ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠯ ᠵᠢᠴᠢ ᠤᠰᠤᠨ ᠳᠤ ᠴᠠᠴᠠᠬᠤ ᠠᠴᠠ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠬᠢᠪᠡ
ᠨᠡᠶᠢᠲᠡᠯᠡᠭᠰᠡᠨ ᠴᠠᠭ᠄
2023/6/17
   ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ  ᠤᠨ ︽︿ᠰᠤᠷᠭᠠᠭᠤᠯᠢ ᠶᠢᠨ ᠬᠦᠷᠢᠶ᠎ᠡ ᠳᠤ ᠰᠠᠬᠢᠨ ᠬᠠᠮᠠᠭᠠᠯᠠᠬᠤ﹀ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠮᠡᠳᠡᠭᠳᠡᠯ︾ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠲᠦᠷᠭᠡᠨ ᠠᠪᠤᠷᠠᠯᠳᠠ ᠶᠢᠨ ᠬᠥᠮᠦᠵᠢᠯ ᠤᠨ ᠠᠵᠢᠯ ᠢ ᠢᠳᠡᠪᠬᠢᠲᠡᠶ ᠠᠬᠢᠭᠤᠯᠵᠤ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠣᠯᠤᠨ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠵᠤ ᠬᠠᠷᠢᠯᠴᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 15 ᠤ ᠡᠳᠦᠷ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠠᠮᠲᠤᠷᠠᠨ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠬᠦᠷᠴᠦ ᠪᠠᠴᠢᠮ ᠠᠪᠤᠷᠠᠯᠳᠠ  ᠶᠢᠨ ᠪᠣᠯᠪᠠᠰᠤᠷᠠᠯ ᠵᠢᠴᠢ ᠤᠰᠤᠨ ᠳᠤ ᠴᠠᠴᠠᠬᠤ ᠶᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠰᠤᠷᠭᠠᠭᠤᠯᠢ  ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ  ᠳᠤ᠄ ᠲᠦᠴᠢᠦᠸᠠᠨ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠣᠯᠪᠠᠰᠤᠷᠠᠯ ᠤᠨ ᠯᠧᠺᠲ᠋ᠣᠷ ᠸᠠᠩ ᠰᠢᠶᠠᠩ ᠵᠢᠶᠦ᠋ᠨ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ  ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠨ ᠬᠥᠳᠡᠯᠮᠦᠷᠢ ᠶᠢᠨ ᠠᠯᠪᠠᠨ ᠬᠡᠷ ᠤᠨ ᠾᠧᠦ ᠭᠤᠸᠠᠩ ᠴᠢᠤᠸᠠᠨ᠂ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠡᠳ᠋ ᠵᠠᠬᠢᠷᠤᠯ ᠰᠦᠨ ᠵᠢᠩ ᠵᠢᠩ ᠪᠣᠶ᠃ ᠥᠨᠳᠥᠷ ᠳᠤᠮᠳᠠᠳᠤ ᠶᠢᠨ ᠨᠢᠭᠡᠳᠦᠭᠡᠷ ᠣᠨ ᠤ 230 ᠪᠠᠭᠰᠢ ᠰᠤᠷᠤᠭᠴᠢ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃    ᠡᠩ ᠲᠡᠷᠢᠭᠦᠨ ᠳᠤ᠂ ᠸᠠᠩ ᠰᠢᠶᠠᠩ ᠵᠢᠶᠦ᠋ᠨ ᠠᠴᠠ ᠰᠤᠷᠤᠭᠴᠢᠳ ᠳᠤ ᠠᠪᠤᠷᠠᠬᠤ ᠮᠡᠳᠡᠯᠭᠡ ᠶᠢᠨ ᠣᠨᠣᠯ ᠤᠨ ᠲᠠᠶᠢᠯᠤᠮᠵᠢ ᠬᠢᠪᠡ᠃ ᠵᠠᠷᠢᠮ ᠦᠨᠡᠨ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠰᠤᠷᠤᠭᠴᠢᠳ ᠤᠨ ᠳᠡᠷᠭᠡᠳᠡ ᠡᠭᠦᠰᠦᠭᠰᠡᠨ ᠵᠠᠷᠢᠮ ᠪᠠᠶᠢᠩᠭᠤ ᠲᠣᠬᠢᠶᠠᠯᠳᠤᠳᠠᠭ ᠭᠠᠶ ᠭᠠᠮᠰᠢᠭ ᠢ ᠰᠡᠷᠡᠮᠵᠢᠯᠡᠭᠦᠯᠵᠦ᠂ ᠠᠮᠢ ᠨᠠᠰᠤ ᠶᠢ ᠠᠪᠤᠷᠬᠠᠤ ︽ᠰᠢᠵᠢᠷ ᠠᠯᠲᠠᠨ 4 ᠮᠢᠨᠦ᠋ᠲ︾ ᠢ ᠴᠢᠬᠤᠯᠠᠴᠢᠯᠠᠨ᠂ ᠵᠢᠷᠦᠬᠡ ᠠᠭᠤᠰᠬᠢᠨ ᠤ ᠰᠡᠷᠭᠦᠭᠡᠯᠲᠡ ᠶᠢᠨ ᠠᠯᠬᠤᠮ ᠳᠠᠷᠠᠭ᠎ᠠ ᠪᠠ ᠶᠠᠪᠤᠴᠠ ᠶᠢ ᠲᠠᠶᠢᠯᠪᠤᠷᠢᠯᠠᠨ ᠵᠢᠭᠠᠵᠤ᠂ ᠰᠤᠷᠤᠭᠴᠢᠳ ᠲᠤ ᠲᠦᠷᠭᠡᠨ ᠠᠪᠤᠷᠠᠯᠳᠠ ᠶᠢᠨ ᠴᠢᠬᠤᠯᠠ ᠴᠢᠨᠠᠷ ᠢ ᠣᠶᠢᠯᠠᠭᠠᠭᠤᠯᠬᠤ ᠵᠢᠴᠢ ᠠᠪᠤᠷᠠᠨ ᠲᠤᠰᠠᠯᠠᠭᠴᠢ ᠨᠢ ᠵᠢᠷᠦᠬᠡ ᠠᠭᠤᠰᠬᠢᠨ ᠤ ᠰᠡᠷᠭᠦᠭᠡᠯᠲᠡ ᠬᠢᠬᠦ ᠴᠢᠬᠤᠯᠠᠲᠠᠶ ᠡᠪᠡᠳᠴᠢᠲᠡᠨ ᠳᠤ ᠬᠠᠷᠢᠶᠠᠯᠠᠭᠳᠠᠬᠤ ᠡᠰᠡᠬᠦ ᠶᠢ ᠬᠡᠷᠬᠢᠨ ᠵᠥᠪ ᠮᠠᠭᠠᠳᠯᠠᠬᠤ ᠲᠤᠬᠠᠶ ᠭᠤᠤᠯᠳᠠᠭᠤ ᠦᠵᠡᠯ ᠤᠬᠠᠮᠰᠠᠷ᠂ ᠠᠮᠢᠰᠬᠤᠯ᠂ ᠵᠢᠷᠦᠬᠡᠨ ᠴᠣᠬᠢᠯᠭ᠎ᠠ ᠵᠡᠷᠭᠡ ᠪᠠᠶᠢᠳᠠᠯ ᠠᠴᠠ ᠮᠠᠭᠠᠳᠯᠠᠯᠲᠠ ᠬᠢᠬᠦ ᠬᠡᠷᠡᠭᠲᠡᠶ᠃    ᠲᠠᠷᠠᠭ᠎ᠠ ᠳᠤᠨᠢ᠂ ᠬᠥᠮᠦᠨ ᠤ ᠪᠡᠶ᠎ᠡ ᠶᠢᠨ ᠵᠠᠭᠪᠤᠷ ᠢ ᠬᠡᠷᠡᠭᠯᠡᠨ ᠵᠢᠷᠦᠬᠡ ᠠᠭᠤᠰᠬᠢᠨ ᠤ ᠰᠡᠷᠭᠦᠭᠡᠯᠲᠡ ᠶᠢᠨ ᠠᠵᠢᠯᠯᠠᠭᠠᠨ ᠤ ᠶᠠᠪᠤᠴᠠ ᠵᠢᠴᠢ ᠲᠦᠷᠭᠡᠨ ᠠᠪᠤᠷᠠᠯᠳᠠ ᠳᠤ ᠬᠡᠷᠬᠢᠨ ᠪᠡᠶ᠎ᠡ ᠶᠢᠨ ᠪᠠᠶᠢᠷᠢ ᠪᠠᠨ ᠲᠣᠬᠢᠷᠠᠭᠤᠯᠬᠤ᠂ ᠠᠮᠢᠰᠬᠤᠯ ᠤᠨ ᠵᠠᠮ ᠢ ᠨᠡᠭᠡᠭᠡᠬᠦ᠂ ᠠᠮᠢᠰᠬᠤᠯ᠂ ᠬᠥᠮᠦᠨ ᠤ ᠬᠦᠴᠦ ᠪᠠᠷ ᠠᠮᠢᠰᠬᠤᠭᠤᠯᠬᠤ᠂ ᠴᠡᠭᠡᠵᠢᠨ ᠭᠠᠳᠠᠨ᠎ᠠ  ᠠᠴᠠ ᠨᠢ ᠵᠢᠷᠦᠬᠡᠨ ᠳᠤ ᠳᠠᠷᠤᠯᠲᠠ ᠥᠭᠬᠦ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠢ ᠲᠤᠬᠠᠶ ᠶᠢᠨ ᠲᠠᠯᠠᠪᠤᠷ ᠲᠤ ᠬᠡᠷᠡᠭᠯᠡᠵᠦ ᠵᠢᠱᠢᠶ᠎ᠡ ᠦᠵᠡᠭᠦᠯᠪᠡ᠃ ᠪᠠᠭᠰᠢ ᠰᠤᠷᠤᠭᠴᠢᠳ ᠲᠤ ᠠᠪᠤᠷᠠᠨ ᠲᠤᠰᠠᠯᠠᠬᠤ ᠮᠡᠳᠡᠯᠭᠡ ᠶᠢ ᠨᠠᠩ ᠰᠠᠶᠢᠨ ᠡᠵᠡᠮᠰᠢᠭᠦᠯᠬᠦ ᠶᠢᠨ ᠲᠥᠯᠥᠭᠡ᠂ ᠪᠣᠯᠪᠠᠰᠤᠷᠠᠭᠤᠯᠤᠯ ᠤᠨ ᠳᠤᠮᠳᠠ ᠰᠤᠷᠤᠭᠴᠢᠳ ᠤᠨ ᠠᠰᠠᠭᠤᠯᠲᠠ ᠬᠠᠷᠢᠭᠤᠯᠲᠠ᠂ ᠰᠤᠷᠤᠭᠴᠢᠳ ᠤᠨ ᠲᠤᠬᠠᠶ ᠶᠢᠨ ᠲᠠᠯᠠᠪᠤᠷ ᠲᠤ ᠪᠣᠳᠠᠲᠠᠶ ᠪᠣᠯᠪᠠᠰᠤᠷᠠᠯ ᠬᠢᠬᠦ ᠭᠤᠭᠴᠣᠭᠠᠨ ᠠᠴᠠ ᠪᠠᠭᠰᠢ ᠰᠤᠷᠤᠭᠴᠢᠳ ᠢᠳᠡᠪᠬᠢᠲᠡᠶ ᠰᠣᠯᠢᠯᠴᠠᠵᠤ᠂ ᠪᠣᠯᠪᠠᠰᠤᠷᠠᠭᠤᠯᠤᠯ ᠤᠨ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠮᠠᠰᠢ ᠬᠥᠷ ᠬᠥᠭᠵᠢᠶᠡᠨ ᠲᠠᠢ ᠪᠠᠶᠢᠨ᠎ᠠ᠃    ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠪᠠᠭᠰᠢ ᠰᠤᠷᠤᠭᠴᠢᠳ ᠪᠠᠴᠢᠮ ᠠᠪᠤᠷᠠᠯᠳᠠ ᠶᠢᠨ ᠦᠨᠳᠦᠰᠦᠨ ᠶᠡᠷᠦ  ᠶᠢᠨ ᠮᠡᠳᠡᠯᠭᠡ ᠶᠢ ᠣᠶᠢᠯᠠᠭᠠᠭᠰᠠᠨ ᠢᠶᠠᠷ ᠪᠠᠷᠠᠬᠤ ᠥᠬᠡᠶ᠂ ᠠᠮᠢᠳᠤᠷᠠᠯ ᠪᠠ ᠰᠤᠷᠭᠠᠭᠤᠯᠢ ᠶᠢᠨ ᠬᠦᠷᠢᠶᠡᠨ ᠳᠠᠬᠢ ᠵᠠᠷᠢᠮ ᠳᠠᠯᠳᠠ ᠠᠶᠤᠯ ᠢ ᠲᠠᠨᠢᠭᠰᠠᠨ ᠢᠶᠠᠷ ᠪᠠᠷᠠᠬᠤ ᠥᠬᠡᠶ᠂ ᠨᠠᠩ ᠴᠢᠬᠤᠯᠠ ᠨᠢ ᠭᠡᠨᠡᠳᠲᠡ ᠶᠢᠨ ᠬᠡᠷᠡᠭ ᠪᠠ ᠰᠠᠨᠠᠭᠠᠨ ᠳᠤ ᠥᠬᠡᠶ ᠭᠡᠮᠲᠦᠯ ᠢ ᠠᠷᠭᠠᠴᠠᠬᠤ ᠦᠶ᠎ᠡ ᠶᠢᠨ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠠᠷᠭ᠎ᠠ ᠶᠢ ᠰᠤᠷᠤᠯᠴᠠᠵᠤ᠂ ᠭᠡᠨᠡᠳᠲᠡ ᠶᠢᠨ ᠬᠡᠷᠡᠭ ᠢ ᠰᠢᠶᠳᠪᠦᠷᠢᠯᠡᠬᠦ ᠴᠢᠳᠠᠪᠤᠷᠢ ᠪᠠᠨ ᠨᠡᠮᠡᠭᠳᠡᠭᠦᠯᠦᠨ᠂ ᠵᠠᠯᠠᠭᠤᠴᠤᠳ ᠪᠠᠭᠠᠴᠤᠳ ᠤᠨ ᠠᠮᠢ ᠨᠠᠰᠤ ᠪᠠ ᠡᠷᠡᠭᠦᠯ ᠮᠡᠨᠳᠦ ᠶᠢ ᠨᠠᠩ ᠰᠠᠶᠢᠨ ᠬᠠᠮᠠᠭᠠᠯᠠᠭᠰᠠᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号