ᠥᠨᠳᠥᠷ ᠳᠤᠮᠳᠠᠳᠤ ᠶᠢᠨ ᠰᠢᠯᠭᠠᠯᠲᠠ ᠶᠢᠨ ᠨᠢᠭᠡᠳᠦᠭᠡᠷ ᠡᠳᠦᠷ᠂ ᠴᠢᠷᠮᠠᠢᠭᠠᠷᠠᠢ ᠪᠠᠭᠠᠴᠤᠳ ᠮᠢᠨᠢ︕
ᠨᠡᠶᠢᠲᠡᠯᠡᠭᠰᠡᠨ ᠴᠠᠭ᠄
2023/6/26
   6 ᠰᠠᠷ᠎ᠠ ᠶᠢᠨ 25 ᠤ ᠡᠳᠦᠷ᠂ 2023 ᠣᠨ ᠤ ᠲᠦᠴᠢᠦᠸᠠᠨ ᠰᠢᠶᠠᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠰᠤᠷᠤᠯᠭ᠎ᠠ ᠶᠢᠨ ᠰᠢᠯᠭᠠᠯᠲᠠ ᠵᠢᠴᠢ ᠨᠠᠶᠮᠠᠳᠤᠭᠠᠷ ᠣᠨ ᠤ ᠠᠮᠢᠳᠤ ᠪᠣᠳᠠᠰ᠂ ᠭᠠᠵᠠᠷ ᠵᠦᠶ ᠶᠢᠨ ᠰᠤᠷᠤᠯᠭ᠎ᠠ ᠲᠡᠭᠦᠰᠬᠦ ᠰᠢᠯᠭᠠᠯᠲᠠ ᠡᠬᠢᠯᠡᠪᠡ᠃    ᠦᠳᠡ ᠶᠢᠨ ᠡᠮᠦᠨᠡᠬᠢ 8 ᠴᠠᠭ ᠲᠤ᠂ ᠲᠦᠴᠢᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ᠂ ᠰᠢᠯᠭᠠᠭᠤᠯᠤᠭᠴᠢᠳ ᠠᠮᠤᠷ ᠲᠦᠪᠰᠢᠨ ᠤ ᠪᠠᠶᠢᠴᠠᠭᠠᠯᠲᠠ ᠬᠦᠯᠢᠶᠡᠭᠰᠡᠨ ᠤ ᠳᠠᠷᠠᠭ᠎ᠠ᠂ ᠰᠢᠯᠭᠠᠯᠲᠠ ᠶᠢᠨ ᠲᠠᠯᠠᠪᠠᠶ ᠳᠤ ᠡᠮᠬᠢ ᠵᠢᠷᠤᠮ ᠲᠠᠢ ᠪᠠᠷ ᠣᠷᠣᠵᠤ ᠢᠷᠡᠪᠡ᠃    ᠡᠨᠡ ᠵᠢᠯ᠂ ᠲᠦᠴᠢᠦᠸᠠᠨ ᠰᠢᠶᠠᠨ ᠤ 3694 ᠨᠡᠷᠡᠰ ᠦᠨᠳᠦᠷ ᠲᠤᠮᠳᠠᠳᠤ ᠶᠢᠨ ᠰᠢᠯᠭᠠᠯᠳᠠ ᠶᠢᠨ ᠰᠢᠯᠭᠠᠭᠤᠯᠤᠭᠴᠢ ᠰᠢᠯᠭᠠᠯᠲᠠ ᠶᠢᠨ ᠲᠠᠯᠠᠪᠠᠶ ᠳᠤ ᠣᠷᠣᠵᠤ᠂ ᠪᠥᠬᠦ ᠰᠢᠶᠠᠨ ᠳᠤ 1 ᠰᠢᠯᠭᠠᠯᠲᠠ ᠶᠢᠨ ᠴᠡᠭ ᠭᠠᠷᠭᠠᠵᠤ ᠂ ᠰᠢᠯᠭᠠᠭᠤᠯᠤᠭᠴᠢᠳ ᠤᠨ ᠰᠢᠯᠭᠠᠯᠲᠠ ᠶᠢᠨ ᠲᠠᠯᠠᠪᠠᠶ ᠳᠤ ᠣᠷᠣᠬᠤ ᠶᠢ ᠳᠠᠭᠠᠯᠳᠤᠨ᠂ ᠪᠠᠭᠰᠢ ᠨᠠᠷ ᠮᠥᠨ ᠯᠡ ᠰᠤᠷᠭᠠᠭᠤᠯᠢ ᠶᠢᠨ ᠢᠶᠠᠨ ᠡᠭᠦᠳᠡᠨ ᠭᠠᠳᠠᠨ᠎ᠠ ᠦᠯᠡᠳᠡᠵᠦ᠂ ᠰᠢᠯᠭᠠᠭᠤᠯᠤᠭᠴᠢ ᠶᠢ ᠬᠦᠯᠢᠶᠡᠨ᠎ᠡ᠃ ︽ᠥᠨᠥᠳᠦᠷ ᠪᠣᠯ ᠰᠢᠯᠭᠠᠯᠲᠠ ᠡᠬᠢᠯᠡᠭᠰᠡᠨ ᠠᠩᠬᠠᠨ ᠤ ᠡᠳᠦᠷ ᠮᠥᠨ᠂ ᠮᠠᠨ ᠤ ᠪᠠᠭᠰᠢ ᠴᠥᠮ ᠡᠷᠲᠡᠬᠡᠨ ᠢᠷᠡᠵᠦ ᠬᠡᠦᠬᠡᠳ ᠤᠳ ᠲᠤ ᠰᠢᠯᠭᠠᠯᠲᠠ ᠳᠤ ᠵᠤᠷᠢᠭᠵᠢᠭᠤᠯᠵᠤ᠂ ᠰᠢᠯᠭᠠᠯᠲᠠ ᠶᠢᠨ ᠲᠠᠯᠠᠪᠤᠷ ᠲᠤ ᠣᠷᠣᠬᠤ ᠠᠴᠠ ᠡᠮᠦᠨ᠎ᠡ ᠪᠢᠳᠡ ᠪᠠᠰᠠ ᠣᠯᠠᠨ ᠤᠳᠠᠭ᠎ᠠ ᠰᠠᠨᠠᠭᠤᠯᠵᠤ᠂ ᠬᠡᠦᠬᠡᠳ ᠤᠳ ᠰᠡᠳᠬᠢᠯ ᠰᠠᠨᠠᠭ᠎ᠠ ᠪᠠᠨ ᠰᠠᠶᠢᠲᠤᠷ ᠲᠣᠬᠢᠷᠠᠭᠤᠯᠵᠤ᠂ ᠬᠠᠮᠤᠭ ᠤᠨ ᠰᠠᠶᠢᠨ ᠬᠢᠷᠢ ᠬᠡᠮᠵᠢᠶ᠎ᠡ ᠪᠠᠨ ᠪᠠᠳᠠᠷᠠᠭᠤᠯᠵᠤ᠂ ᠪᠠᠶᠢᠪᠠᠰᠤ ᠵᠣᠬᠢᠬᠤ ᠬᠢᠷᠢ ᠪᠦᠲᠦᠮᠵᠢ ᠪᠠᠨ ᠰᠢᠯᠭᠠᠵᠤ ᠭᠠᠷᠭᠠᠬᠤ ᠶᠢ ᠬᠦᠰᠡᠵᠦ ᠪᠠᠶᠢᠨ᠎ᠠ᠃︾ ᠭᠡᠵᠤ ᠰᠢᠯᠭᠠᠯᠲᠠ ᠳᠤ ᠪᠠᠷ᠎ᠠ ᠪᠣᠯᠤᠭᠰᠠᠨ ᠪᠠᠭᠰᠢ ᠢᠦ᠋ᠢ ᠫᠧᠩ ᠹᠸᠢ ᠢᠨᠢᠶᠡᠮᠰᠦᠭᠯᠡᠨ ᠬᠡᠯᠡᠪᠡ᠃ ᠰᠢᠯᠭᠠᠯᠲᠠ ᠳᠤ ᠪᠠᠷ᠎ᠠ ᠪᠤᠯᠤᠭᠰᠠᠨ ᠭᠡᠷ ᠤᠨ ᠠᠬᠠᠮᠠᠳ ᠴᠤ ᠪᠡᠯᠡᠳᠬᠡᠯ ᠢᠶᠠᠨ ᠭᠦᠢᠴᠡᠳ ᠬᠢᠵᠦ᠂ ᠶᠡᠭᠡ ᠪᠠᠭ᠎ᠠ ᠪᠣᠭᠴᠣ ᠡᠭᠦᠷᠦᠨ ᠭᠡᠨᠡᠳᠲᠡ ᠶᠢᠨ ᠬᠡᠷᠡᠭᠴᠡᠭᠡ ᠳᠤ ᠪᠡᠯᠡᠳᠬᠡᠵᠦ᠂ ᠪᠠᠰᠠ ᠡᠯ᠎ᠡ ᠵᠦᠢᠯ ᠤᠨ ︽ᠪᠠᠶᠢᠯᠳᠤᠭᠠᠨ ᠤ ᠬᠤᠪᠴᠠᠰᠤ︾ ᠰᠣᠯᠢᠵᠤ᠂ ᠬᠡᠦᠬᠡᠳ ᠤᠳ ᠲᠤ ᠬᠦᠰᠡᠯ ᠡᠷᠡᠮᠡᠯᠵᠡᠯ ᠲᠠᠯᠪᠢᠵᠤ ᠪᠠᠶᠢᠯ᠎ᠠ᠃ ᠰᠤᠷᠤᠭᠴᠢ ᠶᠢᠨ ᠭᠡᠷ ᠤᠨ ᠠᠬᠠᠮᠠᠳ ᠡᠦ ᠵᠦ ᠵᠢᠶᠤᠤ  ᠨᠢᠳᠦ ᠭᠢᠯᠠᠰᠤᠮ᠎ᠠ ᠮᠠᠨᠵᠤ ᠲᠡᠷᠯᠢᠭ ᠡᠮᠦᠰᠴᠦ᠂ ᠪᠤᠰᠤᠳ ᠭᠡᠷ ᠤᠨ ᠠᠬᠠᠮᠠᠳ ᠲᠠᠢ ᠬᠠᠮᠲᠤ ᠰᠢᠯᠭᠠᠯᠲᠠ ᠶᠢᠨ ᠲᠤᠬᠠᠢ ᠶᠠᠷᠢᠯᠴᠠᠵᠤ᠂ ︽ᠪᠢ ᠬᠡᠦᠬᠡᠨ ᠳᠡᠭᠡᠨ ᠬᠦᠴᠦ ᠨᠡᠮᠡᠬᠦ ᠪᠠᠷ ᠢᠷᠡᠭᠰᠡᠨ ᠶᠤᠮ᠂ ᠲᠡᠭᠦᠨ ᠤ ᠬᠡᠪ ᠤᠨ ᠪᠠᠶᠢᠳᠠᠯ ᠢᠶᠠᠨ ᠪᠠᠳᠠᠷᠠᠭᠤᠯᠬᠤ ᠶᠢ ᠬᠦᠰᠡᠵᠦ ᠪᠠᠶᠢᠨ᠎ᠠ᠂ ᠡᠨᠡ ᠬᠤᠶᠠᠷ ᠡᠳᠦᠷ ᠪᠢ ᠬᠡᠳᠦᠨ ᠮᠠᠨᠵᠤ ᠲᠡᠷᠯᠢᠭ ᠪᠡᠯᠡᠳᠬᠡᠵᠦ᠂ ᠰᠠᠶᠢᠨ ᠶᠣᠭᠲᠠ ᠤᠳᠬ᠎ᠠ ᠶᠢ ᠢᠯᠡᠳᠬᠡᠵᠦ᠂ ᠬᠡᠦᠬᠡᠳ ᠤᠨ ᠢᠶᠠᠨ ᠬᠠᠨᠤᠮᠵᠢᠲᠠᠢ ᠰᠠᠶᠢᠨ ᠬᠢᠷᠢ ᠪᠦᠲᠦᠮᠵᠢ ᠣᠯᠬᠤ ᠶᠢ ᠬᠦᠰᠡᠵᠦ ᠪᠠᠶᠢᠨ᠎ᠠ᠃︾ ᠭᠡᠮᠡᠨ ᠬᠡᠯᠡᠨ᠎ᠡ᠃    ᠰᠢᠯᠭᠠᠯᠲᠠ ᠶᠢᠨ ᠲᠠᠯᠠᠪᠠᠢ ᠳᠤ᠂ ᠰᠤᠷᠤᠭᠴᠢᠳ ᠪᠢᠷ ᠪᠠᠷᠢᠨ ᠶᠠᠭᠠᠷᠠᠤ ᠰᠢᠯᠭᠠᠯᠳᠠ ᠬᠢᠵᠤ᠂ ᠰᠢᠯᠭᠠᠯᠲᠠ ᠶᠢᠨ ᠲᠠᠯᠠᠪᠠᠶ ᠶᠢᠨ ᠭᠠᠳᠠᠨ᠎ᠠ᠂ ᠬᠡᠷ ᠤᠨ ᠠᠬᠠᠮᠠᠳ ᠨᠠᠷ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠪᠠᠭᠰᠢ ᠨᠠᠷ ᠭᠦᠨ ᠵᠥᠩᠨᠡᠯ ᠳᠡᠪᠰᠢᠭᠦᠯᠵᠦ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ᠂ ᠡᠮᠴᠢ ᠰᠤᠪᠢᠯᠠᠭᠴᠢ᠂ ᠠᠵᠢᠯᠲᠠᠳ ᠰᠢᠯᠭᠠᠭᠤᠯᠤᠭᠴᠢ ᠶᠢᠨ ᠲᠥᠯᠥᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠪᠠ᠃ ᠬᠦᠰᠡᠯ ᠵᠡᠭᠦᠳᠦ ᠤᠨ ᠲᠦᠯᠦᠭᠡ᠂ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ︕ ᠥᠷᠭᠡᠨ ᠤᠯᠠᠨ ᠰᠢᠯᠭᠠᠭᠤᠯᠤᠭᠰᠠᠳ ᠵᠣᠷᠢᠭᠲᠠᠢ ᠪᠠᠷ ᠤᠶᠤᠨ ᠤᠬᠠᠭᠠᠨ ᠢᠶᠠᠨ ᠡᠷᠭᠦᠵᠦ᠂ ᠬᠦᠰᠡᠯᠡᠩ ᠤᠨ ᠢᠶᠠᠨ ᠲᠥᠯᠥᠭᠡ ᠠᠪᠢᠶᠠᠰ ᠢᠶᠠᠨ ᠪᠠᠳᠠᠷᠠᠭᠤᠯᠬᠤ ᠪᠣᠯᠤᠭᠠᠰᠠᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号