ᠲᠦᠴᠢᠦᠸᠠᠨ ᠰᠢᠶᠠᠨ ᠣᠯᠠᠨ ᠤᠯᠤᠰ ᠤᠨ ᠬᠤᠣᠷ ᠴᠠᠭᠠᠵᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/26
 6 ᠰᠠᠷ᠎ᠠ ᠶᠢᠨ 26 ᠤ ᠡᠳᠦᠷ ᠪᠣᠯ 36 ᠳ᠋ᠤᠭᠠᠷ ᠣᠯᠠᠨ ᠤᠯᠤᠰ ᠤᠨ ᠬᠤᠣᠷ ᠴᠠᠭᠠᠵᠠᠯᠠᠬᠤ ᠡᠳᠦᠷ ᠪᠣᠯᠣᠨ᠎ᠠ᠂ ᠲᠤᠬᠠᠢ ᠶᠢᠨ ᠡᠳᠦᠷ ᠤᠨ ᠦᠳᠡ ᠶᠢᠨ ᠡᠮᠦᠨ᠎ᠡ᠂ ᠲᠦᠴᠢᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠡᠪᠯᠡᠯ ᠤᠨ ᠰᠢᠶᠠᠨ ᠤ ᠬᠤᠷᠢᠶ᠎ᠠ ᠵᠡᠷᠭᠡ ᠰᠢᠶᠠᠨ ᠤ ᠬᠤᠣᠷ ᠴᠠᠭᠠᠵᠠᠯᠠᠬᠤ ᠺᠣᠮᠢᠰ ᠤᠨ ᠪᠦᠷᠢᠯᠳᠦᠭᠦᠨ ᠨᠢᠭᠡᠴᠡ ᠬᠠᠮᠲᠤᠷᠠᠨ ︽ᠡᠷᠡᠭᠦᠯ ᠴᠢᠭᠢᠷᠠᠭ ᠠᠮᠢᠳᠤᠷᠠᠯ ᠪᠣᠬᠢᠷᠲᠤᠯ ᠬᠤᠣᠷ ᠦᠭᠡᠢ︾ ᠬᠤᠣᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠳ᠋ᠠᠢ ᠯᠢ ᠮᠢᠩ ᠤᠬᠠᠭᠤᠯᠤᠭᠴᠢ ᠪᠤᠯᠵᠤ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠵᠤ᠂ ᠥᠷᠭᠡᠨ ᠣᠯᠠᠨ ᠲᠦᠮᠡᠨ ᠢ ᠪᠥᠬᠦ ᠠᠷᠠᠳ ᠢᠶᠠᠷ ᠢᠶᠠᠨ ᠬᠤᠣᠷᠲᠤ ᠡᠳ᠋ ᠢ ᠴᠠᠭᠠᠵᠠᠯᠠᠬᠤ ᠲᠡᠮᠡᠴᠡᠯ ᠳᠤ ᠢᠳᠡᠪᠬᠢᠲᠡᠢ ᠣᠷᠣᠯᠴᠠᠵᠤ᠂ ᠡᠶ᠎ᠡ ᠵᠣᠬᠢᠴᠠᠯ ᠲᠠᠢ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠶᠢ ᠤᠷᠢᠶᠠᠯᠠᠪᠠ᠃
   ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠠᠰᠠᠭᠤᠨ ᠯᠠᠪᠯᠠᠬᠤ ᠣᠯᠠᠨ ᠲᠦᠮᠡᠨ ᠳᠤ ᠬᠤᠣᠷᠲᠤ ᠡᠳ᠋ ᠢ ᠴᠠᠭᠠᠵᠠᠯᠠᠬᠤ ᠮᠡᠳᠡᠯᠭᠡ ᠪᠠ ᠬᠠᠤᠯᠢ ᠴᠠᠭᠠᠵᠠ ᠳᠦᠷᠢᠮ ᠲᠣᠭᠲᠠᠭᠠᠯ ᠢ ᠲᠦᠭᠡᠮᠡᠯᠵᠢᠭᠦᠯᠬᠦ ᠶᠢᠨ ᠬᠠᠮᠲᠤ ᠤᠬᠠᠭᠤᠯᠭ᠎ᠠ ᠶᠢᠨ ᠬᠠᠭᠤᠳᠠᠰᠤᠨ ᠳᠡᠭᠡᠷᠡᠬᠢ ᠠᠭᠤᠯᠭ᠎ᠠ ᠲᠠᠢ ᠤᠶᠠᠯᠳᠤᠭᠤᠯᠤᠨ᠂ ᠬᠡᠷᠡᠭ ᠢᠶᠠᠷ ᠬᠠᠤᠯᠢ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠵᠤ᠂ ᠬᠤᠣᠷᠲᠤ ᠡᠳ᠋ ᠤᠨ ᠬᠤᠣᠷ ᠬᠥᠨᠥᠭᠡᠯ ᠢ ᠲᠠᠶᠢᠯᠪᠤᠷᠢᠯᠠᠨ᠂ ᠣᠯᠠᠨ ᠲᠦᠮᠡᠨ ᠳᠤ ᠬᠤᠣᠷᠲᠤ ᠡᠳ᠋ ᠤᠨ ᠮᠡᠭᠡ ᠶᠢ ᠬᠡᠷᠬᠢᠨ ᠰᠡᠷᠭᠡᠶᠢᠯᠡᠬᠦ ᠶᠢ ᠬᠡᠯᠡᠵᠦ ᠦᠭᠪᠡ᠃
   ᠲᠦᠴᠢᠦᠸᠠᠨ ᠰᠢᠶᠠᠨ ᠤ ᠰᠠᠭᠤᠭᠠᠯᠢ ᠠᠷᠠᠳ ᠢᠦᠢ ᠴᠢᠩ ᠶᠤᠸᠠᠨ ᠰᠤᠷᠪᠤᠯᠵᠢᠯᠠᠭᠴᠢ ᠳᠤ᠄ ︽ᠪᠢ ᠰᠠᠶ᠋ᠢ ᠰᠠᠶᠠᠬᠠᠨ ᠡᠪᠯᠡᠯ ᠤᠨ ᠰᠢᠶᠠᠨ ᠤ ᠨᠠᠮ ᠤᠨ ᠬᠤᠷᠢᠶᠠᠨ ᠤ ᠦᠵᠡᠭᠦᠯᠦᠯᠭᠡ ᠶᠢᠨ ᠲᠠᠶᠢᠰᠠᠨ ᠳᠤ ᠮᠠᠰᠢ ᠤᠯᠠᠨ ᠬᠤᠣᠷ ᠴᠠᠭᠠᠵᠠᠯᠠᠬᠤ ᠮᠡᠳᠡᠯᠭᠡ ᠰᠤᠷᠴᠠᠢ᠂ ᠥᠨᠥᠳᠥᠷ ᠪᠣᠯ 626 ᠳᠡᠯᠡᠬᠡᠢ ᠶᠢᠨ ᠬᠤᠣᠷ ᠴᠠᠭᠠᠵᠠᠯᠠᠬᠤ ᠡᠳᠦᠷ ᠪᠣᠯᠬᠤ ᠶᠢ ᠮᠡᠳᠡᠵᠡᠢ᠂ ᠪᠠᠰᠠ ᠮᠠᠰᠢ ᠤᠯᠠᠨ ᠦᠨᠡᠨ ᠪᠣᠳᠠᠲᠠᠢ ᠬᠡᠷᠡᠭ ᠤᠨ ᠵᠢᠱᠢᠶ᠎ᠡ ᠶᠢ ᠣᠯᠵᠤ ᠦᠵᠡᠵᠡᠢ᠂ ᠮᠢᠨᠤ ᠰᠡᠳᠬᠢᠯ ᠢ ᠶᠡᠬᠡᠳᠡ ᠬᠥᠳᠡᠯᠭᠡᠵᠡᠢ᠂ ᠪᠢ ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ ᠪᠠᠨ ᠵᠠᠪᠠᠯ ᠢᠯᠭᠠᠨ ᠲᠠᠨᠢᠬᠤ ᠶᠢ ᠰᠤᠷᠴᠤ᠂ ᠠᠮᠢ ᠨᠠᠰᠤ ᠪᠠᠨ ᠨᠠᠨᠳᠢᠩᠨᠠᠬᠤ ᠶᠢ ᠰᠤᠷᠴᠤ᠂ ᠬᠤᠣᠷᠠᠲᠤ ᠡᠳ᠋ ᠠᠴᠠ ᠬᠤᠯᠠ ᠵᠠᠶᠢᠳᠠᠬᠤ ᠬᠡᠷᠡᠭᠲᠡᠢ︾ ᠭᠡᠵᠦ ᠬᠡᠯᠡᠪᠡ᠃
   ︽ᠣᠲᠣ ᠰᠢᠨ᠎ᠡ ᠬᠡᠯᠪᠡᠷᠢ ᠶᠢᠨ ᠬᠤᠣᠷᠲᠤ ᠡᠳ᠋ ᠡᠳᠦᠷ ᠢᠷᠡᠬᠦᠶ᠎ᠡ ᠰᠠᠮᠠᠭᠤᠷᠠᠵᠤ᠂ ᠵᠠᠯᠠᠭᠤᠴᠤᠳ ᠪᠠᠭᠠᠴᠤᠳ ᠢ ᠶᠡᠭᠡ ᠪᠠᠷ ᠲᠠᠲᠠᠵᠤ ᠪᠠᠶᠢᠨ᠎ᠠ᠂ ᠵᠢᠱᠢᠶᠡᠯᠡᠪᠡᠯ ᠪᠠᠶᠠᠰᠬᠤᠯᠠᠩᠲᠤ ᠤᠰᠤ᠂ ᠬᠤᠪᠢᠯᠭᠠᠨ ᠰᠠᠬᠢᠭᠤᠯᠰᠤᠨ ᠤᠰᠤ ᠵᠡᠷᠭᠡ ᠰᠢᠨ᠎ᠡ ᠬᠡᠯᠪᠡᠷᠢ ᠶᠢᠨ ᠬᠤᠣᠷᠲᠤ ᠡᠳ᠋ ᠨᠢ ᠰᠢᠤᠳᠠᠨ ᠤ ᠲᠡᠮᠳᠡᠭ᠂ ᠨᠠᠭᠠᠯᠲᠠ ᠵᠡᠷᠭᠡ ᠪᠠᠷ ᠣᠪᠯᠠᠨ ᠵᠠᠯᠠᠭᠤᠴᠤᠳ ᠪᠠᠭᠠᠴᠤᠳ ᠢ ᠲᠥᠭᠡᠷᠢᠭᠳᠡᠭᠦᠯᠵᠦ᠂ ᠵᠠᠯᠠᠭᠤᠴᠤᠳ ᠪᠠᠭᠠᠴᠤᠳ ᠢ ᠪᠤᠷᠤᠭᠤ ᠵᠠᠮ ᠳᠤ ᠣᠷᠣᠭᠤᠯᠬᠤ ᠪᠣᠯᠣᠨ᠎ᠠ᠃ ᠡᠭᠦᠨ ᠤ ᠲᠤᠬᠠᠢ ᠪᠢ ᠵᠠᠯᠠᠭᠤ ᠪᠠᠭᠠᠴᠤᠳ ᠲᠤ ᠳᠣᠣᠷᠠᠬᠢ ᠮᠡᠲᠦ ᠭᠤᠷᠪᠠᠨ ᠰᠠᠨᠠᠭᠤᠯᠭ᠎ᠠ ᠳᠤᠷᠠᠳᠤᠶ᠎ᠠ᠄ ᠨᠢᠭᠡ᠂ ᠵᠥᠪ ᠣᠨᠣᠪᠴᠢᠲᠠᠶ ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠶᠢ ᠪᠤᠢ ᠪᠣᠯᠭᠠᠶ᠎ᠠ᠃ ᠬᠤᠶᠠᠷ᠂ ᠲᠠᠨᠢᠬᠤ ᠦᠭᠡᠢ ᠬᠥᠮᠥᠨ ᠤ ᠥᠭᠭᠦᠭᠰᠡᠨ ᠶᠠᠩᠵᠤᠤᠷ ᠲᠠᠮᠠᠬᠢ᠂ ᠢᠳᠡᠭᠡᠨ ᠵᠡᠷᠭᠡ ᠶᠢ ᠬᠦᠯᠢᠶᠡᠨ ᠠᠪᠬᠤ ᠦᠭᠡᠢ᠃ ᠭᠤᠷᠪᠠ᠂ ᠰᠠᠶᠢᠨ ᠰᠠᠶᠢᠬᠠᠨ ᠠᠮᠢᠳᠤᠷᠠᠯ ᠤᠨ ᠵᠠᠩ ᠳᠠᠳᠬᠠᠯ ᠢ ᠪᠤᠶ ᠪᠣᠯᠭᠠᠵᠤ᠂ ᠮᠠᠭᠤ ᠳᠤᠷᠠᠰᠢᠯ ᠢ ᠲᠠᠰᠤ ᠵᠣᠭᠰᠣᠭᠠᠵᠤ᠂ ᠵᠠᠯᠠᠭᠤᠴᠤᠳ ᠪᠠᠭᠠᠴᠤᠳ ᠢ ᠬᠤᠣᠷᠲᠤ ᠡᠳ᠋ ᠠᠴᠠ ᠬᠤᠯᠠ ᠪᠠᠶᠢᠯᠭᠠᠵᠤ᠂ ᠠᠮᠢ ᠨᠠᠰᠤ ᠪᠠᠨ ᠨᠠᠨᠳᠢᠩᠨᠠᠨ ᠬᠠᠶᠢᠷᠠᠯᠠᠬᠤ  ᠶᠢ ᠬᠦᠰᠡᠨ᠎ᠡ︾ ᠭᠡᠵᠦ ᠲᠦᠴᠢᠦᠸᠠᠨ ᠰᠢᠶᠠᠨ ᠤ ᠳᠣᠲᠣᠭᠠᠳᠤ   ᠶᠢ ᠬᠠᠮᠠᠭᠠᠯᠠᠬᠤ ᠲᠣᠪᠴᠢᠶᠠᠨ ᠤ ᠬᠤᠣᠷᠲᠤ ᠡᠳ᠋ ᠢ ᠴᠠᠭᠠᠵᠠᠯᠠᠬᠤ ᠶᠡᠭᠡ ᠠᠩᠭᠢ   ᠶᠢᠨ ᠴᠠᠭᠳᠠᠭ᠎ᠠ ᠵᠣᠣ ᠰᠢᠨ ᠬᠡᠯᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号