ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠣᠯᠣᠳᠤᠭᠠᠷ ᠬᠤᠭᠤᠴᠠᠭᠠᠨ ᠤ ︽ᠰᠢᠶᠠᠨ ᠤ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠤ ᠳᠠᠭᠠᠭᠤᠯᠤᠭᠴᠢ᠂ ᠰᠤᠷᠭᠠᠭᠴᠢ᠂ ᠬᠢᠨᠠᠭᠴᠢ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/15
   ᠮᠠᠨ ᠤ ᠰᠢᠶᠠᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠤ ᠳᠠᠭᠠᠭᠤᠯᠤᠭᠴᠢ᠂ ᠰᠤᠷᠭᠠᠭᠴᠢ ᠶᠢᠨ ᠵᠢᠭᠠᠨ ᠰᠤᠷᠭᠠᠬᠤ ᠬᠢᠷᠢ ᠲᠦᠪᠰᠢᠨ ᠪᠠ ᠬᠢᠨᠠᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ  ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠰᠢᠶᠠᠨ  ᠤ 28 ᠳᠠᠭᠠᠭᠤᠯᠤᠭᠴᠢ᠂ 46 ᠰᠤᠷᠭᠠᠭᠴᠢ᠂ 32 ᠬᠢᠨᠠᠭᠴᠢ ᠶᠢ ᠵᠣᠬᠢᠶᠠᠨ ᠪᠠᠶᠢᠭᠤᠯᠵᠤ ᠤᠷᠤᠯᠳᠤᠭᠠᠨ ᠠᠴᠠ ᠡᠮᠦᠨᠡᠬᠢ ᠠᠵᠢᠯ ᠤᠨ ᠬᠤᠷᠠᠯ ᠵᠢᠴᠢ ᠬᠢᠨᠠᠭᠴᠢ ᠶᠢᠨ ᠪᠣᠯᠪᠠᠰᠤᠷᠠᠯ ᠤᠨ ᠬᠤᠷᠠᠯ ᠢ ᠥᠷᠨᠢᠭᠦᠯᠪᠡ᠃    ᠬᠤᠷᠠᠯ ᠳᠡᠭᠡᠷ᠎ᠡ᠂ ᠶᠠᠭᠤᠨ ᠤ ᠡᠮᠦᠨ᠎ᠡ ᠰᠢᠤᠢ ᠯᠸᠢ ᠳᠡᠳ᠋ ᠲᠣᠪᠴᠢᠶᠠᠨ ᠳᠠᠷᠤᠭ᠎ᠠ ᠴᠢᠬᠤᠯᠠᠴᠢᠯᠠᠬᠤ ᠳᠠᠭᠠᠨ᠄ ᠨᠢᠭᠡ᠂ ᠡᠯ᠎ᠡ ᠰᠤᠷᠭᠠᠭᠤᠯᠢ ᠨᠢ ᠤᠷᠤᠯᠳᠤᠭᠠᠨ ᠤ ᠲᠠᠯᠠᠪᠤᠷ ᠤᠨ ᠡᠮᠬᠢ ᠵᠢᠷᠤᠮ᠂ ᠡᠬᠢᠯᠡᠯᠲᠡ ᠶᠢᠨ ᠶᠣᠰᠣᠯᠠᠯ ᠤᠨ ᠡᠮᠬᠢ ᠵᠢᠷᠤᠮ ᠢ ᠤᠬᠠᠮᠰᠠᠷ ᠠᠴᠠ ᠪᠠᠨ ᠬᠠᠮᠠᠭᠠᠯᠠᠵᠤ᠂ ᠭᠡᠰᠢᠭᠦᠳ ᠤᠨ ᠬᠥᠮᠦᠵᠢᠯ ᠵᠢᠯᠣᠭᠤᠳᠣᠯᠭ᠎ᠠ ᠶᠢ ᠴᠢᠩᠭᠠᠳᠬᠠᠨ ᠂ ᠪᠣᠯᠪᠠᠰᠤᠨ ᠡᠮᠬᠢ ᠵᠢᠷᠤᠮ ᠲᠠᠢ ᠤᠷᠤᠯᠳᠤᠭᠠᠨ ᠤ ᠲᠠᠯᠠᠪᠤᠷ ᠤᠨ ᠠᠭᠤᠷ ᠠᠮᠢᠰᠬᠤᠯ ᠢ ᠪᠠᠶᠢᠭᠤᠯᠬᠤ ᠬᠡᠷᠡᠭᠲᠡᠶ᠃ ᠬᠤᠶᠠᠷ᠂ ᠢᠷᠡᠵᠦ ᠶᠠᠪᠤᠬᠤ ᠵᠠᠮ ᠬᠠᠷᠢᠯᠴᠠᠭᠠᠨ ᠤ ᠠᠮᠤᠷ ᠲᠦᠪᠰᠢᠨ ᠢ ᠴᠢᠩᠭᠠᠳᠬᠠᠵᠤ᠂ ᠭᠡᠰᠢᠭᠦᠳ ᠤᠨ ᠪᠡᠶ᠎ᠡ ᠶᠢᠨ ᠠᠮᠤᠷ ᠲᠦᠪᠰᠢᠨ ᠢ ᠴᠢᠬᠤᠯᠠᠴᠢᠯᠠᠨ ᠪᠠᠲᠤᠯᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠨ᠂ ᠤᠷᠤᠯᠳᠤᠭᠠᠨ ᠳᠤ ᠪᠣᠯᠪᠠᠰᠤᠨ ᠢᠶᠠᠷ ᠣᠷᠣᠯᠴᠠᠬᠤ ᠪᠠᠶᠢᠳᠠᠯ ᠢ ᠪᠠᠲᠤᠯᠠᠬᠤ ᠬᠡᠷᠡᠭᠲᠡᠶ᠃ ᠭᠤᠷᠪᠠ᠂ ᠠᠵᠢᠯᠯᠠᠭ᠎ᠠ ᠶᠢ ᠭᠦᠢᠴᠡᠳ ᠠᠰᠢᠭᠯᠠᠵᠤ᠂ ᠠᠵᠢᠯᠯᠠᠭ᠎ᠠ ᠶᠢᠨ ᠬᠥᠮᠦᠵᠢᠭᠦᠯᠬᠦ ᠵᠣᠷᠢᠯᠭ᠎ᠠ ᠳᠤ ᠬᠦᠷᠬᠦ ᠬᠡᠷᠡᠭᠲᠡᠢ᠃ ᠤᠷᠤᠯᠳᠤᠭᠠᠨ ᠢᠶᠠᠷ ᠳᠠᠮᠵᠢᠨ ᠰᠤᠷᠤᠭᠴᠢᠳ ᠤᠨ ᠳᠦᠷᠢᠮ ᠲᠣᠭᠲᠠᠭᠠᠯ ᠢ ᠵᠢᠷᠤᠮᠯᠠᠬᠤ ᠤᠬᠠᠮᠰᠠᠷ ᠢ ᠬᠥᠮᠦᠵᠢᠭᠦᠯᠵᠦ᠂ ᠪᠦᠯᠬᠦᠮ ᠨᠡᠶᠢᠲᠡ ᠶᠢᠨ ᠬᠠᠮᠲᠤᠷᠠᠨ ᠠᠵᠢᠯᠯᠠᠬᠤ ᠵᠣᠷᠢᠭ ᠰᠠᠨᠠᠭ᠎ᠠ ᠶᠢ ᠴᠢᠩᠭᠠᠳᠬᠠᠵᠤ᠂ ᠥᠪᠡᠷ ᠤᠨ ᠰᠢᠷᠭᠠᠭᠤ ᠬᠠᠲᠠᠭᠤᠵᠢᠯᠲᠠᠶ ᠲᠡᠮᠡᠴᠡᠬᠦ ᠵᠣᠷᠢᠭ ᠰᠠᠨᠠᠭ᠎ᠠ ᠵᠠᠩ ᠴᠢᠨᠠᠷ ᠢᠶᠠᠨ ᠳᠠᠪᠠᠭ᠋ᠤ ᠬᠡᠷᠡᠭᠲᠡᠶ᠃    ᠲᠠᠷᠠᠭ᠎ᠠ ᠳᠤᠨᠢ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠥᠳᠡᠯᠮᠦᠷᠢ ᠶᠢᠨ ᠠᠯᠪᠠᠨ ᠭᠡᠷ ᠤᠨ ᠾᠧᠦ ᠭᠤᠸᠠᠩ ᠴᠢᠤᠸᠠᠨ ᠤᠷᠤᠯᠳᠤᠭᠠᠨ ᠳᠤ ᠤᠯᠠᠮ ᠨᠢᠭᠡ ᠠᠯᠬᠤᠮ ᠲᠣᠳᠣᠷᠬᠠᠶ ᠱᠠᠭᠠᠷᠳᠠᠯᠭ᠎ᠠ ᠲᠤᠷᠠᠳᠴᠤ᠂ ᠤᠷᠤᠯᠳᠤᠭᠠᠨ ᠤ ᠳᠦᠷᠢᠮ ᠢ ᠵᠠᠳᠠᠯᠤᠨ ᠲᠠᠶᠢᠯᠪᠤᠷᠢᠯᠠᠵᠤ᠂ ᠬᠥᠯ ᠪᠥᠮᠪᠦᠭᠡ ᠶᠢᠨ ᠤᠷᠤᠯᠳᠤᠭᠠᠨ ᠤ ᠳᠦᠷᠢᠮ ᠢ ᠰᠤᠷᠭᠠᠭᠴᠢ ᠳᠤ ᠨᠠᠩ ᠲᠣᠳᠣᠷᠬᠠᠶ ᠣᠢᠯᠠᠭᠠᠭᠤᠯᠬᠤ ᠪᠣᠯᠤᠨ᠎ᠠ᠃    ᠬᠠᠮᠤᠭ ᠰᠡᠭᠦᠯ ᠳᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠶ ᠬᠠᠶ ᠸᠧᠶ ᠪᠠᠭᠰᠢ ᠣᠨᠣᠯ ᠤᠨ ᠮᠡᠳᠡᠯᠭᠡ  ᠶᠢᠨ ᠲᠠᠶᠢᠯᠤᠮᠵᠢ ᠬᠢᠬᠦ ᠪᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠤ ᠪᠠᠶᠢᠩᠭᠤ ᠲᠣᠬᠢᠶᠠᠯᠳᠤᠳᠠᠭ ᠠᠰᠠᠭᠤᠳᠠᠯ᠂ ᠲᠠᠰᠤᠯᠤᠯᠲᠠ ᠬᠢᠭᠰᠡᠨ ᠲᠤᠷᠰᠢᠯᠭ᠎ᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠲᠠᠶᠢᠯᠤᠮᠵᠢ ᠬᠢᠵᠦ ᠬᠤᠪᠢᠶᠠᠯᠴᠠᠪᠠ᠃ ᠬᠢᠨᠠᠭᠴᠢ ᠶᠢᠨ ᠲᠤᠰᠢᠶᠠᠯ ᠬᠠᠷᠢᠭᠤᠴᠠᠯᠭ᠎ᠠ ᠪᠠ ᠡᠷᠬᠡ ᠶᠢᠨ ᠬᠢᠵᠠᠭᠠᠷ ᠢ ᠭᠤᠣᠯᠴᠢᠯᠠᠨ ᠲᠠᠶᠢᠯᠪᠤᠷᠢᠯᠠᠬᠤ ᠶᠢᠨ ᠬᠠᠮᠲᠤ ᠬᠤᠪᠢ ᠲᠡᠮᠳᠡᠭᠯᠡᠬᠦ ᠬᠦᠰᠦᠨᠦᠭᠲᠦ ᠶᠢ ᠲᠠᠭᠯᠠᠨ ᠪᠢᠴᠢᠬᠦ ᠳᠤ ᠵᠢᠷᠤᠮᠵᠢᠯ  ᠤᠨ ᠱᠠᠭᠠᠷᠳᠠᠯᠭ᠎ᠠ ᠳᠤᠷᠠᠳᠴᠤ᠂ ᠮᠠᠨ ᠤ ᠰᠢᠶᠠᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠢᠨᠠᠭᠴᠢ  ᠶᠢᠨ ᠠᠵᠢᠯ ᠮᠡᠷᠭᠡᠵᠢᠯ ᠤᠨ ᠶᠣᠰᠣ ᠮᠣᠷᠠᠯ᠂ ᠣᠨᠣᠯ ᠤᠨ ᠬᠢᠷᠢ ᠬᠡᠮᠵᠢᠶ᠎ᠡ ᠪᠠ ᠲᠠᠰᠤᠯᠤᠨ ᠲᠣᠭᠲᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠯ ᠪᠥᠮᠪᠦᠭᠡ ᠶᠢᠨ ᠤᠷᠤᠯᠳᠤᠭᠠᠨ ᠤ ᠲᠠᠰᠤᠯᠤᠨ ᠲᠣᠭᠲᠠᠭᠠᠬᠤ ᠠᠵᠢᠯ  ᠢ ᠤᠷᠤᠭᠰᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠪᠠ᠃    ᠲᠣᠰ ᠤᠳᠠᠭᠠᠨ ᠤ ᠬᠤᠷᠠᠯ ᠠᠴᠠ ᠳᠣᠯᠣᠳᠤᠭᠠᠷ ᠬᠤᠭᠤᠴᠠᠭᠠᠨ ᠤ ︽ᠰᠢᠶᠠᠨ ᠤ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠢ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ᠂ ᠮᠠᠨ ᠤ ᠰᠢᠶᠠᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠢᠨᠵᠢᠯᠡᠬᠦ ᠤᠬᠠᠭᠠᠨᠴᠢ ᠵᠢᠷᠤᠮᠵᠢᠭᠤᠨ ᠬᠥᠭᠵᠢᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ ᠡᠷᠡᠭᠦᠯ ᠪᠥᠭᠡᠳ ᠡᠶ᠎ᠡ ᠵᠣᠬᠢᠴᠠᠯ ᠲᠠᠢ ᠤᠷᠤᠯᠳᠤᠭᠠᠨ ᠤ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号