ᠵᠢᠵᠢᠭ ᠠᠨᠠᠷ ᠤᠨ ᠦᠷ᠎ᠡ ᠦᠨᠳᠦᠰᠦᠲᠡᠨ ᠤ ᠰᠡᠳᠬᠢᠯᠭᠡ ᠶᠢ ᠬᠠᠮᠲᠤ ᠪᠠᠷ ᠵᠢᠷᠤᠭᠯᠠᠪᠠ
ᠨᠡᠶᠢᠲᠡᠯᠡᠭᠰᠡᠨ ᠴᠠᠭ᠄
2023/6/26
   ᠤᠢᠢᠷ᠎ᠠ ᠶᠢᠨ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠬᠤᠷᠢᠶ᠎ᠠ ᠪᠦᠬᠦ ᠰᠢᠶᠠᠨ ᠤ ︽ᠵᠢᠵᠢᠭ ᠠᠨᠠᠷ ᠤᠨ ᠦᠷ᠎ᠡ︾ ᠨᠡᠶᠢᠭᠡᠮ ᠤᠨ ᠪᠦᠯᠬᠦᠮ ᠢ ᠵᠣᠬᠢᠶᠠᠨ ᠪᠠᠶᠢᠭᠤᠯᠵᠤ ︽ᠦᠨᠳᠦᠰᠦᠲᠡᠨ ᠤ ᠴᠡᠴᠡᠭ ᠰᠤᠷᠭᠠᠭᠤᠯᠢ ᠶᠢᠨ ᠬᠦᠷᠢᠶᠡᠨ ᠳᠤ︾ ᠭᠤᠣᠯ ᠰᠡᠳᠦᠪᠲᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠥᠷᠭᠡᠨ ᠤᠯᠠᠨ ᠵᠠᠯᠠᠭᠤᠴᠤᠳ ᠪᠠᠭᠠᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠤᠣᠯ ᠬᠦᠭ ᠠᠶᠠᠰ ᠢ ᠴᠢᠪᠬᠠᠳᠠᠭᠤᠯᠪᠠ᠃    ᠣᠶᠢᠷ᠎ᠠ ᠳᠤ᠂ ︽ᠠᠨᠠᠷ ᠤᠨ ᠦᠷ᠎ᠡ ᠶᠢ ᠰᠡᠳᠬᠢᠯ ᠨᠢᠭᠡᠳᠦᠨ ᠵᠡᠭᠦᠳᠦ ᠪᠠᠨ ᠲᠡᠷᠭᠡᠯᠰᠢᠭᠦᠯᠬᠦ︾ ᠪᠠᠷ ᠭᠤᠤᠯ ᠰᠡᠳᠦᠪ ᠪᠣᠯᠭᠠᠭᠰᠠᠨ ᠤᠷᠠᠨ ᠵᠢᠷᠤᠭ ᠤᠨ ᠲᠣᠭᠯᠠᠯᠲᠠ ᠲᠦᠴᠢᠦᠸᠠᠨ ᠰᠢᠶᠠᠨ ᠤ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠪᠠ᠃ ᠪᠦᠬᠦ ᠰᠢᠶᠠᠨ ᠤ ᠡᠯ᠎ᠡ ᠰᠤᠷᠭᠠᠭᠤᠯᠢ ᠠᠴᠠ ᠢᠷᠡᠭᠰᠡᠨ 50 ᠭᠠᠷᠤᠢ ᠬᠡᠦᠬᠡᠳ ᠵᠢᠷᠤᠭ ᠤᠨ ᠪᠢᠷ ᠢᠶᠠᠷ  ᠢᠶᠠᠨ ᠵᠠᠭᠤᠨ ᠮᠧᠲᠷ ᠤᠷᠳᠤ ᠵᠢᠷᠤᠭ ᠤᠨ ᠤᠷᠳᠤ ᠬᠠᠭᠤᠳᠠᠰᠤᠨ ᠳᠤ ᠨᠠᠮ᠂ ᠡᠬᠡ ᠤᠯᠤᠰ᠂ ᠨᠤᠲᠤᠭ ᠤᠰᠤᠨ  ᠳᠠᠭᠠᠨ ᠬᠢᠵᠠᠭᠠᠯᠠᠰᠢ ᠦᠭᠡᠢ ᠬᠠᠶᠢᠷ᠎ᠠ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃    ︽ᠪᠢ ᠥᠨᠥᠳᠦᠷ ᠠᠨᠠᠷ ᠤᠨ ᠦᠷ᠎ᠡ ᠶᠢ ᠵᠢᠷᠤᠭᠰᠠᠨ ᠶᠤᠮ᠂ ᠡᠨᠡ ᠨᠢ ᠪᠢᠳᠡ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠲᠥᠯᠥᠭᠡᠯᠡᠵᠦ ᠪᠠᠶᠢᠨ᠎ᠠ᠃︾ ᠭᠡᠵᠦ ᠰᠠᠨ ᠵᠢᠶᠧ ᠪᠠᠭ᠎ᠠ ᠰᠤᠷᠭᠠᠭᠤᠯᠢ ᠶᠢᠨ ᠰᠣᠷᠣᠭᠴᠢ ᠸᠠᠩ ᠰᠢᠨ ᠢ ᠪᠠᠶᠠᠷᠲᠠᠶ ᠬᠡᠯᠡᠨ᠎ᠡ᠃    ᠬᠥᠳᠡᠯᠭᠡᠭᠡᠨ ᠤ ᠲᠠᠯᠠᠪᠠᠢ ᠳᠤ᠂ ᠬᠥᠷ ᠬᠥᠭᠵᠢᠶᠡᠨ ᠲᠠᠢ᠃ ᠲᠦᠴᠢᠦᠸᠠᠨ ᠰᠢᠶᠠᠨ ᠤ ᠰᠣᠶᠣᠯ ᠤᠨ ᠣᠷᠳᠣᠨ ᠤ ᠪᠠᠭᠰᠢ ᠨᠠᠷ ᠬᠡᠦᠬᠡᠳ ᠤᠳ ᠢ ᠵᠣᠬᠢᠶᠠᠨ ᠪᠠᠶᠢᠭᠤᠯᠵᠤ ︽ᠠᠨᠠᠷ ᠤᠨ ᠦᠷ᠎ᠡ ᠲᠠᠢ ᠰᠡᠳᠬᠢᠯ ᠢᠶᠠᠨ ᠬᠤᠯᠪᠣᠵᠤ ᠬᠠᠮᠳᠤᠪᠠᠷ ᠲᠥᠪ ᠲᠣᠭᠤᠷᠢᠭ ᠢ ᠵᠢᠷᠤᠭᠯᠠᠬᠤ︾ ᠵᠢᠷᠤᠭ ᠢ ᠵᠢᠷᠤᠪᠠ᠃ ᠲᠡᠳᠡ ᠴᠠᠭᠠᠰᠤᠨ ᠳᠡᠭᠡᠷ᠎ᠡ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠵᠢᠷᠤᠭ ᠢ ᠬᠠᠨᠲᠠᠯ᠎ᠠ ᠵᠢᠷᠤᠭᠯᠠᠪᠠ᠃ ᠬᠡᠦᠬᠡᠳ ᠤᠳ ᠵᠢᠷᠤᠭ ᠤᠨ ᠬᠠᠭᠤᠳᠠᠰᠤᠨ ᠲᠡᠭᠡᠷ᠎ᠡ ᠦᠪᠡᠷ ᠤᠨ ᠠᠪᠢᠶᠠᠰ ᠢᠶᠠᠨ ᠪᠠᠳᠠᠷᠠᠭᠤᠯᠤᠨ᠎ᠠ᠃    ᠲᠤᠰ ᠤᠳᠠᠭᠠᠨ ᠤ ᠠᠵᠢᠯᠯᠠᠭ᠎ᠠ ᠨᠢ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠠᠭᠤᠯᠭ᠎ᠠ ᠪᠠ ᠵᠢᠷᠤᠭ  ᠤᠨ ᠤᠷᠠᠯᠢᠭ ᠢ ᠬᠠᠷᠢᠯᠴᠠᠨ ᠤᠶᠠᠯᠳᠤᠭᠤᠯᠵᠤ᠂ ᠦᠨᠳᠦᠰᠦᠲᠡᠨ ᠤ ᠶᠡᠭᠡ ᠪᠦᠯᠬᠦᠮᠳᠡᠯ ᠤᠨ ᠠᠮᠢᠳᠤᠯᠢᠭ ᠪᠠᠶᠢᠳᠠᠯ ᠢ ᠤᠷᠲᠤ ᠬᠠᠭᠤᠳᠠᠰᠤᠨ ᠳᠤ ᠲᠡᠮᠳᠡᠭᠯᠡᠵᠦ᠂ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠬᠡᠦᠬᠡᠳ ᠤᠨ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠪᠠ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃    ᠲᠦᠴᠢᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ᠂ ︽ᠵᠠᠯᠠᠭᠤ ᠨᠠᠰᠤ︾ ᠪᠠᠷ ᠭᠤᠣᠯ ᠰᠡᠳᠦᠪ ᠪᠣᠯᠭᠠᠭᠰᠠᠨ ︽ᠵᠢᠵᠢᠭ ᠠᠨᠠᠷ ᠤᠨ ᠦᠷ᠎ᠡ︾ ᠨᠡᠶᠢᠭᠡᠮ ᠤᠨ ᠪᠦᠯᠬᠦᠮ ᠤᠨ ᠤᠩᠰᠢᠯᠭ᠎ᠠ ᠶᠢᠨ ᠬᠤᠷᠠᠯ ᠶᠠᠭ ᠶᠠᠪᠤᠭᠳᠠᠵᠤ᠂ ᠰᠤᠷᠤᠭᠴᠢᠳ ᠴᠤᠭ ᠵᠢᠪᠬᠤᠭ᠎ᠠ ᠲᠡᠭᠦᠯᠳᠡᠷ ᠢᠶᠠᠷ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠤᠷᠭᠢᠯᠤᠮ᠎ᠠ ᠬᠠᠯᠠᠭᠤᠨ ᠵᠠᠯᠠᠭᠤ ᠨᠠᠰᠤ ᠪᠣᠯᠤᠨ ᠬᠤᠪᠢᠰᠬᠠᠯ ᠤᠨ ᠦᠢᠯᠡ ᠠᠵᠢᠯᠯᠠᠭ᠎ᠠ ᠶᠢ ᠲᠣᠭᠯᠠᠨ ᠦᠵᠡᠭᠦᠯᠵᠦ ᠪᠠᠶᠢᠯ᠎ᠠ᠃    ︽ᠯᠢ ᠳ᠋ᠡ ᠵᠤᠤ ᠶᠢᠨ ︿ᠤᠷᠢ ᠵᠠᠯᠠᠭᠤ ᠨᠠᠰᠤ﹀ ᠭᠡᠬᠦ ᠵᠣᠬᠢᠶᠠᠯ ᠢ ᠤᠩᠰᠢᠬᠤ ᠪᠠᠷ ᠲᠠᠮᠵᠢᠨ᠂ ᠳᠤᠮᠳᠠᠳᠤ ᠶᠢᠨ ᠤᠯᠤᠰ ᠤᠨ ᠵᠡᠭᠦᠳᠦ ᠶᠢᠨ ᠢᠷᠡᠭᠡᠳᠦᠢ ᠪᠣᠯ ᠵᠠᠯᠠᠭᠤᠴᠤᠳ ᠤᠨ ᠬᠢ᠂ ᠰᠢᠨ᠎ᠡ ᠴᠠᠭ ᠦᠶ᠎ᠡ ᠶᠢᠨ ᠢᠷᠠᠭᠤ ᠠᠯᠳᠠᠷ ᠪᠣᠯ ᠵᠠᠯᠠᠭᠤᠴᠤᠳ ᠤᠨ ᠬᠢ ᠶᠤᠮ᠃ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠤᠭᠰᠠᠨ ᠤ ᠬᠤᠪᠢ ᠳᠤ᠂ ᠪᠢᠳᠡ ᠯᠠᠪᠳᠠᠭᠤᠨ ᠪᠠᠲᠤᠲᠠᠢ ᠠᠵᠢᠯᠯᠠᠵᠤ᠂ ᠬᠦᠴᠦᠯᠡᠨ ᠴᠢᠷᠮᠠᠶᠢᠬᠤ ᠬᠡᠷᠡᠭᠲᠡᠢ᠃ ᠵᠣᠷᠢᠭᠲᠠᠶ ᠬᠢᠵᠦ᠂ ᠬᠦᠨᠳᠦ ᠡᠭᠦᠷᠭᠡ ᠶᠢ ᠡᠭᠦᠷᠭᠡᠯᠡᠨ᠎ᠡ᠃︾ ᠭᠡᠵᠦ ᠲᠦᠴᠢᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠣᠷᠣᠭᠴᠢ ᠢᠤᠢ ᠴᠢᠶᠠᠩ ᠲᠠᠨᠢᠯᠴᠠᠭᠤᠯᠪᠠ᠃    ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤᠮᠳᠠᠳᠤ ᠶᠢᠨ ᠦᠨᠳᠦᠰᠦᠲᠡᠨ ᠤ ᠲᠡᠦᠬᠡ᠂ ᠰᠣᠶᠣᠯ᠂ ᠵᠠᠩ ᠳᠠᠳᠬᠠᠯ᠂ ᠪᠠᠶᠠᠷ ᠤᠨ ᠡᠳᠦᠷ ᠵᠡᠷᠭᠡ ᠡᠯᠧᠮᠧᠨ᠋ᠲ ᠢ ᠰᠤᠷᠭᠠᠭᠤᠯᠢ ᠶᠢᠨ ᠬᠦᠷᠢᠶᠡᠨ ᠤ ᠰᠣᠶᠣᠯ ᠳᠤ ᠠᠭᠤᠰᠤᠯᠴᠠᠭᠤᠯᠬᠤ ᠶᠢ ᠪᠠᠷᠢᠮᠲᠠᠯᠠᠪᠠ᠃ ᠨᠢᠭᠡ ᠤᠳᠠᠭᠠᠨ ᠤ ᠭᠤᠣᠯ ᠰᠡᠳᠦᠪᠲᠦ ᠠᠩᠭᠢ  ᠶᠢᠨ ᠬᠤᠷᠠᠯ ᠬᠤᠷᠠᠯᠳᠤᠭᠤᠯᠬᠤ᠂ ᠨᠢᠭᠡ ︽ᠠᠨᠠᠷ ᠤᠨ ᠦᠷ᠎ᠡ︾ ᠪᠢᠴᠢᠯ ᠬᠢᠴᠢᠶᠡᠯ ᠤᠨ ᠲᠠᠩᠬᠢᠮ ᠨᠡᠭᠡᠭᠡᠬᠦ᠂ ᠨᠢᠭᠡ ᠨᠡᠶᠢᠲᠡᠯᠢᠭ ᠵᠢᠱᠢᠶᠡᠴᠢ ᠠᠴᠠ ᠰᠤᠷᠤᠯᠴᠠᠬᠤ᠂ ᠨᠢᠭᠡ ᠭᠤᠣᠯ ᠰᠡᠳᠦᠪᠲᠦ ᠳᠠᠭᠤᠤ ᠰᠤᠷᠬᠤ᠂ ᠨᠢᠭᠡ ᠲᠤᠰᠬᠠᠢ ᠰᠡᠳᠦᠪᠲᠦ ᠵᠣᠬᠢᠶᠠᠯ ᠪᠢᠴᠢᠬᠦ᠂ ᠨᠢᠭᠡ ᠤᠳᠠᠭᠠᠨ ᠤ ᠦᠵᠡᠰᠬᠦᠯᠡᠩ ᠢᠶᠠᠷ ᠭᠤᠣᠯ ᠠᠭᠤᠯᠭ᠎ᠠ ᠪᠣᠯᠭᠠᠭᠰᠠᠨ ︽ᠨᠠᠢᠮᠠᠨ ᠨᠢᠭᠡ︾ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠤᠬᠠᠭᠤᠯᠭ᠎ᠠ ᠶᠢᠨ ᠪᠤᠯᠤᠩ᠂ ᠰᠣᠶᠣᠯ ᠤᠨ ᠬᠡᠷᠡᠮ᠂ ᠠᠵᠢᠯ ᠤᠨ ᠲᠣᠪᠴᠢ ᠮᠡᠳᠡᠭᠡ ᠵᠡᠷᠭᠡ ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢᠯᠠᠭᠤᠷ ᠢ ᠭᠦᠢᠴᠡᠳ ᠠᠰᠢᠭᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠥᠷᠭᠡᠨ ᠢᠶᠠᠷ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠷ᠎ᠡ ᠶᠢ ᠵᠠᠯᠠᠭᠤᠴᠤᠳ ᠪᠠᠭᠠᠴᠤᠳ  ᠤᠨ ᠰᠡᠳᠬᠢᠯ ᠳᠤ ᠭᠦᠨ ᠦᠨᠳᠦᠰᠦᠯᠡᠭᠦᠯᠦᠨ᠎ᠡ᠃   ᠲᠦᠴᠢᠦᠸᠠᠨ ᠰᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠪᠠᠲᠤ ᠡᠵᠡᠮᠳᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠ ᠦᠨᠳᠦᠰᠦᠨ ᠱᠠᠲᠤᠨ ᠤ ᠠᠵᠢᠯ ᠤᠨ ᠨᠡᠶᠢᠯᠡᠯ ᠴᠡᠭ ᠢ ᠣᠨᠣᠪᠴᠢᠲᠠᠶ ᠣᠯᠵᠤ᠂ ᠪᠥᠬᠦ ᠰᠢᠶᠠᠨ ᠤ ᠵᠠᠯᠠᠭᠤᠴᠤᠳ ᠪᠠᠭᠠᠴᠤᠳ ᠤᠨ ᠳᠤᠮᠳᠠ ︽ᠵᠢᠵᠢᠭ ᠠᠨᠠᠷ ᠤᠨ ᠦᠷ᠎ᠡ︾ ᠶᠢᠨ ᠨᠡᠶᠢᠭᠡᠮ ᠤᠨ ᠪᠦᠯᠬᠦᠮ ᠢ ᠡᠭᠦᠳᠦᠨ ᠪᠠᠶᠢᠭᠤᠯᠵᠤ᠂ ᠵᠠᠯᠠᠭᠤᠴᠤᠳ ᠪᠠᠭᠠᠴᠤᠳ ᠤᠨ ᠦᠵᠡᠯ ᠰᠠᠨᠠᠭᠠᠨ ᠤ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠪᠠᠲᠤ ᠠᠳᠬᠤᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ︽ᠲᠠᠪᠤᠨ ᠬᠠᠮᠲᠤ ᠶᠢᠨ ᠲᠠᠨᠢᠯᠲᠠ︾ ᠶᠢ ᠴᠢᠩᠭᠠᠳᠬᠠᠪᠠ᠃    ᠣᠳᠣᠬᠠᠨ ᠳᠤ᠂ ᠲᠦᠴᠢᠦᠸᠠᠨ ᠰᠢᠶᠠᠨ ᠤ ︽ᠵᠢᠵᠢᠭ ᠠᠨᠠᠷ ᠤᠨ ᠦᠷ᠎ᠡ︾ ᠶᠢᠨ ᠨᠡᠶᠢᠭᠡᠮᠯᠢᠭ ᠨᠢᠭᠡᠨᠲᠡ 28 ᠲᠤᠮᠳᠠᠳᠤ᠂ ᠪᠠᠭ᠎ᠠ ᠰᠤᠷᠭᠠᠭᠤᠯᠢ ᠶᠢ ᠪᠦᠬᠦᠨ ᠢ ᠬᠠᠮᠤᠷᠴᠤ᠂ ᠲᠠᠩᠰᠠᠨ ᠳᠤ ᠪᠠᠶᠢᠭ᠎ᠠ ᠪᠦᠷᠢᠯᠳᠦᠬᠦᠨ 700 ᠪᠣᠶ᠃ ᠡᠯ᠎ᠡ ︽ᠵᠢᠵᠢᠭ ᠠᠨᠠᠷ ᠤᠨ ᠦᠷ᠎ᠡ︾ ᠶᠢᠨ ᠨᠡᠶᠢᠭᠡᠮᠯᠢᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠵᠡᠷᠭᠡ ᠴᠢᠬᠤᠯᠠ ᠶᠡᠭᠡ ᠴᠠᠭ ᠬᠤᠭᠤᠴᠠᠭ᠎ᠠ ᠪᠠ ᠴᠢᠬᠤᠯᠠ ᠪᠠᠶᠠᠷ ᠳᠤᠷᠠᠰᠬᠠᠯ ᠤᠨ ᠡᠳᠦᠷ ᠲᠠᠢ ᠬᠠᠮᠳᠤᠳᠬᠠᠵᠤ᠂ ᠨᠠᠮ ᠂ ᠡᠪᠯᠡᠯ᠂ ᠠᠩᠭᠢ ᠶᠢᠨ ᠶᠣᠰᠣᠯᠠᠯ ᠤᠨ ᠬᠥᠮᠦᠵᠢᠯ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠤ ᠰᠣᠶᠣᠯ ᠤᠷᠠᠯᠢᠭ ᠤᠨ ᠷᠢᠳᠢ ᠰᠢᠳᠢ ᠶᠢ ᠭᠦᠶᠴᠡᠳ ᠢᠯᠡᠷᠡᠭᠦᠯᠪᠡ᠃    ᠣᠲᠣ ᠪᠣᠯᠲᠠᠯ᠎ᠠ᠂ ︽ᠵᠢᠵᠢᠭ ᠠᠨᠠᠷ ᠤᠨ ᠦᠷ᠎ᠡ︾ ᠶᠢᠨ ᠨᠡᠶᠢᠭᠡᠮᠯᠢᠭ ᠤᠳ ᠨᠢᠭᠡᠨᠲᠡ 150 ᠭᠠᠷᠤᠶ ᠤᠳᠠᠭᠠᠨ  ᠤ ᠲᠣᠮᠣ ᠬᠡᠯᠪᠡᠷᠢ ᠶᠢᠨ ᠠᠵᠢᠯᠯᠠᠭ᠎ᠠ ᠥᠷᠨᠢᠭᠦᠯᠵᠦ᠂ ᠣᠷᠣᠯᠴᠠᠭᠰᠠᠨ ᠰᠣᠷᠣᠭᠴᠢ ᠶᠢᠨ ᠲᠤᠭ᠎ᠠ ᠲᠦᠮᠡ ᠭᠠᠷᠤᠶ ᠬᠥᠮᠦᠨ ᠤᠳᠠᠭ᠎ᠠ ᠳᠤ ᠬᠦᠷᠴᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号