ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠠᠴᠠ ᠭᠠᠳᠠᠭᠤᠷ ︿ | ᠪᠥᠬᠦ ᠣᠷᠣᠨ ᠳᠤ ᠨᠡᠶᠢᠳᠡᠮ ᠭᠦᠢᠴᠡᠳᠬᠡᠬᠦ ﹀ ᠵᠦᠢᠯᠡᠰ ᠤᠨ ᠨᠠᠷᠢᠨ ᠬᠠᠭᠤᠳᠠᠰᠤ ︵156 ᠵᠦᠢᠯ ︶︾ ︵ | ᠥᠪᠥᠷ ᠵᠠᠰᠠᠭ ᠠᠯᠪᠠᠨ ᠲᠠᠷᠬᠠᠭᠠᠭᠰᠠᠨ ﹇2023﹈ 39 ᠳ᠋ᠦ᠋ᠭᠡᠷ ᠲᠣᠭᠠᠲᠤ᠂ ᠳᠣᠷᠣᠭᠰᠢ ︽ᠨᠡᠶᠢᠳᠡᠮ | ᠭᠦᠢᠴᠡᠳᠬᠡᠬᠦ ᠨᠠᠷᠢᠨ ᠬᠠᠭᠤᠳᠠᠰᠤ ︾ ᠭᠡᠵᠦ ᠲᠣᠪᠴᠢᠯᠠᠨ᠎ᠠ ︶ ᠶᠢ ᠳᠠᠷᠤᠮᠠᠯᠯᠠᠨ ᠲᠠᠷᠬᠠᠭᠠᠪᠠ᠃ ᠨᠡᠶᠢᠭᠡᠮ | ᠨᠡᠶᠢᠲᠡ ᠶᠢᠨ ᠬᠢᠨ ᠤ ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ ︾ ᠶᠢᠨ ᠬᠠᠮᠢᠶ᠎ᠠ ᠪᠦᠬᠦᠢ ᠠᠭᠤᠯᠭ᠎ᠠ ᠶᠢ | ᠥᠷᠭᠡᠨ ᠢᠶᠠᠷ ᠮᠡᠳᠡᠬᠦ ᠪᠠ ᠵᠥᠪ ᠣᠨᠣᠪᠴᠢᠲᠠᠶ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ | ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ | ᠲᠠᠶᠢᠯᠤᠮᠵᠢ ᠬᠢᠪᠡ᠃ | ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢᠨ ᠲᠤᠰᠠᠳᠠ᠂ 2023 ᠣᠨ ᠤ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠱᠠᠭᠠᠷᠳᠠᠯᠭ᠎ᠠ ᠶᠢ ᠦᠨᠳᠦᠰᠦᠯᠡᠵᠦ᠂ ︽ | ᠮᠤᠵᠢ ᠠᠯᠤᠰᠯᠠᠨ ᠨᠡᠶᠢᠳᠡᠮ ᠭᠦᠢᠴᠡᠳᠬᠡᠬᠦ ︾ ᠠᠵᠢᠯ ᠲᠠᠢ ᠤᠶᠠᠯᠳᠤᠭᠤᠯᠤᠨ᠂ ᠲᠦᠷ ᠴᠠᠭ ᠤᠨ ᠪᠡᠶ᠎ᠡ ᠶᠢᠨ | ᠦᠨᠡᠮᠯᠡᠯ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠵᠡᠷᠭᠡ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠲᠣᠭᠤᠷᠢᠨ ᠳᠤ᠂ ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ ︾ ᠶᠢ ᠲᠣᠭᠲᠠᠭᠠᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠵᠢᠯ ᠶᠠᠪᠤᠳᠠᠯ ᠭᠦᠢᠴᠡᠳᠬᠡᠬᠦ | ᠬᠠᠷᠢᠶ᠎ᠠ ᠭᠠᠵᠠᠷ ᠤᠨ ᠬᠢᠵᠠᠭᠠᠷᠯᠠᠯ ᠢ ᠡᠪᠳᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠴᠢᠨᠠᠷ ᠰᠠᠶᠢᠲᠠᠢ᠂ | ᠥᠨᠳᠥᠷ ᠦᠷ᠎ᠡ ᠪᠦᠲᠦᠮᠵᠢᠲᠡᠶ᠂ ᠳᠥᠭᠦᠮ ᠳᠥᠲᠡ ᠢᠯᠭᠠᠭ᠎ᠠ ᠵᠥᠷᠢᠶ᠎ᠡ ᠦᠭᠡᠢ ︽ᠪᠥᠬᠦ ᠣᠷᠣᠨ ᠳᠤ ᠨᠡᠶᠢᠳᠡᠮ | ᠭᠦᠢᠴᠡᠳᠬᠡᠬᠦ ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠬᠠᠩᠭᠠᠨ᠎ᠠ᠃ | ᠬᠤᠶᠠᠷ᠂ ᠭᠤᠣᠯ ᠠᠭᠤᠯᠭ᠎ᠠ | ︵ᠨᠢᠭᠡ ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠵᠦᠢᠯᠡᠰ ᠢ | ᠲᠥᠷᠥᠯ ᠬᠤᠪᠢᠶᠠᠨ ᠬᠡᠷᠡᠭᠵᠢᠭᠦᠯᠬᠦ ᠶᠢ ᠠᠬᠢᠭᠤᠯᠤᠨ᠎ᠠ᠃ ᠡᠷᠦᠬᠡ ᠠᠮᠠ ᠶᠢᠨ ᠬᠠᠷᠢᠶᠠᠯᠠᠯ ᠤᠨ ᠭᠡᠷᠡᠴᠢ ᠭᠠᠷᠭᠠᠬᠤ᠂ | ᠡᠷᠦᠬᠡ ᠠᠮᠠ ᠰᠢᠯᠵᠢᠭᠦᠯᠬᠦ᠂ ᠲᠦᠷ ᠴᠠᠭ ᠤᠨ ᠪᠡᠶ᠎ᠡ ᠶᠢᠨ ᠦᠨᠡᠮᠯᠡᠯ ᠭᠦᠢᠴᠡᠳᠬᠡᠬᠦ ᠵᠡᠷᠭᠡ ᠳᠤ ᠬᠤᠯᠪᠣᠭᠳᠠᠭᠰᠠᠨ 24 | ᠵᠦᠢᠯ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠰᠦᠯᠵᠢᠶᠡᠨ ᠠᠴᠠ ᠭᠠᠳᠠᠭᠤᠷ ︽ᠪᠥᠬᠦ | ᠣᠷᠣᠨ ᠳᠤ ᠨᠡᠶᠢᠳᠡᠮ ᠭᠦᠢᠴᠡᠳᠬᠡᠬᠦ ︾ ᠵᠦᠢᠯᠡᠰ ᠢ ᠨᠠᠭᠦᠯᠭᠡᠵᠦ ᠣᠷᠣᠭᠤᠯᠬᠤ ᠭᠠᠵᠠᠷ ᠤᠨ ᠲᠣᠮᠢᠯᠠᠭᠰᠠᠨ | ᠰᠠᠯᠪᠤᠷᠢ ᠳᠤ ᠭᠦᠢᠴᠡᠳᠬᠡᠨ᠎ᠡ᠃ ᠪᠤᠰᠤᠳ 132 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠣᠶᠢᠷ᠎ᠠ ᠬᠠᠪᠢ ᠳᠤ ᠪᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠪᠥᠬᠦ ᠣᠷᠣᠨ ᠳᠤ | ᠨᠡᠶᠢᠳᠡᠮ ᠭᠦᠢᠴᠡᠳᠬᠡᠬᠦ ︾ ᠴᠣᠩᠬᠤᠪᠴᠢ ᠶᠢ ᠰᠣᠩᠭᠤᠨ ᠭᠦᠢᠴᠡᠳᠬᠡᠵᠦ ᠪᠣᠯᠣᠨ᠎ᠠ᠃ | ︵ᠬᠤᠶᠠᠷ ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ | ᠴᠣᠩᠬᠤᠪᠴᠢ ᠶᠢᠨ ᠲᠤᠯᠭᠠᠭᠤᠷᠢᠯᠠᠯ ᠶᠢ ᠴᠢᠩᠭᠠᠳᠬᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠠᠴᠠ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠦᠢᠯᠡᠴᠢᠯᠡᠭᠡᠨ ᠤ | ᠲᠤᠰᠬᠠᠢ ᠴᠣᠩᠬᠤᠪᠴᠢ ᠲᠣᠬᠢᠷᠠᠭᠤᠯᠵᠤ᠂ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠴᠢᠳᠠᠮᠵᠢ ᠶᠢᠨ | ᠬᠡᠰᠡᠭ ᠢᠶᠠᠷ ᠳᠠᠮᠵᠢᠭᠤᠯᠤᠨ᠂ ᠮᠠᠲ᠋ᠧᠷᠢᠶᠠᠯ ᠢ ᠣᠨᠳᠣᠣ ᠭᠠᠵᠠᠷ ᠲᠤ ᠣᠷᠣᠯᠠᠨ ᠬᠤᠷᠢᠶᠠᠵᠤ᠂ ᠰᠦᠯᠵᠢᠶᠡᠨ ᠳᠡᠭᠡᠷ᠎ᠡ | ᠬᠠᠨᠳᠤᠯᠭ᠎ᠠ ᠲᠠᠢ ᠪᠠᠷ ᠰᠢᠯᠵᠢᠭᠦᠯᠬᠦ ︽ᠨᠢᠭᠡ ᠥᠷᠲᠡᠭᠡᠴᠢᠯᠡᠭᠰᠡᠨ ᠮᠠᠶ᠋ᠢᠭ ︾ ᠤᠨ ᠦᠢᠯᠡᠴᠢᠯᠡᠭᠡ ᠶᠢ | ᠬᠡᠷᠡᠭᠵᠢᠭᠦᠯᠦᠨ᠎ᠡ᠃ | ︵ᠭᠤᠷᠪᠠ ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ | ᠵᠦᠢᠯᠡᠰ ᠢ ᠵᠣᠯᠭᠠᠭᠤᠯᠬᠤ ᠶᠢ ᠲᠦᠷᠭᠡᠳᠬᠡᠨ᠎ᠡ᠃ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ | ᠭᠦᠢᠴᠡᠳᠬᠡᠬᠦ ︾ ᠵᠦᠢᠯᠡᠰ ᠤᠨ ᠨᠡᠷᠡᠶᠢᠳᠦᠯ᠂ ᠭᠠᠷᠴᠠᠭ ᠳ᠋ᠤᠭᠠᠷᠯᠠᠯ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ | ᠴᠠᠭ ᠤᠨ ᠬᠢᠵᠠᠭᠠᠷ ᠵᠡᠷᠭᠡ ᠮᠡᠳᠡᠭᠡ ᠵᠠᠩᠭᠢ ᠶᠢᠨ ᠡᠯᠧᠮᠧᠨ᠋ᠲ ᠢ ᠨᠠᠶᠢᠷᠠᠭᠤᠯᠤᠨ ᠵᠣᠬᠢᠶᠠᠬᠤ ᠪᠠ ᠰᠢᠨᠡᠳᠬᠡᠬᠦ ᠠᠵᠢᠯ ᠢ | ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠲᠤᠬᠠᠶᠢᠯᠠᠭᠰᠠᠨ ᠠᠵᠢᠯ ᠤᠨ ᠪᠥᠬᠦ ᠴᠤᠪᠤᠷᠠᠯ ᠤᠨ ︽ᠵᠥᠷᠢᠶ᠎ᠡ ᠦᠭᠡᠢ | ︾ ᠭᠦᠢᠴᠡᠳᠬᠡᠬᠦ ᠶᠢ ᠪᠠᠷᠢᠮᠵᠢᠶᠠᠵᠢᠭᠤᠯᠬᠤ ᠶᠢ ᠪᠡᠶᠡᠯᠡᠭᠦᠯᠦᠨ᠎ᠡ᠃ | ︵ᠳᠥᠷᠪᠡ ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ | ᠰᠢᠯᠵᠢᠭᠦᠯᠦᠨ ᠭᠦᠢᠴᠡᠳᠬᠡᠬᠦ ᠴᠠᠭ ᠤᠨ ᠬᠢᠵᠠᠭᠠᠷ ᠢ ᠴᠢᠩᠳᠠᠯᠠᠨ᠎ᠠ᠃ ᠭᠥᠯᠢᠶᠡᠨ ᠠᠪᠬᠤ ᠭᠠᠵᠠᠷ᠂ ᠭᠦᠢᠴᠡᠳᠬᠡᠬᠦ | ᠭᠠᠵᠠᠷ ᠤᠨ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠴᠣᠩᠬᠤᠪᠴᠢ ᠨᠢ ᠲᠣᠰ ᠲᠣᠰ 1 ᠠᠵᠢᠯᠯᠠᠬᠤ | ᠡᠳᠦᠷ ᠤᠨ ᠳᠣᠲᠣᠷ᠎ᠠ ᠭᠥᠯᠢᠶᠡᠨ ᠠᠪᠬᠤ ᠶᠢᠨ ᠬᠠᠮᠲᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠰᠢᠯᠵᠢᠭᠦᠯᠦᠨ | ᠭᠦᠢᠴᠡᠳᠬᠡᠯᠭᠡᠵᠦ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠴᠠᠭ ᠲᠤᠬᠠᠢ ᠳᠤ ᠨᠢ ᠭᠦᠢᠴᠡᠳᠬᠡᠵᠦ | ᠳᠠᠭᠤᠰᠬᠠᠬᠤ ᠶᠢᠨ ᠬᠠᠮᠲᠤ 1 ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ᠃ ᠴᠠᠭᠠᠰᠤᠨ ᠮᠠᠲ᠋ᠧᠷᠢᠶᠠᠯ ᠢ ᠦᠯᠡᠳᠡᠭᠡᠨ | ᠬᠠᠳᠠᠭᠠᠯᠠᠬᠤ ᠴᠢᠬᠤᠯᠠ ᠲᠠᠢ ᠶᠢ ᠨᠢ 2 ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ᠃ | ︵ᠲᠠᠪᠤ ︶ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ᠃ ᠨᠡᠶᠢᠳᠡᠮ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠬᠠᠷᠢᠶ᠎ᠠ ᠭᠠᠵᠠᠷ ᠤᠨ | ᠰᠠᠯᠠᠭ᠎ᠠ ᠮᠥᠴᠢᠷ ᠪᠠ ᠣᠨᠳᠣᠣ ᠭᠠᠵᠠᠷ ᠤᠨ ᠰᠠᠯᠠᠭ᠎ᠠ ᠮᠥᠴᠢᠷ ᠢ ᠨᠡᠪᠲᠡᠷᠡᠯᠴᠡᠭᠦᠯᠦᠨ ᠵᠣᠯᠭᠠᠭᠤᠯᠬᠤ ᠶᠢ ᠴᠢᠩᠭᠠᠳᠬᠠᠨ | ᠂ ᠨᠢᠭᠲᠠ ᠮᠥᠷᠲᠡᠭᠡᠨ ᠣᠨᠣᠴᠠᠲᠠᠢ ᠪᠠᠷ ᠵᠣᠯᠭᠠᠭᠤᠯᠬᠤ ᠶᠢ ᠪᠡᠶᠡᠯᠡᠭᠦᠯᠵᠦ᠂ ᠬᠡᠷᠡᠭ ᠶᠠᠪᠤᠳᠠᠯ ᠭᠦᠢᠴᠡᠳᠬᠡᠬᠦ | ᠴᠤᠪᠤᠷᠠᠯ ᠤᠨ ᠪᠢᠲᠡᠭᠦᠦ ᠴᠠᠭᠠᠷᠢᠭ ᠢ ᠪᠣᠶ ᠪᠣᠯᠭᠠᠨ᠎ᠠ᠃ | ︵ᠵᠢᠷᠭᠤᠭ᠎ᠠ ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠶᠢᠨ | ᠰᠢᠯᠭᠠᠨ ᠬᠢᠨᠠᠵᠤ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠰᠦᠯᠵᠢᠶᠡᠨ ᠠᠴᠠ ᠭᠠᠳᠠᠭᠤᠷ ︽ᠪᠥᠬᠦ | ᠣᠷᠣᠨ ᠳᠤ ᠨᠡᠶᠢᠳᠡᠮ ᠭᠦᠢᠴᠡᠳᠬᠡᠬᠦ ︾ ᠶᠢ ᠬᠠᠷᠠᠯᠲᠠᠲᠤ ᠰᠢᠯᠭᠠᠨ ᠬᠢᠨᠠᠯᠲᠠ ᠪᠠ ᠲᠤᠰᠬᠠᠢ ᠰᠢᠮᠳᠠᠭᠤᠯᠤᠨ | ᠪᠠᠶᠢᠴᠠᠭᠠᠯᠲᠠ ᠶᠢᠨ ᠠᠭᠤᠯᠭ᠎ᠠ ᠳᠤ ᠣᠷᠣᠭᠤᠯᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ | ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠥᠬᠦ ᠲᠠᠯ᠎ᠠ ᠪᠠᠷ | ᠠᠬᠢᠭᠤᠯᠤᠨ᠎ᠠ᠃ | ᠭᠤᠷᠪᠠ᠂ ᠣᠨᠴᠠᠯᠢᠭ ᠪᠠ ᠭᠢᠯᠠᠰ ᠴᠡᠭ | ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ ︾ ᠨᠢ ᠠᠵᠤ ᠠᠬᠤᠶᠢᠯᠠᠯ ᠪᠣᠯᠣᠨ ᠣᠯᠠᠨ ᠲᠦᠮᠡᠨ ᠤ | ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠠᠴᠠ | ᠪᠠᠷᠢᠮᠵᠢᠶ᠎ᠠ ᠶᠢ ᠵᠢᠷᠤᠮᠵᠢᠭᠤᠯᠤᠨ᠂ ᠲᠤᠯᠭᠠᠭᠤᠷᠢᠯᠠᠯ ᠢ ᠳᠡᠭᠡᠭᠰᠢᠯᠡᠭᠦᠯᠵᠦ᠂ ᠪᠥᠬᠦ ᠣᠷᠣᠨ ᠤ ᠪᠠᠷᠢᠮᠵᠢᠶ᠎ᠠ ᠶᠢ | ᠨᠢᠭᠡᠳᠦᠭᠦᠯᠬᠦ᠂ ᠣᠨᠳᠣᠣ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ | ᠬᠠᠨᠳᠤᠯᠭ᠎ᠠ ᠲᠠᠢ ᠪᠠᠷ ᠰᠢᠯᠵᠢᠭᠦᠯᠬᠦ᠂ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢ | ᠬᠡᠷᠡᠭᠯᠡᠨ ᠪᠢᠲᠡᠭᠦᠦ ᠴᠠᠭᠠᠷᠢᠭ ᠢᠶᠠᠷ ᠭᠦᠢᠴᠡᠳᠬᠡᠬᠦ ᠵᠠᠭᠪᠤᠷ ᠢ ᠪᠣᠶ ᠪᠣᠯᠭᠠᠭᠰᠠᠨ ᠨᠢ ᠣᠨᠳᠣᠣ ᠭᠠᠵᠠᠷ ᠲᠤ ᠠᠵᠢᠯ | ᠶᠠᠪᠤᠳᠠᠯ ᠭᠦᠢᠴᠡᠳᠬᠡᠬᠦ ᠳᠤ ︽ᠣᠯᠠᠨ ᠭᠠᠵᠠᠷ ᠲᠤ ᠣᠴᠢᠬᠤ ︾ ︽ᠨᠠᠭᠠᠰᠢ ᠴᠠᠭᠠᠰᠢ ᠭᠦᠶᠦᠬᠦ ︾ | ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ ᠣᠨᠳᠣᠣ ᠭᠠᠵᠠᠷ ᠲᠤ ᠠᠵᠢᠯᠯᠠᠵᠤ ᠠᠮᠢᠳᠤᠷᠠᠬᠤ ᠳᠤ ᠲᠥᠬᠦᠮ | ᠦᠵᠡᠭᠦᠯᠦᠭᠰᠡᠨ ᠢᠶᠠᠷ ᠪᠠᠷᠠᠬᠤ ᠦᠭᠡᠢ ᠵᠠᠮ ᠬᠠᠷᠢᠯᠴᠠᠭᠠᠨ ᠤ ᠵᠠᠷᠤᠳᠠᠯ ᠪᠠ ᠴᠠᠭ ᠬᠤᠭᠤᠴᠠᠭᠠᠨ ᠤ ᠥᠪᠡᠷ ᠤᠨ | ᠥᠷᠲᠡᠭ ᠢ ᠠᠷᠪᠢᠯᠠᠪᠠ᠃ | |