ᠬᠠᠤᠯᠢ ᠴᠠᠭᠠᠵᠠ ᠰᠤᠷᠭᠠᠭᠤᠯᠢ ᠶᠢᠨ ᠬᠦᠷᠢᠶᠡᠨ ᠳᠤ ᠤᠷᠤᠵᠤ ᠵᠠᠯᠠᠭᠤ ᠨᠠᠰᠤᠨ ᠶᠢ ︽ᠬᠠᠤᠯᠢ︾ ᠪᠠᠷ ᠬᠠᠮᠠᠭᠠᠯᠠᠨ᠎ᠠ
ᠨᠡᠶᠢᠲᠡᠯᠡᠭᠰᠡᠨ ᠴᠠᠭ᠄
2023/6/12
   ᠨᠠᠰᠤᠨ ᠳᠤ ᠥᠯᠥ ᠭᠦᠷᠦᠭᠰᠡᠳ ᠤᠨ ᠬᠠᠤᠯᠢ ᠪᠠᠷ ᠵᠠᠰᠠᠬᠤ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠦᠰᠦᠨ ᠪᠣᠶᠢᠵᠢᠬᠤ ᠣᠷᠴᠢᠨ ᠨᠥᠬᠦᠴᠡᠯ ᠢ ᠴᠡᠪᠡᠷᠰᠢᠭᠦᠯᠵᠦ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠪᠦᠲᠦᠮᠵᠢᠲᠡᠶ ᠰᠡᠷᠭᠡᠶᠢᠯᠡᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠬᠤ ᠶᠢᠨ ᠲᠥᠯᠥᠭᠡ᠂ 6 ᠰᠠᠷ᠎ᠠ ᠶᠢᠨ 6 ᠤ ᠡᠳᠦᠷ᠂ ᠯᠢᠦ ᠬᠣ᠋ ᠬᠠᠤᠯᠢ ᠴᠠᠭᠠᠵᠠ ᠶᠢᠨ ᠭᠠᠵᠠᠷ ᠲᠦᠴᠢᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ᠂ ᠪᠠᠯᠭᠠᠰᠤᠨ ᠤ ᠤᠬᠠᠭᠤᠯᠭ᠎ᠠ ᠶᠢᠨ ᠠᠯᠪᠠᠨ ᠬᠡᠷ ᠪᠠ ᠠᠮᠤᠷ ᠲᠦᠪᠰᠢᠨ ᠤ ᠠᠯᠪᠠᠨ ᠬᠡᠷ ᠲᠠᠢ ᠬᠠᠮᠲᠤᠷᠠᠨ ᠵᠢᠤᠢ ᠯᠢ ᠰᠤᠷᠭᠠᠭᠤᠯᠢ ᠳᠤ ᠬᠦᠷᠴᠦ ᠬᠠᠤᠯᠢ ᠲᠦᠭᠡᠮᠡᠯᠵᠢᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠠᠵᠢᠯᠲᠠᠳ ᠲᠥᠬᠦᠮ ᠣᠶᠢᠯᠠᠭᠠᠮᠵᠢᠲᠠᠶ᠂ ᠠᠮᠢᠳᠤᠯᠢᠭ ᠳᠦᠷᠰᠦᠯᠢᠭ ᠦᠭᠡ ᠬᠡᠯᠡ  ᠪᠠᠷ ᠰᠤᠷᠭᠠᠭᠤᠯᠢ ᠶᠢᠨ ᠡᠷᠬᠢᠨ ᠲᠣᠭᠤᠷᠢᠨ᠂ ᠰᠤᠷᠤᠭᠴᠢᠳ ᠤᠨ ᠳᠡᠷᠭᠡᠳᠡᠬᠢ ᠡᠯ᠎ᠡ ᠲᠥᠷᠥᠯ ᠤᠨ ᠠᠮᠢᠳᠤᠯᠢᠭ ᠵᠢᠱᠢᠶ᠎ᠡ ᠪᠠᠷ ᠵᠢᠭᠠᠬᠤ ᠮᠠᠲ᠋ᠧᠷᠢᠶᠠᠯ ᠪᠣᠯᠭᠠᠵᠤ᠂ ᠲᠤᠬᠠᠶ ᠶᠢᠨ ᠲᠠᠯᠠᠪᠤᠷ ᠲᠤ ᠪᠠᠶᠢᠭᠰᠠᠨ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠪᠠ ᠠᠷᠭᠠᠴᠠᠬᠤ ᠠᠰᠠᠭᠤᠳᠠᠯ ᠢᠶᠠᠷ ᠭᠤᠤᠯᠯᠠᠭᠤᠯᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠵᠢᠭᠠᠵᠤ ᠥᠭᠴᠡᠶ᠃ ᠰᠤᠷᠭᠠᠭᠤᠯᠢ ᠶᠢᠨ ᠬᠦᠷᠢᠶᠡᠨ  ᠤ ᠳᠣᠷᠣᠮᠵᠢᠯᠠᠯ ᠢ ᠡᠰᠡᠷᠭᠦᠴᠡᠬᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠰᠡᠷᠭᠡᠶᠢᠯᠡᠬᠦ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠳᠠᠮᠵᠢᠭᠤᠯᠤᠨ᠂ ᠰᠤᠷᠤᠭᠴᠢᠳ ᠤᠨ ᠬᠠᠤᠯᠢ ᠰᠤᠷᠬᠤ᠂ ᠬᠠᠤᠯᠢ ᠮᠡᠳᠡᠬᠦ᠂ ᠬᠠᠤᠯᠢ ᠬᠡᠷᠡᠭᠯᠡᠬᠦ᠂ ᠬᠠᠤᠯᠢ ᠶᠢ ᠰᠠᠬᠢᠬᠤ ᠶᠢ ᠬᠥᠮᠦᠵᠢᠭᠦᠯᠦᠨ ᠵᠢᠯᠣᠭᠤᠳᠬᠤ  ᠶᠢᠨ ᠬᠠᠮᠲᠤ ᠪᠠᠭᠰᠢ ᠰᠤᠷᠤᠭᠴᠢᠳ ᠲᠤ 《 ᠢᠷᠭᠡᠨ ᠤ ᠬᠠᠤᠯᠢ ᠶᠢᠨ ᠪᠢᠴᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ 》 ᠪᠠ 《 ᠬᠠᠤᠯᠢ ᠴᠠᠭᠠᠵᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ 》 ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃    ᠠᠵᠢᠯᠯᠠᠭ᠎ᠠ ᠶᠢᠨ ᠳᠤᠮᠳᠠ᠂ ᠠᠵᠢᠯᠲᠠᠨ ᠠᠴᠠ ᠰᠤᠷᠭᠠᠭᠤᠯᠢ ᠶᠢᠨ ᠪᠠᠭᠰᠢ ᠶᠢ ᠵᠢᠯᠣᠭᠤᠳᠤᠨ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠬᠤ ᠶᠢ ᠡᠳᠦᠷ ᠲᠤᠲᠤᠮ ᠤᠨ ᠵᠢᠭᠠᠨ ᠰᠤᠷᠭᠠᠯᠲᠠ᠂ ᠠᠮᠢᠳᠤᠷᠠᠯ ᠲᠠᠢ ᠨᠢᠭᠲᠠ ᠤᠶᠠᠯᠳᠤᠭᠤᠯᠵᠤ᠂ ᠰᠣᠷᠣᠭᠴᠢ ᠨᠢᠭᠡᠪᠦᠷᠢ ᠳᠤ ᠴᠥᠮ ᠲᠣᠰ ᠪᠡᠶ᠎ᠡ ᠲᠠᠢ ᠨᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠨ ᠮᠡᠳᠡᠭᠦᠯᠵᠦ᠂ ᠬᠠᠤᠯᠢ ᠶᠢ ᠮᠡᠳᠡᠬᠦ ᠬᠠᠤᠯᠢ ᠶᠢ ᠤᠶᠢᠯᠭᠠᠬᠤ ᠬᠠᠤᠯᠢ ᠶᠢ ᠰᠠᠬᠢᠬᠤ ︽ᠪᠢᠴᠢᠬᠠᠨ ᠢᠷᠭᠡᠨ︾ ᠪᠤᠯᠵᠤ ᠬᠦᠮᠦᠵᠢᠭᠦᠯᠬᠦ ᠪᠠᠷ ᠴᠢᠷᠮᠠᠶᠢᠵᠠᠶ᠃    ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠬᠠᠤᠯᠢ ᠴᠠᠭᠠᠵᠠ ᠶᠢ ᠰᠤᠷᠭᠠᠭᠤᠯᠢ ᠳᠤ ᠣᠷᠣᠭᠤᠯᠬᠤ ᠶᠢ ᠪᠠᠷᠢᠮᠲᠠᠯᠠᠨ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠵᠤ᠂ ᠰᠤᠷᠭᠠᠭᠤᠯᠢ ᠶᠢᠨ ᠲᠣᠭᠲᠠᠭᠤᠨ ᠢᠶᠠᠷ ᠬᠥᠭᠵᠢᠬᠦ ᠳᠤ ᠴᠢᠬᠤᠯᠠ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号