ᠲᠦᠴᠢᠦᠸᠠᠨ ᠰᠢᠶᠠᠨ ︽ᠲᠦᠴᠢᠦᠸᠠᠨ ᠤ ᠳᠤᠷᠠᠰᠤᠮᠵᠢ ᠬᠤᠲᠠ ᠶᠢᠨ ᠰᠠᠭᠤᠭᠳᠠᠯ︾ ᠲᠠᠩᠰᠠ ᠡᠪᠬᠡᠮᠡᠯ  ᠤᠨ ᠬᠡᠷᠡᠯ ᠵᠢᠷᠤᠭ ᠤᠨ ᠦᠵᠡᠰᠬᠦᠯᠡᠩ ᠢ ᠡᠷᠭᠢᠯᠡᠪᠡ
ᠨᠡᠶᠢᠲᠡᠯᠡᠭᠰᠡᠨ ᠴᠠᠭ᠄
2023/6/13
   ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ ᠤᠨ ᠲᠡᠮᠳᠡᠭᠯᠡᠯ ᠪᠠ ᠬᠤᠲᠠ ᠶᠢᠨ ᠳᠤᠷᠠᠰᠤᠮᠵᠢ  ᠶᠢᠨ ᠦᠶᠯᠡᠳᠦᠯ ᠢ ᠭᠦᠶᠴᠡᠳ ᠪᠠᠳᠠᠷᠠᠭᠤᠯᠬᠤ ᠶᠢᠨ ᠲᠥᠯᠥᠭᠡ᠂ 6 ᠰᠠᠷ᠎ᠠ ᠶᠢᠨ 9 ᠤ ᠡᠳᠦᠷ᠂ ᠲᠦᠴᠢᠦᠸᠠᠨ ᠰᠢᠶᠠᠨ  ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠲᠦᠴᠢᠦᠸᠠᠨ ᠰᠢᠶᠠᠨ ᠤ ᠰᠣᠶᠣᠯ ᠤᠨ ᠣᠷᠳᠣᠨ ᠲᠠᠢ ᠬᠠᠮᠲᠤᠷᠠᠨ ︽ᠲᠦᠴᠢᠦᠸᠠᠨ ᠤ ᠳᠤᠷᠠᠰᠤᠮᠵᠢ ᠬᠤᠲᠠ ᠶᠢᠨ ᠰᠠᠭᠤᠭᠳᠠᠯ︾ ᠲᠠᠩᠰᠠ ᠡᠪᠬᠡᠮᠡᠯ ᠤᠨ ᠬᠡᠷᠡᠯ ᠵᠢᠷᠤᠭ ᠤᠨ ᠦᠵᠡᠰᠬᠦᠯᠡᠩ ᠤᠨ ᠠᠵᠢᠯᠯᠠᠭ᠎ᠠ ᠡᠷᠭᠢᠯᠡᠪᠡ᠃    ᠠᠵᠢᠯᠯᠠᠭ᠎ᠠ ᠳᠤᠮᠳᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠳᠤ ᠬᠠᠳᠠᠭᠠᠯᠠᠵᠤ ᠪᠠᠶᠢᠭ᠎ᠠ ᠭᠡᠷᠡᠯ ᠵᠢᠷᠤᠭ ᠤᠨ ᠳᠠᠩᠰᠠ ᠡᠪᠬᠡᠮᠡᠯ ᠠᠴᠠ ᠳᠠᠯᠠ ᠨᠠᠶᠠᠭᠠᠳ ᠣᠨ ᠤ ᠦᠶ᠎ᠡ ᠶᠢᠨ ᠬᠤᠲᠠ ᠶᠢᠨ ᠪᠦᠲᠦᠭᠡᠨ ᠪᠠᠶᠢᠭᠤᠯᠤᠯᠲᠠ  ᠶᠢᠨ ᠭᠡᠷᠡᠯ ᠵᠢᠷᠤᠭ ᠢ ᠨᠠᠷᠢᠨ ᠨᠢᠮᠪᠠᠶ ᠰᠣᠩᠭᠤᠨ ᠭᠠᠷᠭᠠᠵᠤ᠂ ᠬᠠᠭᠤᠴᠢᠨ ᠭᠡᠷᠡᠯ ᠵᠢᠷᠤᠭ ᠢᠶᠠᠷ ᠲᠡᠦᠬᠡ ᠶᠢ ᠡᠷᠭᠢᠴᠡᠭᠦᠯᠬᠦ ᠶᠢᠨ ᠬᠠᠮᠲᠤ ᠰᠢᠶᠠᠨ ᠤ ᠰᠣᠶᠣᠯ ᠤᠨ ᠣᠷᠳᠣᠨ ᠭᠡᠷᠡᠯ ᠵᠢᠷᠤᠭᠴᠢᠳ ᠢ ᠵᠣᠬᠢᠶᠠᠨ ᠪᠠᠶᠢᠭᠤᠯᠤᠨ ᠣᠳᠣᠬᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠰᠡᠭᠦᠳᠡᠷᠯᠡᠵᠦ᠂ ᠰᠢᠨ᠎ᠡ ᠭᠡᠷᠡᠯ ᠵᠢᠷᠤᠭ ᠢᠶᠠᠷ ᠣᠳᠣᠬᠠᠨ ᠤ ᠪᠠᠶᠢᠳᠠᠯ ᠢ ᠲᠡᠮᠳᠡᠭᠯᠡᠵᠦ᠂ ᠣᠯᠠᠨ ᠳᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠬᠤᠪᠢᠷᠠᠯᠲᠠ ᠶᠢ ᠰᠢᠭᠤᠳ ᠮᠡᠳᠡᠷᠡᠭᠦᠯᠪᠡ᠃    ︽ᠡᠨᠡ ᠡᠳᠦᠷ ᠤᠨ ᠦᠵᠡᠰᠬᠦᠯᠡᠩ ᠢᠶᠠᠷ ᠳᠡᠮᠵᠢᠨ᠂ ᠡᠲᠡᠭᠡᠷ ᠬᠠᠭᠤᠴᠢᠨ ᠬᠡᠷᠡᠯ ᠵᠢᠷᠤᠭ ᠢ ᠦᠵᠡᠭᠡᠳ᠂ ᠮᠢᠨᠦ 35 ᠵᠢᠯ ᠤᠨ ᠡᠷᠭᠢᠴᠡᠭᠦᠯᠦᠯ ᠢ ᠪᠤᠳᠤᠭᠳᠠᠭᠤᠯᠪᠠ᠂ ᠡᠲᠡᠭᠡᠷ ᠬᠡᠷᠡᠯ ᠵᠢᠷᠤᠭ ᠲᠤᠶᠢᠯ ᠤᠨ ᠬᠤᠪᠣᠷ ᠨᠠᠨᠳᠢᠨ᠂ ᠮᠠᠨ ᠤ ᠲᠦᠴᠢᠦᠸᠠᠨ 40 ᠭᠠᠷᠤᠶ ᠵᠢᠯ ᠤᠨ ᠲᠡᠮᠡᠴᠡᠯ ᠢᠶᠠᠷ ᠳᠡᠮᠵᠢᠨ᠂ ᠬᠤᠪᠢᠷᠠᠯᠲᠠ ᠮᠠᠰᠢ ᠶᠡᠭᠡ᠂ ᠥᠩᠭᠡᠷᠡᠭᠰᠡᠨ ᠤ ᠲᠡᠳᠡᠭᠡᠷ ᠬᠠᠭᠤᠴᠢᠨ ᠬᠡᠷᠡᠯ ᠵᠢᠷᠤᠭ ᠲᠠᠢ ᠬᠠᠷᠢᠴᠠᠭᠤᠯᠪᠠᠯ᠂ ᠣᠲᠣ ᠬᠥᠭᠵᠢᠯᠲᠡ ᠨᠢ ᠲᠦᠷᠭᠡᠨ ᠮᠥᠷᠲᠡᠭᠡᠨ ᠰᠠᠶᠢᠨ᠂ ᠭᠠᠵᠠᠷ ᠪᠣᠯᠭᠠᠨ ᠳᠤ ᠥᠨᠳᠥᠷ ᠠᠰᠠᠷ ᠲᠠᠭᠲᠤ᠂ ᠵᠡᠭᠡᠯᠢ ᠳᠡᠯᠭᠡᠭᠦᠷ ᠤᠳ ᠴᠥᠮ ᠮᠠᠰᠢ ᠴᠡᠪᠡᠷ ᠴᠡᠮᠴᠡᠭᠡᠷ ᠪᠠᠶᠢᠨ᠎ᠠ᠂ ᠲᠦᠴᠢᠦᠸᠠᠨ ᠤ ᠬᠥᠮᠦᠨ ᠪᠣᠯᠤᠭᠰᠠᠨ ᠤ ᠬᠤᠪᠢ ᠳᠤ᠂ ᠪᠢ ᠮᠠᠰᠢ ᠪᠠᠶᠠᠷᠯᠠᠵᠤ ᠪᠠᠶᠢᠨ᠎ᠠ︾ ᠭᠡᠵᠦ ᠰᠠᠭᠤᠭᠠᠯᠢ ᠠᠷᠠᠳ ᠯᠢᠶᠠᠩ ᠬᠦᠢ ᠵᠦᠩ ᠬᠡᠯᠡᠪᠡ᠃    ᠰᠢᠨ᠎ᠡ ᠬᠠᠭᠤᠴᠢᠨ ᠬᠡᠷᠡᠯ ᠵᠢᠷᠤᠭ ᠤᠨ ᠰᠣᠯᠪᠢᠴᠠᠯ ᠢᠶᠠᠷ ᠳᠡᠮᠵᠢᠨ᠂ ᠲᠡᠦᠬᠡ ᠶᠢᠨ ᠣᠷᠳᠣ ᠤᠷᠤᠰᠬᠠᠯ ᠳᠠᠬᠢ ᠬᠡᠷᠡᠯ ᠭᠢᠯᠪᠠᠭ᠎ᠠ ᠶᠢ ᠳᠠᠬᠢᠨ ᠢᠯᠡᠷᠡᠭᠦᠯᠵᠦ᠂ ᠴᠥᠬᠦᠷᠡᠰᠢ ᠥᠬᠡᠶ ᠲᠡᠮᠡᠴᠡᠯ ᠤᠨ ᠳᠤᠮᠳᠠᠬᠢ ᠶᠠᠭᠠᠷᠠᠯᠲᠠᠶ ᠪᠠᠶᠢᠳᠠᠯ᠂ ᠬᠥᠭᠵᠢᠯᠲᠡ ᠶᠢᠨ ᠠᠮᠵᠢᠯᠲᠠ ᠪᠦᠲᠦᠮᠵᠢ᠂ ᠬᠤᠪᠣᠷ ᠨᠠᠨᠳᠢᠨ ᠬᠡᠷᠡᠯ ᠰᠡᠭᠦᠳᠡᠷ ᠤᠳ ᠢᠶᠠᠷ ᠳᠡᠮᠵᠢᠨ᠂ ᠲᠦᠴᠢᠦᠸᠠᠨ ᠰᠢᠶᠠᠨ ᠤ ᠦᠩᠭᠡᠷᠡᠭᠰᠡᠨ ᠤᠯᠠ ᠮᠥᠷ ᠢ ᠲᠡᠮᠳᠡᠭᠯᠡᠵᠦ᠂ ᠲᠦᠴᠢᠦᠸᠠᠨ ᠤ ᠬᠥᠮᠦᠰ ᠤᠨ ᠪᠠᠲᠤ ᠴᠢᠩᠭ᠎ᠠ ᠮᠡᠳᠡᠷᠡᠮᠵᠢ  ᠶᠢᠨ ᠲᠥᠷᠥᠭᠳᠡᠯ ᠪᠠ ᠭᠦᠨ ᠵᠤᠵᠠᠭᠠᠨ ᠤᠮᠤᠭᠰᠢᠯᠲᠤ ᠰᠡᠳᠬᠢᠯᠭᠡ ᠶᠢ ᠬᠥᠭᠵᠢᠭᠡᠪᠡ᠃ ᠲᠦᠴᠢᠦᠸᠠᠨ ᠤ ᠠᠷᠠᠳ ᠲᠦᠮᠡᠨ ᠤ ᠥᠩᠭᠡᠷᠡᠭᠰᠡᠨ ᠤ ᠲᠡᠦᠬᠡ ᠪᠠᠨ ᠡᠭᠦᠷᠢᠳᠡ ᠰᠡᠳᠬᠢᠯ ᠳᠡᠭᠡᠨ ᠬᠠᠳᠠᠩᠰᠢᠭᠤᠯᠵᠤ᠂ ᠴᠠᠭ ᠦᠶ᠎ᠡ ᠠᠴᠠ ᠣᠯᠭᠤᠭᠰᠠᠨ ᠬᠠᠷᠢᠭᠤᠴᠠᠯᠭ᠎ᠠ ᠪᠣᠯᠤᠨ ᠡᠭᠦᠷᠭᠡ ᠪᠠᠨ ᠬᠠᠮᠲᠤ ᠪᠠᠷ ᠡᠭᠦᠷᠭᠡᠯᠡᠵᠦ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠪᠠᠶᠢᠭᠤᠯᠬᠤ ᠰᠦᠷ ᠳᠠᠯᠠᠶᠢᠴᠠᠲᠠᠢ ᠬᠦᠴᠦᠨ ᠴᠢᠳᠠᠯ ᠢ ᠨᠢᠭᠲᠠᠷᠠᠭᠤᠯᠬᠤ ᠶᠢ ᠵᠣᠷᠢᠭᠵᠢᠭᠤᠯᠤᠨ᠎ᠠ᠃    ︽ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠯ ᠵᠢᠷᠤᠭ ᠤᠨ ᠦᠵᠡᠰᠬᠦᠯᠡᠩ ᠢ ᠵᠣᠬᠢᠶᠠᠨ ᠪᠠᠶᠢᠭᠤᠯᠬᠤ ᠠᠷᠭ᠎ᠠ ᠪᠠᠷ ᠬᠡᠷᠡᠯ ᠰᠠᠴᠤᠷᠠᠩᠭᠤᠶ ᠲᠡᠦᠬᠡᠨ ᠠᠬᠢᠴᠠ ᠶᠢ ᠳᠠᠬᠢᠨ ᠢᠯᠡᠷᠡᠭᠦᠯᠦᠨ᠎ᠡ᠃ ᠳᠡᠷᠭᠡᠳᠡᠬᠢ ᠬᠤᠪᠢᠷᠠᠵᠤ ᠪᠠᠶᠢᠭ᠎ᠠ ᠵᠣᠯ ᠵᠢᠷᠭᠠᠯᠲᠤ ᠠᠮᠢᠳᠤᠷᠠᠯ ᠢ ᠮᠡᠳᠡᠷᠡᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠪᠠ᠃︾ ᠭᠡᠵᠦ ᠲᠦᠴᠢᠦᠸᠠᠨ ᠰᠢᠶᠠᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠤ ᠳᠠᠷᠤᠭ᠎ᠠ ᠵᠠᠩ ᠯᠢ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号