ᠲᠦᠴᠢᠦᠸᠠᠨ ᠰᠢᠶᠠᠨ《 ᠳᠡᠯᠡᠬᠡᠶ ᠶᠢᠨ ᠴᠦᠯᠯᠡᠷᠭᠡᠭᠵᠢᠯ ᠪᠠ ᠭᠠᠩ ᠬᠠᠭᠰᠠᠷᠠᠭᠠᠨ ᠢ ᠰᠡᠷᠭᠡᠶᠢᠯᠡᠨ ᠵᠠᠰᠠᠬᠤ ᠡᠳᠦᠷ 》 ᠢ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/18
  6 ᠰᠠᠷ᠎ᠠ ᠶᠢᠨ 17 ᠤ ᠡᠳᠦᠷ ᠪᠣᠯ 29 ᠳ᠋ᠦ᠋ᠭᠡᠷ《ᠳᠡᠯᠡᠬᠡᠶ ᠶᠢᠨ ᠴᠦᠯᠯᠡᠷᠭᠡᠭᠵᠢᠯ ᠪᠣᠯᠤᠨ ᠭᠠᠩ ᠬᠠᠭᠰᠠᠷᠠᠭᠠᠨ ᠢ ᠰᠡᠷᠭᠡᠶᠢᠯᠡᠨ ᠵᠠᠰᠠᠬᠤ ᠡᠳᠦᠷ 》ᠪᠣᠯᠤᠨ᠎ᠠ᠂ ᠲᠦᠴᠢᠦᠸᠠᠨ ᠰᠢᠶᠠᠨ ᠤ ᠣᠯᠠᠨ ᠰᠠᠯᠠᠭ᠎ᠠ ᠮᠥᠴᠢᠷ ᠭᠤᠤᠯ ᠴᠡᠴᠡᠷᠯᠢᠭ  ᠲᠤ《ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠵᠦ ᠰᠢᠷᠭᠠᠭᠤ ᠬᠠᠲᠠᠭᠤᠵᠢᠯᠲᠠᠶ ᠪᠠᠷ ᠴᠢᠷᠮᠠᠶᠢᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠬᠡᠷᠡᠭᠲᠡᠶ 》ᠭᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠡ ᠃ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ ᠠᠵᠢᠯᠯᠠᠭ᠎ᠠ ᠳᠤ ᠣᠷᠣᠯᠴᠠᠪᠠ  ᠃
   ᠠᠵᠢᠯᠯᠠᠭᠠᠨ ᠤ ᠲᠠᠯᠠᠪᠠᠢ᠂ ᠠᠵᠢᠯᠲᠠᠨ ᠠᠰᠠᠭᠤᠨ ᠯᠠᠪᠯᠠᠬᠤ ᠲᠠᠪᠴᠠᠩ ᠲᠣᠬᠢᠷᠠᠭᠤᠯᠬᠤ ᠪᠠᠷ ᠳᠠᠮᠵᠢᠨ᠂ ᠡᠯᠭᠦᠮᠡᠯ ᠤᠬᠠᠭᠤᠯᠭ᠎ᠠ ᠶᠢᠨ ᠬᠥᠨᠳᠡᠯᠡᠨ ᠪᠢᠴᠢᠭᠡᠰᠦ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠵᠠᠷᠯᠠᠯ ᠨᠠᠭᠠᠬᠤ᠂ ᠤᠬᠠᠭᠤᠯᠭ᠎ᠠ  ᠶᠢᠨ ᠰᠠᠮᠪᠠᠷ᠎ᠠ ᠲᠠᠯᠪᠢᠬᠤ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠮᠡᠳᠡᠯᠭᠡ ᠶᠢ ᠲᠠᠶᠢᠯᠪᠤᠷᠢᠯᠠᠬᠤ᠂ ᠥᠷᠭᠡᠨ ᠣᠯᠠᠨ ᠲᠦᠮᠡᠨ ᠤ ᠠᠰᠠᠭᠤᠯᠲᠠ ᠶᠢ ᠬᠠᠷᠢᠭᠤᠯᠤᠨ᠂ ᠤᠬᠠᠭᠤᠯᠬᠤ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠳᠡᠪᠲᠡᠷ ᠵᠡᠷᠭᠡ ᠬᠡᠯᠪᠡᠷᠢ ᠪᠠᠷ ᠳᠠᠮᠵᠢᠨ ᠥᠷᠭᠡᠨ ᠣᠯᠠᠨ ᠲᠦᠮᠡᠨ ᠳᠤ ᠴᠦᠯᠯᠡᠷᠬᠡᠭᠵᠢᠯ ᠵᠢᠴᠢ ᠭᠠᠩ ᠬᠠᠭᠤᠷᠠᠶ ᠶᠢᠨ ᠣᠳᠣᠬᠢ ᠪᠠᠶᠳᠠᠯ ᠵᠢᠴᠢ ᠬᠤᠤᠷ ᠬᠥᠨᠥᠭᠡᠯ ᠢ  ᠲᠠᠶᠢᠯᠪᠤᠷᠢᠯᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠷᠭ᠎ᠠ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠴᠢᠬᠤᠯᠠ ᠴᠢᠨᠠᠷ ᠵᠡᠷᠭᠡ ᠲᠠᠯ᠎ᠠ ᠶᠢᠨ ᠮᠡᠳᠡᠯᠭᠡ᠂ ᠪᠦᠬᠦ ᠨᠡᠶᠢᠭᠡᠮ ᠢ ᠳᠠᠶᠢᠴᠢᠯᠠᠵᠤ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠬᠠᠮᠲᠤ ᠪᠠᠷ ᠦᠢᠯᠡᠳᠤᠯᠭᠡᠵᠢᠭᠦᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠶᠢ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠲᠤ ᠪᠠᠷ ᠬᠠᠮᠠᠭᠠᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ᠃
   ᠲᠦᠴᠢᠦᠸᠠᠨ ᠰᠢᠶᠠᠨ ᠤ ᠰᠠᠭᠤᠭᠠᠯᠢ ᠠᠷᠠᠳ ᠡᠤ ᠸᠧᠨ ᠴᠢᠶᠠᠩ᠄ ︽ᠡᠨᠡ ᠡᠳᠦᠷ ᠪᠣᠯ 29 ᠳ᠋ᠦ᠋ᠭᠡᠷ ᠳᠡᠯᠡᠬᠡᠢ  ᠶᠢᠨ ᠴᠦᠯᠯᠡᠷᠭᠡᠭᠵᠢᠯ ᠪᠠ ᠭᠠᠩ ᠬᠠᠭᠰᠠᠷᠠᠭᠠᠨ ᠢ ᠰᠡᠷᠭᠡᠶᠢᠯᠡᠨ ᠵᠠᠰᠠᠬᠤ ᠡᠳᠦᠷ ᠪᠣᠯᠤᠨ᠎ᠠ᠂ ᠡᠨᠡ ᠬᠡᠳᠦᠨ ᠵᠢᠯ ᠳᠤ ᠤᠯᠤᠰ ᠤᠨ ᠰᠢᠰᠲᠧᠮ ᠲᠠᠢ ᠵᠠᠰᠠᠯᠲᠠ ᠶᠢᠨ ᠳᠣᠣᠷ᠎ᠠ᠂ ᠣᠷᠴᠢᠨ ᠲᠣᠭᠤᠷᠢᠨ ᠶᠠᠪᠤᠬᠤ ᠲᠤᠳᠤᠮ ᠰᠠᠶᠢᠵᠢᠷᠠᠵᠤ᠂ ᠮᠠᠨ  ᠤ ᠲᠦᠴᠢᠦᠸᠠᠨ ᠰᠢᠶᠠᠨ ᠡᠨᠡ ᠬᠤᠶᠠᠷ ᠵᠢᠯ ᠳᠤ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠴᠤ ᠮᠠᠰᠢ ᠪᠦᠲᠦᠮᠵᠢᠲᠡᠢ ᠶᠠᠪᠤᠭᠳᠠᠵᠤ᠂ ᠨᠣᠭᠤᠭᠠᠷᠠᠭᠤᠯᠤᠯᠲᠠ ᠶᠢᠨ ᠲᠠᠯᠠᠪᠠᠢ ᠶᠠᠪᠤᠬᠤ ᠲᠤᠳᠤᠮ ᠶᠡᠬᠡᠳᠴᠦ᠂ ᠠᠭᠠᠷ ᠴᠤ ᠶᠠᠪᠤᠬᠤ ᠲᠤᠳᠤᠮ ᠰᠠᠶᠢᠵᠢᠷᠠᠵᠤ᠂ ᠠᠷᠠᠳ ᠤᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠴᠤ ᠳᠡᠭᠡᠭᠰᠢᠯᠡᠵᠦ᠂ ᠵᠣᠯ ᠵᠢᠷᠭᠠᠯᠲᠤ ᠲᠦᠷᠦᠭᠳᠡᠯ ᠶᠠᠪᠤᠬᠤ ᠲᠤᠳᠤᠮ ᠴᠢᠩᠭᠠᠷᠠᠵᠠᠢ᠃ ᠬᠤᠶᠢᠰᠢᠳᠠ ᠶᠢᠨ ᠠᠮᠢᠳᠤᠷᠠᠯ ᠳᠤᠮᠳᠠ᠂ ᠠᠷᠠᠳ ᠢᠷᠭᠡᠳ ᠨᠢᠭᠡᠪᠦᠷᠢ ᠴᠦᠯᠯᠡᠷᠭᠡᠭᠵᠢᠯ ᠪᠣᠯᠤᠨ ᠭᠠᠩ ᠬᠠᠭᠰᠠᠷᠠᠭᠠᠨ ᠢ ᠰᠡᠷᠭᠡᠶᠢᠯᠡᠨ ᠵᠠᠰᠠᠬᠤ ᠠᠵᠢᠯᠯᠠᠭ᠎ᠠ ᠳᠤ ᠣᠷᠣᠯᠴᠠᠵᠤ᠂ ᠲᠦᠴᠢᠦᠸᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠶᠢ ᠪᠢ ᠬᠦᠰᠡᠵᠦ ᠪᠠᠶᠢᠨ᠎ᠠ 》ᠭᠡᠪᠡ᠃
   ᠲᠣᠰ ᠤᠳᠠᠭᠠᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠳᠤ ᠳᠡᠯᠡᠬᠡᠶ ᠶᠢᠨ ᠴᠦᠯᠯᠡᠷᠭᠡᠭᠵᠢᠯ ᠪᠠ ᠭᠠᠩ ᠬᠠᠭᠰᠠᠷᠠᠭᠠᠨ ᠢ ᠰᠡᠷᠭᠡᠶᠢᠯᠡᠨ ᠵᠠᠰᠠᠬᠤ ᠡᠳᠦᠷ ᠤᠨ ᠮᠡᠳᠡᠯᠭᠡ ᠶᠢ ᠪᠦᠲᠦᠮᠵᠢᠲᠡᠶ ᠲᠦᠭᠡᠮᠡᠯᠵᠢᠭᠦᠯᠦᠨ ᠳᠡᠯᠭᠡᠷᠡᠭᠦᠯᠵᠦ᠂ ᠣᠯᠠᠨ ᠲᠦᠮᠡᠨ ᠤ ᠴᠦᠯᠯᠡᠷᠭᠡᠭᠵᠢᠯ ᠪᠠ ᠭᠠᠩ ᠬᠠᠭᠰᠠᠷᠠᠭᠠᠨ ᠢ ᠰᠡᠷᠭᠡᠶᠢᠯᠡᠨ ᠵᠠᠰᠠᠬᠤ ᠤᠬᠠᠮᠰᠠᠷ ᠢ ᠴᠢᠩᠭᠠᠳᠬᠠᠵᠤ᠂ ᠣᠯᠠᠨ ᠲᠦᠮᠡᠨ ᠳᠤ ᠴᠦᠯᠯᠡᠷᠭᠡᠭᠵᠢᠯ ᠪᠠ ᠭᠠᠩ ᠬᠠᠭᠰᠠᠷᠠᠭᠠᠨ ᠢ ᠰᠡᠷᠭᠡᠶᠢᠯᠡᠨ ᠵᠠᠰᠠᠬᠤ ᠶᠢᠨ ᠴᠢᠬᠤᠯᠠ ᠴᠢᠨᠠᠷ ᠢ ᠭᠦᠨᠵᠡᠭᠡᠶ ᠣᠶᠢᠯᠠᠭᠠᠭᠤᠯᠵᠤ᠂ ᠣᠯᠠᠨ ᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠳᠡᠯᠡᠬᠡᠶ ᠶᠢᠨ ᠪᠥᠮᠪᠥᠷᠴᠡᠭ ᠢ ᠬᠠᠮᠠᠭᠠᠯᠠᠵᠤ᠂ ᠪᠢᠳᠡᠨ ᠤ ᠣᠷᠣᠰᠢᠨ ᠠᠮᠢᠳᠤᠷᠠᠬᠤ ᠬᠡᠷ ᠣᠷᠣᠨ ᠢᠶᠠᠨ ᠬᠠᠮᠠᠭᠠᠯᠠᠬᠤ ᠪᠣᠯᠭᠠᠪᠠ᠃  《 ᠡᠨᠡ ᠡᠳᠦᠷ ᠤᠨ ᠠᠵᠢᠯᠯᠠᠭ᠎ᠠ ᠨᠢ ᠭᠤᠤᠯᠳᠠᠭᠤ ᠪᠥᠬᠦ ᠰᠢᠶᠠᠨ ᠤ ᠥᠷᠭᠡᠨ ᠣᠯᠠᠨ ᠲᠦᠮᠡᠨ ᠳᠤ ᠴᠢᠭᠯᠡᠭᠦᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ〈ᠤᠮᠠᠷᠠᠲᠤ ᠶᠢᠨ ᠭᠤᠷᠪᠠᠨ ᠣᠷᠣᠨ 〉ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ〈 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠬᠠᠤᠯᠢ 〉ᠵᠡᠷᠭᠡ ᠲᠠᠯ᠎ᠠ ᠶᠢᠨ ᠮᠡᠳᠡᠯᠭᠡ ᠶᠢ ᠤᠬᠠᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠤ ᠡᠪᠡᠰᠦ ᠮᠣᠳᠣ ᠳᠠᠷᠢᠬᠤ᠂ ᠡᠪᠡᠰᠦ ᠮᠣᠳᠣ ᠳᠠᠷᠢᠬᠤ᠂ ᠡᠪᠡᠰᠦ ᠮᠣᠳᠣ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠳᠤ ᠣᠷᠣᠯᠴᠠᠬᠤ ᠶᠢ ᠠᠬᠢᠭᠤᠯᠵᠤ᠂ ᠰᠠᠶᠢᠨ ᠰᠠᠶᠢᠬᠠᠨ ᠠᠮᠢ ᠠᠬᠤᠶ ᠶᠢᠨ ᠬᠡᠷ ᠣᠷᠣᠨ ᠢ ᠬᠠᠮᠲᠤ ᠪᠠᠷ ᠰᠠᠬᠢᠨ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ 》ᠭᠡᠵᠦ ᠲᠦᠴᠢᠦᠸᠠᠨ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠶᠢᠨ ᠷᠦᠩ ᠵᠢᠤᠸᠠᠨ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号