠦᠵᠡᠭᠰᠡᠨ ᠦᠭᠡᠢ ᠤᠳᠠᠵᠠᠢ᠂ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠢᠷᠡᠵᠦ ᠲᠣᠭᠯᠠᠯᠲᠠ ᠭᠠᠷᠭᠠᠭᠰᠠᠨ ᠢ ᠦᠵᠡᠭᠡᠳ ᠦᠨᠡᠨᠭᠡᠷᠡᠯ ᠪᠠᠶᠠᠷᠯᠠᠯ᠎ᠠ︾ ᠭᠡᠵᠦ ᠵᠡᠭᠡᠯᠢ ᠶᠢᠨ ᠭᠤᠣᠯ ᠴᠡᠴᠡᠷᠯᠢᠭ ᠤᠨ ᠤᠢᠢᠷᠠᠯᠴᠠᠭᠠᠬᠢ ᠰᠠᠭᠤᠭᠠᠯᠢ ᠠᠷᠠᠳ ᠲᠢᠶᠠᠨ ᠠᠢ ᠭᠦᠸᠧ ᠬᠥᠭᠵᠢᠮ ᠢ ᠲᠠᠭᠠᠨ ᠭᠠᠷ ᠢᠶᠠᠨ ᠬᠤᠷᠤᠶᠢᠯᠠᠨ ᠰᠤᠷᠪᠤᠯᠵᠢᠯᠠᠭᠴᠢ ᠳᠤ ᠰᠡᠳᠬᠢᠯ ᠳᠣᠭᠳᠣᠯᠤᠨ ᠬᠡᠯᠡᠪᠡ᠃    ᠠᠵᠢᠯᠯᠠᠭ᠎ᠠ ᠳᠤᠮᠳᠠ᠂ ᠨᠠᠶᠢᠷᠠᠯ ᠬᠥᠭᠵᠢᠮ ︽ᠡᠪ ᠬᠠᠮᠲᠤ ᠨᠠᠮ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾᠂ ᠱᠤᠭ ᠵᠦᠴᠦᠭᠡ ︽ᠬᠠᠶᠢᠷ᠎ᠠ ᠪᠢᠯᠬᠠᠭᠰᠠᠨ ᠨᠠᠰᠤᠲᠠᠨ ᠢ ᠠᠰᠠᠷᠠᠬᠤ ᠬᠦᠷᠢᠶᠡᠯᠡᠩ︾᠂ ᠡᠯ ᠷᠧᠨ ᠵᠤᠸᠠᠨ ︽ᠡᠷ᠎ᠡ ᠡᠮ᠎ᠡ ᠬᠤᠶᠠᠭᠤᠯᠠ ᠭᠡᠷ ᠲᠡᠭᠡᠨ ᠬᠠᠷᠢᠬᠤ ᠨᠢ︾ ᠵᠡᠷᠭᠡ ᠭᠤᠶᠢᠳᠠ ᠰᠠᠶᠢᠬᠠᠨ ᠲᠣᠭᠯᠠᠯᠲᠠ ᠡᠭᠡᠯᠵᠢᠯᠡᠨ ᠭᠠᠷᠴᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠰᠦᠨ ᠯᠢ ᠵᠢᠶᠦ᠋ᠨ᠂ ᠵᠧᠦ ᠹᠧᠩ ᠾᠧ ᠤᠷᠠᠯᠢᠭ ᠤᠨ ᠪᠦᠯᠬᠦᠮ ᠤᠨ ᠲᠣᠭᠯᠠᠭᠴᠢᠳ ᠢᠶᠠᠨ ᠳᠠᠭᠠᠭᠤᠯᠤᠨ ᠬᠥᠮᠦᠰ ᠤᠨ ᠰᠡᠳᠬᠢᠯ ᠢ ᠬᠥᠳᠡᠯᠭᠡᠮ᠎ᠡ ᠳᠠᠭᠤᠤ᠂ ᠢᠷᠠᠭᠤ ᠰᠠᠶᠢᠬᠠᠨ ᠪᠥᠵᠢᠭ᠂ ᠭᠤᠶᠢᠳᠠ ᠰᠠᠶᠢᠬᠠᠨ ᠲᠣᠭᠯᠠᠯᠲᠠ ᠪᠠᠷ ᠢᠶᠠᠨ ᠲᠦᠴᠢᠦᠸᠠᠨ ᠰᠢᠶᠠᠨ ᠤ ᠥᠷᠭᠡᠨ ᠤᠯᠠᠨ ᠰᠠᠭᠤᠭᠠᠯᠢ ᠠᠷᠠᠳ ᠲᠤ ᠪᠠᠶᠠᠷ ᠪᠠᠶᠠᠰᠤᠯ ᠬᠦᠷᠭᠡᠪᠡ᠃    ︽ᠲᠤᠰ ᠤᠳᠠᠭ᠎ᠠ ᠶᠢᠨ ᠠᠵᠢᠯᠯᠠᠭ᠎ᠠ ᠨᠢ ᠬᠢᠵᠠᠭᠠᠷ ᠲᠠᠢ ᠳᠡᠯᠭᠡᠨ ᠦᠵᠡᠭᠦᠯᠬᠦ ᠣᠷᠣᠨ ᠵᠠᠢ ᠪᠠᠷ ᠳᠠᠮᠵᠢᠭᠤᠯᠤᠨ᠂ ᠬᠡᠯᠪᠡᠷᠢ ᠳᠦᠷᠰᠦ ᠲᠠᠢ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯ ᠢ ᠠᠰᠢᠭᠯᠠᠵᠤ᠂ ᠲᠦᠴᠢᠦᠸᠠᠨ ᠤ ᠨᠤᠲᠤᠭ ᠤᠨ ᠮᠠᠰᠢ ᠤᠯᠠᠨ ᠬᠡᠯᠪᠡᠷᠢ ᠳᠦᠷᠰᠦ ᠦᠭᠡᠢ ᠰᠣᠶᠣᠯ ᠤᠨ ᠥᠪ ᠲᠤ ᠨᠢᠭᠡᠨ ᠲᠠᠪᠴᠠᠩ ᠬᠠᠩᠭᠠᠵᠤ᠂ ᠡᠳᠡᠭᠡᠷ ᠠᠷᠠᠳ ᠤᠨ ᠳᠤᠮᠳᠠ ᠡᠭᠦᠰᠦᠭᠰᠡᠨ ᠡᠷᠬᠢᠮ ᠨᠠᠨᠳᠢᠨ ᠥᠪ ᠢ ᠠᠷᠠᠳ ᠤᠨ ᠳᠤᠮᠳᠠ ᠬᠥᠭᠵᠢᠶᠡᠨᠲᠡᠢ᠂ ᠠᠷᠠᠳ  ᠤᠨ ᠳᠤᠮᠳᠠ ᠬᠥᠭᠵᠢᠭᠦᠯᠵᠦ᠂ ᠠᠷᠠᠳ ᠤᠨ ᠳᠤᠮᠳᠠ ᠪᠠᠶᠠᠯᠢᠭᠵᠢᠭᠤᠯᠵᠤ᠂ ᠠᠷᠠᠳ ᠤᠨ ᠳᠤᠮᠳᠠ ᠪᠤᠶᠠᠨ ᠦᠢᠯᠡᠳᠬᠦ  ᠶᠢ ᠵᠣᠷᠢᠭᠰᠠᠨ ᠪᠠᠶᠢᠨ᠎ᠠ︾ ᠭᠡᠵᠦ ᠲᠦᠴᠢᠦᠸᠠᠨ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠪ ᠤᠨ ᠡᠷᠬᠢᠯᠡᠭᠴᠢ ᠸᠠᠩ ᠶᠠᠨ ᠬᠤᠸᠠ ᠬᠡᠯᠡᠪᠡ᠃    ᠣᠲᠣ ᠪᠣᠯᠲᠠᠯ᠎ᠠ᠂ ᠰᠢᠶᠠᠨ ᠤ ᠱᠠᠲᠤᠨ ᠳᠤ ᠨᠢᠭᠡᠨᠲᠡ 6 ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠢ ᠨᠡᠶᠢᠲᠡᠯᠡᠵᠦ᠂ ᠨᠡᠶᠢᠲᠡ 45 ᠵᠦᠶᠯ᠂ 31 ᠲᠥᠯᠥᠭᠡᠯᠡᠬᠦ ᠴᠢᠨᠠᠷᠲᠠᠶ ᠤᠯᠠᠮᠵᠢᠯᠠᠭᠴᠢ  ᠲᠠᠢ ᠪᠣᠯᠵᠠᠶ︔ ᠠᠶᠢᠮᠠᠭ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ 21 ᠲᠥᠷᠥᠯ᠂ ᠲᠥᠯᠥᠭᠡᠯᠡᠬᠦ ᠴᠢᠨᠠᠷᠲᠠᠢ ᠤᠯᠠᠮᠵᠢᠯᠠᠭᠴᠢ 27 ᠬᠥᠮᠦᠨ︔ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ 4 ᠲᠥᠷᠥᠯ᠂ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ 4 ᠬᠥᠮᠦᠨ ᠪᠣᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号