ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠵᠥᠪᠯᠡᠯ᠂ | ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠡᠯ᠎ᠡ ᠰᠢᠭᠤᠳ | ᠬᠠᠮᠢᠶᠠᠷᠤᠯᠲᠠ ᠶᠢᠨ ᠨᠢᠭᠡᠴᠢ᠂ ᠡᠯ᠎ᠡ ᠠᠷᠠᠳ ᠤᠨ ᠪᠦᠯᠬᠦᠮ ᠳᠤ᠄ | ᠡᠳᠦᠭᠡ ︽ᠲᠦᠴᠢᠤᠸᠠᠨ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃ | 2023 ᠣᠨ ᠤ 6 ᠰᠠᠷ᠎ᠠ ᠶᠢᠨ 5 ᠤ ᠡᠳᠦᠷ | ᠲᠦᠴᠢᠤᠸᠠᠨ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠤᠬᠠᠢ ᠬᠡᠷᠡᠭᠵᠢᠭᠦᠯᠬᠦ ᠰᠠᠨᠠᠯ | ᠴᠠᠭ ᠠᠭᠤᠷ ᠤᠨ ᠦᠢᠯᠡᠰ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ᠂ ᠰᠠᠭᠤᠷᠢ ᠴᠢᠨᠠᠷᠲᠠᠢ᠂ | ᠤᠳᠤᠷᠢᠳᠤᠮᠵᠢ ᠶᠢᠨ ᠴᠢᠨᠠᠷᠲᠠᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠮᠥᠨ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠠᠷᠠᠳ ᠲᠦᠮᠡᠨ ᠤ ᠠᠮᠤᠷ ᠲᠦᠪᠰᠢᠨ ᠪᠤᠶᠠᠨ ᠵᠢᠷᠭᠠᠯ ᠢ ᠨᠡᠮᠡᠭᠳᠡᠭᠦᠯᠬᠦ | ᠴᠢᠬᠤᠯᠠ ᠪᠠᠲᠤᠯᠠᠭ᠎ᠠ ᠮᠥᠨ᠃ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ᠂ ᠨᠡᠩ ᠥᠨᠳᠥᠷ | ᠲᠦᠪᠰᠢᠨ ᠪᠦᠬᠦᠢ ᠴᠠᠭ ᠠᠭᠤᠷ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ | ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠴᠠᠭ | ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠬᠥᠲᠥᠯᠪᠦᠷᠢ ︵2022 ︱ 2035 ᠣᠨ︶ ᠶᠢ ᠳᠠᠷᠤᠮᠠᠯᠯᠠᠨ | ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ ︾︵ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠲᠠᠷᠬᠠᠭᠠᠭᠰᠠᠨ〔2022﹈ 11 ᠳ᠋ᠦ᠋ᠭᠡᠷ ᠲᠣᠭᠠᠲᠤ ︶᠂ ︽ᠴᠠᠭ ᠠᠭᠤᠷ ᠤᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠠᠨᠠᠯ ︾᠂ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠲᠠᠷᠬᠠᠭᠠᠭᠰᠠᠨ〔2021﹈ 16 ᠳ᠋ᠤᠭᠠᠷ ᠲᠣᠭᠠᠲᠤ ︶᠂ ︽ᠴᠠᠭ | ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠢᠩᠭᠠᠨ ᠠᠶᠢᠮᠠᠭ ᠤᠨ | ᠵᠠᠬᠢᠷᠭ᠎ᠠ ᠶᠢᠨ ᠬᠡᠷᠡᠭᠵᠢᠭᠦᠯᠬᠦ ᠰᠠᠨᠠᠯ ︾ ︵ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠠᠴᠠ | ᠲᠠᠷᠬᠠᠭᠠᠭᠰᠠᠨ ﹇2023﹈ 15 ᠳ᠋ᠤᠭᠠᠷ ᠲᠣᠭᠠᠲᠤ ︶ ᠢ ᠦᠨᠳᠦᠰᠦᠯᠡᠨ᠂ ᠮᠠᠨ ᠤ ᠰᠢᠶᠠᠨ ᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ ︶ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ | ᠦᠢᠯᠡᠴᠢᠯᠡᠬᠦ ᠪᠠ ᠠᠭᠤᠰᠤᠯᠴᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ | ᠬᠢᠨᠠᠨ ᠬᠡᠮᠵᠢᠬᠦ ᠨᠢ ᠨᠠᠷᠢᠯᠢᠭ᠂ ᠤᠷᠢᠳᠴᠢᠯᠠᠨ ᠮᠡᠳᠡᠭᠡᠯᠡᠬᠦ ᠨᠢ ᠨᠠᠷᠢᠯᠢᠭ᠂ ᠦᠢᠯᠡᠴᠢᠯᠡᠭᠡ ᠨᠢ ᠨᠠᠷᠢᠯᠢᠭ᠂ ᠠᠷᠠᠳ | ᠲᠦᠮᠡᠨ ᠳᠤ ᠲᠠᠭᠠᠰᠢᠶᠠᠭᠳᠠᠭᠰᠠᠨ ᠣᠳᠣ ᠦᠶ᠎ᠡ ᠶᠢᠨ ᠴᠠᠭ ᠠᠭᠤᠷ ᠤᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠴᠠᠭ | ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠬᠥᠭᠵᠢᠯᠲᠡ᠂ | ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠢ ᠰᠠᠶᠢᠨ ᠰᠠᠶᠢᠬᠠᠨ ᠪᠠᠶᠢᠬᠤ ᠶᠢ ᠪᠥᠬᠦ ᠲᠠᠯ᠎ᠠ ᠪᠠᠷ ᠪᠠᠲᠤᠯᠠᠨ᠂ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ | ᠬᠠᠩᠭᠠᠵᠤ᠂ ᠣᠳᠣᠬᠢᠴᠢᠯᠠᠭᠰᠠᠨ ᠲᠦᠴᠢᠤᠸᠠᠨ ᠰᠢᠶᠠᠨ ᠤ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠴᠠᠭ | ᠠᠭᠤᠷ ᠤᠨ ᠪᠠᠲᠤᠯᠠᠭ᠎ᠠ ᠬᠠᠩᠭᠠᠨ᠎ᠠ᠃ | ︵ᠬᠤᠶᠠᠷ ︶ᠬᠥᠭᠵᠢᠯᠲᠡ ᠶᠢᠨ ᠬᠠᠷᠠᠯᠲᠠ 2025 ᠣᠨ ᠪᠣᠯᠬᠤ ᠳᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ | ᠂ ᠪᠦᠲᠦᠴᠡ ᠨᠢ ᠪᠦᠷᠢᠨ ᠲᠡᠭᠦᠯᠳᠡᠷ᠂ ᠴᠢᠳᠠᠮᠵᠢ ᠨᠢ ᠲᠡᠷᠢᠭᠦᠨ ᠤ ᠬᠢ᠂ ᠪᠠᠲᠤᠯᠠᠭ᠎ᠠ ᠨᠢ ᠬᠦᠴᠦᠨ ᠲᠠᠢ | ᠣᠳᠣᠬᠢᠴᠢᠯᠠᠭᠰᠠᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡ᠂ | ᠲᠤᠬᠠᠶᠢᠯᠠᠭᠰᠠᠨ ᠠᠵᠢᠯ ᠪᠠ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠴᠠᠭ ᠠᠭᠤᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ᠃ 2035 ᠣᠨ ᠪᠣᠯᠬᠤ ᠳᠤ | ᠬᠡᠷᠡᠭᠴᠡᠭᠡ ᠶᠢ ᠬᠠᠩᠭᠠᠬᠤ᠂ ᠣᠨᠴᠠᠯᠢᠭ ᠢᠶᠠᠷ ᠢᠯᠡ ᠲᠣᠳᠣ᠂ ᠮᠡᠷᠭᠡᠵᠢᠯ ᠢᠶᠠᠷ ᠳᠠᠪᠰᠢᠩᠭᠤᠢ᠂ ᠠᠮᠢᠵᠢᠷᠠᠯ ᠤᠨ | ᠬᠦᠴᠦᠨ ᠢᠶᠠᠷ ᠪᠢᠯᠬᠠᠮ᠎ᠠ ᠴᠠᠭ ᠠᠭᠤᠷ ᠤᠨ ᠣᠳᠣᠬᠢᠴᠢᠯᠠᠭᠰᠠᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠴᠠᠭ | ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠨᠡᠩ ᠭᠦᠢᠴᠡᠳ ᠪᠠᠳᠠᠷᠠᠭᠤᠯᠵᠤ᠂ ᠴᠠᠭ ᠠᠭᠤᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠦᠷ᠎ᠡ ᠪᠦᠲᠦᠮᠵᠢ ᠳᠤ ᠡᠨᠧᠷᠭᠢ ᠣᠯᠭᠤᠬᠤ ᠨᠡᠩ ᠢᠯᠡᠷᠬᠡᠢ ᠪᠣᠯᠭᠠᠵᠤ᠂ ᠠᠮᠢ ᠨᠠᠰᠤᠨ ᠤ ᠠᠮᠤᠷ ᠲᠦᠪᠰᠢᠨ ᠢ | ᠪᠠᠲᠤᠯᠠᠬᠤ᠂ ᠦᠢᠯᠡᠳᠪᠦᠷᠢᠯᠡᠯ ᠢ ᠬᠥᠭᠵᠢᠭᠦᠯᠬᠦ᠂ ᠠᠮᠢᠳᠤᠷᠠᠯ ᠢ ᠴᠢᠨᠡᠭᠡᠯᠢᠭᠵᠢᠭᠦᠯᠬᠦ᠂ ᠠᠮᠢ ᠠᠬᠤᠢ ᠶᠢ ᠰᠠᠶᠢᠨ | ᠰᠠᠶᠢᠬᠠᠨ ᠪᠣᠯᠭᠠᠬᠤ ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠶᠠᠷ᠂ ᠭᠤᠣᠯ ᠡᠭᠦᠷᠭᠡ | ︵ᠨᠢᠭᠡ ︶ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭ | ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | 1. ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ᠃ ᠬᠠᠷᠢᠶ᠎ᠠ ᠭᠠᠵᠠᠷ ᠢᠶᠠᠷ ᠭᠤᠣᠯ ᠪᠣᠯᠭᠠᠬᠤ᠂ ᠶᠡᠷᠦᠩᠬᠡᠶᠢᠯᠡᠨ ᠭᠠᠮᠰᠢᠭ ᠢ ᠪᠠᠭᠠᠰᠬᠠᠬᠤ | ᠵᠠᠷᠴᠢᠮ ᠢ ᠪᠠᠷᠢᠮᠲᠠᠯᠠᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠶᠡᠷᠦᠩᠬᠡᠶᠢᠯᠡᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠰᠢᠰᠲ᠋ᠧᠮ ᠳᠤ ᠣᠷᠣᠭᠤᠯᠵᠤ᠂ ᠦᠨᠳᠦᠰᠦᠨ ᠱᠠᠲᠤᠨ ᠤ ᠲᠤᠤᠷᠵᠢᠭᠰᠠᠨ ᠨᠡᠶᠢᠭᠡᠮ ᠤᠨ | ᠵᠠᠰᠠᠯᠲᠠ ᠶᠢᠨ ᠰᠢᠰᠲ᠋ᠧᠮ ᠳᠤ ᠠᠭᠤᠰᠬᠠᠨ ᠣᠷᠣᠭᠤᠯᠤᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠠᠵᠢᠯ ᠤᠨ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠢ ᠴᠢᠩᠭᠠᠷᠠᠭᠤᠯᠵᠤ᠂ ᠱᠠᠲᠤ | ᠬᠤᠪᠢᠶᠠᠨ ᠬᠠᠷᠢᠭᠤᠴᠠᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ᠃ ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ ᠨᠢᠭᠡᠳᠦᠯᠲᠡᠢ ᠲᠥᠯᠥᠪᠵᠢᠭᠦᠯᠬᠦ ᠪᠠ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠲᠦᠷᠭᠡᠨ ᠪᠥᠭᠡᠳ ᠥᠨᠳᠥᠷ ᠦᠷ᠎ᠡ | ᠪᠦᠲᠦᠮᠵᠢᠲᠡᠶ ᠪᠠᠷ ᠬᠠᠮᠲᠤᠷᠠᠨ ᠬᠥᠳᠡᠯᠦᠯᠴᠡᠭᠰᠡᠨ ᠣᠯᠠᠨ ᠰᠠᠯᠠᠭ᠎ᠠ ᠮᠥᠴᠢᠷ ᠤᠨ ᠴᠠᠭ ᠠᠭᠤᠷ ᠤᠨ ᠭᠠᠮᠰᠢᠭ ᠢ | ᠰᠡᠷᠭᠡᠶᠢᠯᠡᠨ ᠠᠷᠭᠠᠴᠠᠭᠠᠬᠤ ᠲᠣᠭᠲᠠᠴᠠ ᠪᠠ ᠨᠡᠶᠢᠭᠡᠮ ᠤᠨ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠂ | ᠬᠦᠨᠳᠦ ᠶᠡᠭᠡ ᠴᠠᠭ ᠠᠭᠤᠷ ᠤᠨ ᠭᠠᠮᠰᠢᠭ ᠤᠨ ᠠᠵᠢᠯ ᠢ ᠵᠣᠭᠰᠣᠭᠠᠵᠤ ᠦᠢᠯᠡᠳᠪᠦᠷᠢᠯᠡᠯ ᠢ ᠵᠣᠭᠰᠣᠭᠠᠵᠤ ᠬᠢᠴᠢᠶᠡᠯ ᠢ | ᠵᠣᠭᠰᠣᠭᠠᠵᠤ ᠲᠡᠭᠡᠭᠡᠪᠦᠷᠢᠯᠡᠬᠦ ᠶᠢ ᠵᠣᠭᠰᠤᠭᠠᠬᠤ ᠳᠦᠷᠢᠮ ᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠳᠤ | ᠣᠷᠣᠯᠴᠠᠨ᠎ᠠ ︵ᠰᠢᠶᠠᠨ ᠤ ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠢᠩᠭᠠᠨ ᠠᠶᠢᠮᠠᠭ ᠤᠨ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ ᠶᠢᠨ ᠲᠦᠴᠢᠤᠸᠠᠨ ᠰᠢᠶᠠᠨ ᠤ ᠬᠤᠪᠢᠶᠠᠷᠢ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ | ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ | ᠲᠣᠪᠴᠢᠶ᠎ᠠ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠨᠠᠮ ᠤᠯᠡᠨ ᠲᠦᠮᠡᠨ ᠤ ᠦᠢᠯᠡᠴᠢᠯᠡᠭᠡᠨ ᠤ | ᠲᠦᠪ ᠠᠴᠠ ᠬᠠᠷᠢᠭᠤᠴᠠᠨ᠎ᠠ᠃ ᠨᠢᠭᠡᠳᠦᠭᠡᠷ ᠲᠤ ᠵᠢᠭᠰᠠᠭᠠᠭᠳᠠᠭᠰᠠᠳ ᠨᠢ ᠲᠦᠷᠦᠭᠦᠯᠡᠨ ᠬᠢᠬᠦ ᠨᠢᠭᠡᠴᠢ ᠪᠣᠯᠤᠨ᠎ᠠ᠂ | ᠳᠣᠷᠣᠭᠰᠢ ᠠᠳᠠᠯᠢ ︶᠃ | 2. ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠪᠥᠬᠦ | ᠰᠢᠶᠠᠨ ᠤ ᠭᠤᠣᠯ ᠪᠣᠯᠬᠤ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠨᠡᠶᠢᠳᠡᠮ ᠪᠠᠶᠢᠴᠠᠭᠠᠬᠤ | ᠂ ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ ᠶᠢ ᠪᠡᠶᠡᠯᠡᠭᠦᠯᠵᠦ᠂ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ | ᠨᠡᠶᠢᠳᠡᠮ ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠳᠤᠮᠳᠠ ᠪᠠᠭ᠎ᠠ ᠭᠤᠣᠯ | ᠮᠥᠷᠡᠨ ᠤ ᠦᠶᠡᠷ᠂ ᠠᠭᠤᠯᠠᠨ ᠦᠶᠡᠷ ᠪᠠ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠴᠠᠭ ᠠᠭᠤᠷ ᠤᠨ ᠠᠶᠤᠯ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠳᠬᠦᠨ ᠢ ᠬᠠᠮᠲᠤᠷᠠᠨ ᠨᠡᠶᠢᠲᠡᠯᠡᠨ᠎ᠡ᠃ ᠴᠠᠭ ᠠᠭᠤᠷ ᠤᠨ | ᠭᠠᠮᠰᠢᠭ ᠤᠨ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ | ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠬᠥᠭᠵᠢᠭᠦᠯᠦᠨ᠎ᠡ᠃ ᠡᠯ᠎ᠡ ᠱᠠᠲᠤᠨ ᠤ ᠴᠠᠭ ᠠᠭᠤᠷ ᠤᠨ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠭᠠᠮᠰᠢᠭ ᠢ ᠶᠡᠷᠦᠩᠬᠡᠶᠢᠯᠡᠨ | ᠰᠡᠷᠭᠡᠶᠢᠯᠡᠵᠦ ᠭᠠᠮᠰᠢᠭ ᠢ ᠪᠠᠭᠠᠰᠬᠠᠬᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠪᠠ ᠴᠠᠭ | ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠲᠠᠷᠢᠶᠠᠯᠠᠩ ᠤᠨ ᠳᠠᠭᠠᠳᠬᠠᠯ ᠤᠨ ᠴᠠᠭ ᠠᠭᠤᠷ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ | ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ᠂ ᠴᠠᠭ ᠠᠭᠤᠷ ᠤᠨ ᠭᠦᠢᠴᠡᠳᠭᠡᠯ ᠲᠣᠭᠠᠨ ᠤ ᠳᠠᠭᠠᠳᠬᠠᠯ ᠤᠨ | ᠦᠢᠯᠡᠳᠬᠦᠨ ᠢ ᠨᠡᠭᠡᠭᠡᠨ ᠬᠥᠭᠵᠢᠭᠦᠯᠬᠦ ᠪᠠ ᠲᠥᠯᠥᠪᠦᠷᠢ ᠥᠭᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠢ | ᠡᠭᠦᠳᠦᠨ ᠪᠠᠶᠢᠭᠤᠯᠤᠨ᠎ᠠ ︵ᠰᠢᠶᠠᠨ ᠤ ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠯ᠎ᠡ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠨᠠᠮ ᠤᠯᠡᠨ ᠲᠦᠮᠡᠨ ᠤ ᠦᠢᠯᠡᠴᠢᠯᠡᠭᠡᠨ ᠤ ᠲᠦᠪ ᠠᠴᠠ | ᠬᠠᠷᠢᠭᠤᠴᠠᠨ᠎ᠠ ︶᠃ | 3. ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠦᠴᠦᠨ ᠲᠠᠢ | ᠬᠤᠭᠤᠴᠠᠭ᠎ᠠ ᠶᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠬᠦᠨᠳᠦ ᠶᠡᠭᠡ ᠭᠠᠢ ᠭᠠᠮᠰᠢᠭ ᠤᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠲᠦᠷᠭᠡᠨ ᠳᠠᠮᠵᠢᠭᠤᠯᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠳᠣᠬᠢᠭᠤᠷ ᠲᠤᠯᠤᠭᠠᠨ ᠣᠲᠣ | ᠳᠠᠭᠠᠭᠤᠯᠢ ᠣᠲᠣ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠪᠠ ᠨᠡᠶᠢᠭᠡᠮ ᠤᠨ | ᠵᠠᠭᠤᠴᠢᠯᠠᠭᠤᠷ ᠤᠨ ᠡᠬᠢ ᠪᠠᠶᠠᠯᠢᠭ ᠢ ᠭᠦᠢᠴᠡᠳ ᠠᠰᠢᠭᠯᠠᠨ ᠴᠠᠭ ᠠᠭᠤᠷ ᠤᠨ ᠭᠠᠢ ᠭᠠᠮᠰᠢᠭ ᠤᠨ ᠰᠡᠷᠡᠮᠵᠢᠯᠡᠭᠦᠯᠬᠦ | ᠮᠡᠳᠡᠭᠡ ᠵᠠᠩᠭᠢ ᠶᠢ ᠣᠯᠠᠨ ᠠᠷᠭ᠎ᠠ ᠵᠠᠮ᠂ ᠥᠷᠭᠡᠨ ᠪᠦᠷᠬᠦᠴᠡ ᠲᠠᠢ᠂ ᠲᠦᠷᠭᠡᠨ ᠪᠥᠭᠡᠳ ᠨᠠᠷᠢᠯᠢᠭ ᠣᠨᠣᠴᠠᠲᠠᠢ ᠪᠠᠷ | ᠳᠠᠮᠵᠢᠭᠤᠯᠬᠤ ᠶᠢ ᠪᠡᠶᠡᠯᠡᠭᠦᠯᠦᠨ᠎ᠡ᠃ ᠤᠯᠤᠰ ᠤᠨ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠨᠡᠶᠢᠲᠡᠯᠡᠬᠦ ᠰᠢᠰᠲ᠋ᠧᠮ ᠤᠨ ᠤᠯᠠᠨ ᠰᠠᠯᠠᠭ᠎ᠠ ᠮᠥᠴᠢᠷ ᠤᠨ ᠬᠡᠷᠡᠭᠯᠡᠯᠲᠡ ᠶᠢ ᠠᠬᠢᠭᠤᠯᠤᠨ᠎ᠠ᠃ ᠭᠤᠷᠪᠠᠨ | ᠲᠣᠮᠣ ᠡᠵᠡᠩᠨᠡᠯᠲᠡ ᠶᠢᠨ ᠬᠤᠳᠠᠯᠳᠤᠭᠠᠴᠢᠨ ᠤ ᠴᠢᠬᠤᠯᠠ ᠶᠡᠭᠡ ᠭᠡᠨᠡᠳᠲᠡ ᠶᠢᠨ ᠬᠡᠷᠡᠭ ᠤᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠨᠡᠶᠢᠲᠡᠯᠡᠬᠦ ︽ᠰᠠᠭᠠᠳ ᠦᠭᠡᠢ ᠨᠡᠪᠲᠡᠷᠡᠬᠦ ᠵᠠᠮ ︾ ᠪᠠ ᠰᠦᠯᠵᠢᠶ᠎ᠡ ᠪᠠᠷ ᠰᠦᠢᠳᠬᠡᠯ ᠬᠤᠷᠢᠶᠠᠬᠤ | ᠦᠭᠡᠢ ᠪᠠᠷ ᠨᠡᠶᠢᠲᠡᠯᠡᠬᠦ ᠲᠣᠭᠲᠠᠴᠠ ᠶᠢ ᠪᠠᠶᠢᠭᠤᠯᠤᠨ᠎ᠠ᠃ ᠬᠦᠨᠳᠦ ᠶᠡᠭᠡ ᠴᠠᠭ ᠠᠭᠤᠷ ᠤᠨ ᠭᠠᠮᠰᠢᠭ ᠤᠨ | ᠰᠡᠷᠡᠮᠵᠢᠯᠡᠭᠦᠯᠬᠦ ᠮᠡᠳᠡᠭᠡ ᠵᠠᠩᠭᠢ ᠶᠢᠨ ︽ᠬᠠᠷᠢᠭᠤ ᠥᠭᠬᠦ ︾ ᠲᠣᠭᠲᠠᠴᠠ ᠶᠢ ᠨᠠᠶᠢᠳᠠᠪᠤᠷᠢᠵᠢᠭᠤᠯᠵᠤ᠂ ᠴᠠᠭ | ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ ︶ ᠳᠤ | ᠨᠡᠶᠢᠲᠡᠯᠡᠬᠦ ᠶᠢ ᠠᠬᠢᠭᠤᠯᠤᠨ᠎ᠠ ︵ᠰᠢᠶᠠᠨ ᠤ ᠴᠠᠭ ᠠᠭᠤᠷ ᠤᠨ ᠲᠣᠪᠴᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ | ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠲᠦᠮᠡᠯ ᠬᠤᠯᠪᠤᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠨᠠᠮ ᠤᠯᠡᠨ ᠲᠦᠮᠡᠨ ᠤ ᠦᠢᠯᠡᠴᠢᠯᠡᠭᠡᠨ ᠤ ᠲᠦᠪ ᠠᠴᠠ | ᠬᠠᠷᠢᠭᠤᠴᠠᠨ᠎ᠠ ︶᠃ | ︵ᠬᠤᠶᠠᠷ ︶ ᠠᠮᠢ ᠠᠬᠤᠢ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠪᠣᠬᠢᠷᠲᠤᠯ ᠦᠭᠡᠢ ᠬᠥᠭᠵᠢᠯᠲᠡ ᠳᠤ | ᠦᠢᠯᠡᠴᠢᠯᠡᠬᠦ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ᠃ | 4. ᠠᠮᠢ ᠠᠬᠤᠢ ᠶᠢᠨ ᠰᠢᠰᠲ᠋ᠧᠮ ᠤᠨ ᠴᠠᠭ ᠠᠭᠤᠷ ᠢ ᠬᠠᠮᠠᠭᠠᠯᠠᠵᠤ ᠰᠡᠷᠭᠦᠭᠡᠬᠦ ᠦᠢᠯᠡᠴᠢᠯᠡᠭᠡ ᠶᠢ | ᠴᠢᠩᠭᠠᠳᠬᠠᠨ᠎ᠠ᠃ ︽ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ | ᠮᠠᠩᠬ᠎ᠠ ︾ ᠶᠢᠨ ᠰᠢᠰᠲ᠋ᠧᠮ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢᠨ ᠲᠣᠭᠤᠷᠢᠨ ᠳᠤ᠂ ᠣᠭᠲᠠᠷᠭᠤᠢ ᠪᠠ | ᠭᠠᠵᠠᠷ ᠣᠷᠣᠨ ᠢ ᠨᠢᠭᠡ ᠴᠣᠭᠴᠠᠵᠢᠭᠤᠯᠤᠭᠰᠠᠨ ᠪᠥᠬᠦ ᠣᠷᠣᠨ ᠪᠦᠰᠡ ᠶᠢᠨ ᠠᠮᠢ ᠠᠬᠤᠢ ᠶᠢᠨ ᠴᠠᠭ ᠠᠭᠤᠷ ᠤᠨ | ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠬᠢᠨᠠᠨ ᠬᠡᠮᠵᠢᠬᠦ ᠥᠷᠲᠡᠭᠡ ᠲᠣᠣᠷ ᠢ ᠬᠠᠮᠲᠤᠷᠠᠨ ᠪᠠᠶᠢᠭᠤᠯᠵᠤ᠂ ᠠᠮᠢ | ᠠᠬᠤᠢ ᠶᠢᠨ ᠴᠠᠭ ᠠᠭᠤᠷ ᠪᠠ ᠠᠯᠤᠰ ᠰᠡᠷᠡᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠦᠨ᠎ᠡ᠃ ᠠᠮᠢ ᠠᠬᠤᠢ ᠶᠢᠨ ᠰᠡᠷᠭᠡᠭ ᠣᠷᠣᠨ ᠪᠠ ᠬᠡᠪᠡᠷᠡᠭ ᠣᠷᠣᠨ ᠳᠤ ᠠᠮᠢ ᠠᠬᠤᠢ ᠶᠢᠨ ᠴᠠᠭ ᠠᠭᠤᠷ ᠢ | ᠬᠢᠨᠠᠨ ᠬᠡᠮᠵᠢᠵᠦ ᠦᠨᠡᠯᠡᠨ ᠵᠢᠱᠢᠬᠦ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠶᠡᠷᠦ ᠪᠤᠰᠤ ᠶᠢᠨ ᠠᠭᠤᠷ | ᠠᠮᠢᠰᠬᠤᠯ ᠤᠨ ᠬᠡᠷᠡᠭ ᠪᠠ ᠴᠠᠭ ᠠᠭᠤᠷ ᠤᠨ ᠭᠠᠮᠰᠢᠭ ᠤᠨ ᠠᠮᠢ ᠠᠬᠤᠢ ᠶᠢᠨ ᠠᠮᠤᠷ ᠲᠦᠪᠰᠢᠨ ᠳᠤ ᠦᠵᠡᠭᠦᠯᠬᠦ | ᠨᠥᠯᠥᠭᠡ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ ︵ᠰᠢᠶᠠᠨ ᠤ ᠴᠠᠭ ᠠᠭᠤᠷ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠢᠩᠭᠠᠨ | ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠲᠦᠴᠢᠤᠸᠠᠨ ᠰᠢᠶᠠᠨ ᠤ ᠬᠤᠪᠢᠶᠠᠷᠢ ᠲᠣᠪᠴᠢᠶ᠎ᠠ | ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ᠂ ᠨᠠᠮ ᠤᠯᠡᠨ ᠲᠦᠮᠡᠨ ᠤ ᠦᠢᠯᠡᠴᠢᠯᠡᠭᠡᠨ ᠤ ᠲᠦᠪ ᠠᠴᠠ ᠬᠠᠷᠢᠭᠤᠴᠠᠨ᠎ᠠ ︶᠃ | 5. ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠴᠠᠭ ᠠᠭᠤᠷ ᠤᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠤᠨ ᠴᠠᠭ ᠠᠭᠤᠷ ᠤᠨ ᠨᠥᠬᠦᠴᠡᠯ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠪᠣᠬᠢᠷ ᠮᠠᠨᠠᠨ᠂ ᠡᠯᠡᠰᠦᠨ ᠰᠢᠭᠤᠷᠭ᠎ᠠ ᠵᠡᠷᠭᠡ | ᠬᠦᠨᠳᠦ ᠪᠣᠬᠢᠷᠲᠤᠯ ᠲᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠲᠤᠬᠠᠶᠢᠯᠠᠭᠰᠠᠨ ᠠᠵᠢᠯ ᠤᠨ | ᠦᠢᠯᠡᠴᠢᠯᠡᠭᠡ ᠶᠢ ᠴᠢᠩᠭᠠᠳᠬᠠᠨ᠎ᠠ᠃ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ | ᠡᠵᠡᠮᠳᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠴᠠᠭ ᠠᠭᠤᠷ ᠬᠢᠭᠡᠳ ᠠᠮᠢ ᠠᠬᠤᠢ ᠣᠷᠴᠢᠨ ᠲᠣᠭᠤᠷᠢᠨ ᠤ | ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠵᠥᠪᠳᠡᠯᠴᠡᠨ ᠰᠤᠳᠤᠯᠵᠤ ᠮᠠᠭᠠᠳᠯᠠᠬᠤ ᠪᠠ ᠪᠠᠴᠢᠮ | ᠪᠠᠶᠢᠳᠠᠯ ᠢ ᠠᠷᠭᠠᠴᠠᠭᠠᠵᠤ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠰᠠᠭᠤᠷᠢ ᠰᠤᠳᠤᠯᠭᠠᠨ ᠢ ᠬᠠᠮᠲᠤᠷᠠᠨ ᠥᠷᠨᠢᠭᠦᠯᠵᠦ᠂ ᠣᠷᠴᠢᠨ ᠲᠣᠭᠤᠷᠢᠨ ᠤ ᠴᠠᠭ ᠠᠭᠤᠷ ᠤᠨ | ᠬᠢᠨᠠᠨ ᠬᠡᠮᠵᠢᠯᠲᠡ ᠶᠢᠨ ᠦᠷᠳᠡᠭᠡ ᠲᠣᠣᠷ ᠤᠨ ᠪᠠᠶᠢᠭᠤᠯᠤᠯᠲᠠ ᠶᠢ ᠬᠠᠮᠲᠤᠪᠠᠷ ᠠᠬᠢᠭᠤᠯᠤᠨ᠎ᠠ᠃ ᠳᠠᠭᠠᠭᠤᠯᠢ | ᠣᠳᠣᠨ ᠤ ᠠᠯᠤᠰ ᠰᠡᠷᠡᠯ ᠤᠨ ᠲᠤᠭ᠎ᠠ ᠪᠠᠷᠢᠮᠲᠠ ᠶᠢ ᠵᠠᠳᠠᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠨ ᠠᠭᠠᠷ ᠮᠠᠨᠳᠠᠯ ᠤᠨ ᠪᠣᠬᠢᠷᠲᠤᠯ ᠢ ᠵᠠᠳᠠᠯᠬᠤ ᠪᠠ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠶᠢ ᠦᠨᠡᠯᠡᠨ | ᠵᠢᠱᠢᠬᠦ ᠠᠵᠢᠯ ᠢ ᠥᠷᠨᠢᠭᠦᠯᠦᠨ᠎ᠡ ︵ᠰᠢᠶᠠᠨ ᠤ ᠴᠠᠭ ᠠᠭᠤᠷ ᠤᠨ ᠲᠣᠪᠴᠢᠶ᠎ᠠ᠂ ᠬᠢᠩᠭᠠᠨ ᠠᠶᠢᠮᠠᠭ ᠤᠨ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ ᠶᠢᠨ ᠲᠦᠴᠢᠤᠸᠠᠨ ᠰᠢᠶᠠᠨ ᠤ ᠬᠤᠪᠢᠶᠠᠷᠢ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠨᠠᠮ ᠤᠯᠡᠨ ᠲᠦᠮᠡᠨ ᠤ | ᠦᠢᠯᠡᠴᠢᠯᠡᠭᠡᠨ ᠤ ᠲᠦᠪ ᠠᠴᠠ ᠬᠠᠷᠢᠭᠤᠴᠠᠨ᠎ᠠ ︶᠃ | 6. ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠬᠤ ᠴᠢᠳᠠᠪᠤᠷᠢ ᠶᠢ ᠴᠢᠩᠭᠠᠳᠬᠠᠨ᠎ᠠ᠃ ᠬᠦᠯᠡᠮᠵᠢ ᠶᠢᠨ ᠬᠡᠢ ᠪᠡᠶᠡᠲᠦ ᠶᠢ ᠬᠢᠨᠠᠨ ᠬᠡᠮᠵᠢᠬᠦ ᠦᠷᠳᠡᠭᠡ ᠶᠢᠨ | ᠲᠣᠣᠷ ᠢ ᠬᠠᠮᠲᠤᠪᠠᠷ ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ | ᠬᠦᠷᠭᠡᠵᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠬᠢᠨᠠᠨ ᠬᠡᠮᠵᠢᠵᠦ ᠦᠨᠡᠯᠡᠨ ᠵᠢᠱᠢᠬᠦ ᠲᠤᠬᠠᠶᠢᠯᠠᠭᠰᠠᠨ | ᠠᠵᠢᠯ ᠢ ᠥᠷᠨᠢᠭᠦᠯᠦᠨ᠎ᠡ᠃ ᠠᠭᠤᠷ ᠠᠮᠢᠰᠬᠤᠯ ᠤᠨ ᠬᠤᠪᠢᠷᠠᠯᠲᠠ ᠶᠢᠨ ᠲᠦᠴᠢᠤᠸᠠᠨ ᠰᠢᠶᠠᠨ ᠤ ᠣᠶ ᠰᠢᠭᠤᠢ᠂ | ᠨᠤᠭᠤ ᠭᠠᠵᠠᠷ ᠵᠡᠷᠭᠡ ᠠᠳᠠᠯᠢ ᠪᠤᠰᠤ ᠠᠮᠢ ᠠᠬᠤᠢ ᠶᠢᠨ ᠰᠢᠰᠲ᠋ᠧᠮ ᠤᠨ ᠲᠥᠷᠥᠯ ᠬᠡᠯᠪᠡᠷᠢ ᠳᠤ ᠦᠵᠡᠭᠦᠯᠬᠦ | ᠨᠥᠯᠥᠭᠡ ᠶᠢ ᠦᠨᠡᠯᠡᠨ ᠵᠢᠱᠢᠵᠦ ᠵᠠᠳᠠᠯᠤᠯᠲᠠ ᠬᠢᠬᠦ ᠶᠢ ᠴᠢᠩᠭᠠᠳᠬᠠᠨ᠎ᠠ᠃ ᠰᠠᠯᠬᠢᠨ ᠡᠨᠧᠷᠭᠢ ᠨᠡᠷᠡᠨ ᠡᠨᠧᠷᠭᠢ ᠶᠢᠨ | ᠡᠬᠢ ᠪᠠᠶᠠᠯᠢᠭ ᠢ ᠨᠡᠭᠡᠭᠡᠨ ᠠᠰᠢᠭᠯᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠢᠬᠤᠯᠠ ᠶᠡᠭᠡ | ᠰᠠᠭᠤᠷᠢ ᠲᠥᠬᠦᠭᠡᠷᠦᠮᠵᠢ ᠶᠢᠨ ᠢᠨᠵᠧᠨᠧᠷᠢᠩ᠂ ᠴᠢᠬᠤᠯᠠ ᠶᠡᠭᠡ ᠣᠷᠣᠨ ᠪᠦᠰᠡ ᠶᠢᠨ ᠴᠢᠨᠠᠷᠲᠠᠢ ᠠᠵᠤ ᠠᠬᠤᠢ ᠶᠢᠨ | ᠨᠡᠭᠡᠭᠡᠨ ᠬᠥᠭᠵᠢᠭᠦᠯᠦᠯᠲᠡ᠂ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ | ᠵᠡᠷᠭᠡ ᠣᠷᠣᠨ ᠪᠦᠰᠡ ᠶᠢᠨ ᠠᠭᠤᠷ ᠠᠮᠢᠰᠬᠤᠯ ᠤᠨ ᠪᠣᠯᠣᠮᠵᠢᠲᠤ ᠴᠢᠨᠠᠷ ᠢ ᠨᠤᠲᠠᠯᠠᠬᠤ ᠠᠵᠢᠯ ᠢ ᠬᠡᠷᠡᠭᠵᠢᠭᠦᠯᠦᠨ᠎ᠡ ︵ | ᠰᠢᠶᠠᠨ ᠤ ᠴᠠᠭ ᠠᠭᠤᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠢᠩᠭᠠᠨ ᠠᠶᠢᠮᠠᠭ ᠤᠨ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ ᠶᠢᠨ ᠲᠦᠴᠢᠤᠸᠠᠨ ᠰᠢᠶᠠᠨ ᠤ ᠬᠤᠪᠢᠶᠠᠷᠢ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠨᠠᠮ ᠤᠯᠡᠨ ᠲᠦᠮᠡᠨ ᠤ | ᠦᠢᠯᠡᠴᠢᠯᠡᠭᠡᠨ ᠤ ᠲᠦᠪ ᠠᠴᠠ ᠬᠠᠷᠢᠭᠤᠴᠠᠨ᠎ᠠ ︶᠃ | ︵ᠭᠤᠷᠪᠠ ︶ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | 7. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢ | ᠰᠠᠶᠢᠲᠤᠷ ᠬᠢᠨ᠎ᠡ᠃ ᠭᠠᠩ ᠬᠠᠭᠰᠠᠷᠠᠭᠠᠨ᠂ ᠬᠢᠷᠠᠭᠤ ᠤᠨᠠᠬᠤ᠂ ᠶᠡᠭᠡ ᠰᠠᠯᠬᠢ᠂ ᠴᠠᠰᠤᠨ ᠵᠤᠳ ᠵᠡᠷᠭᠡ ᠭᠤᠣᠯ ᠪᠣᠯᠬᠤ | ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠣᠷᠣᠨ ᠬᠤᠪᠢᠶᠠᠷᠢᠯᠠᠯ ᠢ | ᠲᠣᠭᠲᠠᠭᠠᠨ᠎ᠠ᠃ ᠡᠷᠳᠡᠨᠢ ᠰᠢᠰᠢ᠂ ᠤᠰᠤᠨ ᠲᠤᠲᠤᠷᠭ᠎ᠠ᠂ ᠰᠢᠷ᠎ᠠ ᠪᠤᠷᠴᠠᠭ ᠵᠡᠷᠭᠡ ᠭᠤᠣᠯ ᠪᠣᠯᠬᠤ ᠲᠠᠷᠢᠮᠠᠯ ᠪᠣᠯᠣᠨ | ᠦᠬᠡᠷ ᠬᠤᠨᠢᠨ ᠤ ᠲᠡᠵᠢᠭᠡᠯ ᠡᠪᠡᠰᠦ ᠪᠣᠷᠳᠣᠭᠠᠨ ᠳᠤ ᠴᠢᠭᠯᠡᠭᠦᠯᠦᠨ᠂ ᠳᠠᠷᠢᠬᠤ ᠠᠭᠤᠷ ᠠᠮᠢᠰᠬᠤᠯ ᠤᠨ ᠣᠷᠣᠨ ᠤ | ᠬᠤᠪᠢᠶᠠᠷᠢᠯᠠᠯ ᠢ ᠨᠠᠷᠢᠯᠢᠭᠵᠢᠭᠤᠯᠤᠨ ᠨᠠᠶᠢᠷᠠᠭᠤᠯᠤᠨ ᠵᠣᠬᠢᠶᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠪᠦᠲᠦᠴᠡ ᠶᠢ ᠲᠣᠬᠢᠷᠠᠭᠤᠯᠬᠤ᠂ ᠠᠮᠤ ᠪᠤᠳᠠᠭ᠎ᠠ ᠪᠣᠯᠣᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠳᠠᠯᠳᠠ ᠬᠦᠴᠦᠨ ᠢ ᠠᠭᠤᠳᠠᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ | ᠬᠠᠩᠭᠠᠨ᠎ᠠ᠃ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠬᠢᠭᠡᠳ ᠠᠭᠤᠷ ᠠᠮᠢᠰᠬᠤᠯ ᠤᠨ ᠡᠬᠢ ᠪᠠᠶᠠᠯᠢᠭ ᠤᠨ | ᠠᠭᠤᠰᠤᠯᠴᠠᠯ ᠢ ᠠᠬᠢᠭᠤᠯᠵᠤ᠂ ︽ᠵᠤᠰᠠᠯᠠᠩ ᠤᠨ ᠵᠤᠭᠠᠴᠠᠯ ᠤᠨ ᠵᠣᠷᠢᠭᠰᠠᠨ ᠭᠠᠵᠠᠷ ︾ ᠵᠡᠷᠭᠡ ᠤᠯᠤᠰ ᠤᠨ | ᠠᠭᠤᠷ ᠠᠮᠢᠰᠬᠤᠯ ᠤᠨ ᠪᠡᠯᠭᠡ ᠲᠡᠮᠳᠡᠭ ᠤᠨ ᠨᠠᠷᠠᠲᠤ ᠲᠡᠮᠳᠡᠭᠲᠦ ᠶᠢ ᠤᠬᠠᠭᠤᠯᠤᠨ ᠲᠠᠨᠢᠯᠴᠠᠭᠤᠯᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠨᠠᠷᠠᠲᠤ ᠵᠤᠭᠠᠴᠠᠯ ᠤᠨ ᠵᠣᠷᠢᠭᠰᠠᠨ ᠭᠠᠵᠠᠷ ᠢ ᠪᠣᠶ ᠪᠣᠯᠭᠠᠬᠤ ᠳᠤ ᠬᠦᠴᠦᠨ ᠨᠡᠮᠡᠷᠢᠯᠡᠨ᠎ᠡ | ︵ᠰᠢᠶᠠᠨ ᠤ ᠴᠠᠭ ᠠᠭᠤᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ | ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠨᠠᠮ ᠤᠯᠡᠨ ᠲᠦᠮᠡᠨ ᠤ | ᠦᠢᠯᠡᠴᠢᠯᠡᠭᠡᠨ ᠤ ᠲᠦᠪ ᠠᠴᠠ ᠬᠠᠷᠢᠭᠤᠴᠠᠨ᠎ᠠ ︶᠃ | 8. ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠎ᠡ᠃ ᠤᠯᠤᠰ ᠤᠨ ᠴᠢᠬᠤᠯᠠ ᠲᠠᠷᠢᠶᠠᠯᠠᠩ ᠤᠨ | ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠳᠤ ᠬᠦᠴᠦᠨ | ᠨᠡᠮᠡᠷᠢᠯᠡᠬᠦ ᠶᠢᠨ ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠦᠢᠯᠡᠴᠢᠯᠡᠭᠡᠨ ᠤ | ᠬᠠᠮᠲᠤᠷᠠᠯᠴᠠᠨ ᠰᠣᠯᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠳᠤ ᠬᠤᠯᠪᠣᠭᠳᠠᠬᠤ | ᠰᠠᠯᠠᠭ᠎ᠠ ᠮᠥᠴᠢᠷ ᠤᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠨᠠᠷᠢᠯᠢᠭᠵᠢᠭᠤᠯᠤᠭᠰᠠᠨ᠂ | ᠵᠤᠷᠰᠢᠯᠵᠢᠭᠤᠯᠤᠭᠰᠠᠨ᠂ ᠰᠢᠭᠤᠳ ᠨᠡᠪᠲᠡᠷᠡᠬᠦ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ | ᠦᠢᠯᠡᠴᠢᠯᠡᠭᠡᠨ ᠢ ᠬᠥᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠠᠭᠤᠷ ᠠᠮᠢᠰᠬᠤᠯ ᠤᠨ ᠡᠬᠢ ᠪᠠᠶᠠᠯᠢᠭ ᠢ | ᠨᠡᠭᠡᠭᠡᠨ ᠠᠰᠢᠭᠯᠠᠬᠤ ᠳᠤ ᠲᠣᠬᠢᠷᠠᠬᠤ ᠮᠡᠷᠭᠡᠵᠢᠯ ᠤᠨ ᠰᠤᠳᠤᠯᠭᠠᠨ ᠢ ᠴᠢᠩᠭᠠᠳᠬᠠᠨ᠂ ᠲᠠᠷᠢᠶᠠᠯᠠᠩ ᠮᠠᠯ ᠠᠵᠤ | ᠠᠬᠤᠢ ᠶᠢᠨ ᠴᠠᠭ ᠠᠭᠤᠷ ᠲᠤ ᠲᠣᠬᠢᠷᠠᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠤᠨ᠎ᠠ᠃ ︽ᠨᠠᠷᠠᠲᠤ | ᠰᠢᠯᠢᠳᠡᠭ ᠣᠨᠴᠠ ︾ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠭᠤᠷ | ᠠᠮᠢᠰᠬᠤᠯ ᠤᠨ ᠶᠠᠰᠤ ᠴᠢᠨᠠᠷ ᠤᠨ ᠭᠡᠷᠡᠴᠢᠯᠡᠭᠡ ᠶᠢ ᠴᠢᠩᠭᠠᠳᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠴᠠᠭ ᠠᠭᠤᠷ ᠤᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ ᠴᠠᠭ ᠠᠭᠤᠷ ᠤᠨ | ᠨᠥᠬᠦᠴᠡᠯ ᠠᠴᠠ ᠲᠥᠬᠦᠭᠡᠷᠦᠮᠵᠢᠲᠦ ᠲᠠᠷᠢᠶᠠᠯᠠᠩ ᠢ ᠨᠥᠯᠥᠭᠡᠯᠡᠬᠦ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ ︵ | ᠰᠢᠶᠠᠨ ᠤ ᠴᠠᠭ ᠠᠭᠤᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠂ ᠨᠠᠮ ᠤᠯᠡᠨ ᠲᠦᠮᠡᠨ ᠤ ᠦᠢᠯᠡᠴᠢᠯᠡᠭᠡᠨ ᠤ ᠲᠦᠪ ᠠᠴᠠ ᠬᠠᠷᠢᠭᠤᠴᠠᠨ᠎ᠠ ︶᠃ | ︵ᠳᠥᠷᠪᠡ ︶ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠦᠷ᠎ᠡ ᠠᠰᠢᠭ ᠢ ᠪᠠᠳᠠᠷᠠᠭᠤᠯᠤᠨ᠎ᠠ᠃ | 9. ᠬᠥᠮᠥᠨ ᠤ ᠬᠦᠴᠦ ᠪᠠᠷ ᠴᠠᠭ ᠠᠭᠤᠷ ᠢ ᠨᠥᠯᠦᠭᠡᠯᠡᠬᠦ ᠠᠵᠢᠯ ᠤᠨ ᠨᠠᠷᠢᠯᠢᠭ ᠣᠨᠣᠪᠴᠢᠲᠤ ᠴᠢᠨᠠᠷ ᠪᠠ | ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠦᠨ᠎ᠡ᠃ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠭᠠᠵᠠᠷ | ᠳᠡᠭᠡᠷ᠎ᠡ ᠠᠵᠢᠯᠯᠠᠬᠤ ᠥᠷᠲᠡᠭᠡ ᠴᠡᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ᠬᠥᠮᠥᠨ ᠤ ᠬᠦᠴᠦ ᠪᠠᠷ | ᠴᠠᠭ ᠠᠭᠤᠷ ᠢ ᠨᠥᠯᠥᠭᠡᠯᠡᠬᠦ ᠠᠵᠢᠯ ᠤᠨ ᠵᠢᠯᠤᠭᠤᠳᠬᠤ ᠰᠢᠰᠲ᠋ᠧᠮ᠂ ᠸᠢᠳᠢᠤ᠋ ᠪᠠᠷ ᠵᠥᠪᠳᠡᠯᠴᠡᠬᠦ ᠰᠢᠰᠲ᠋ᠧᠮ ᠢ | ᠲᠡᠭᠦᠯᠳᠡᠷᠵᠢᠭᠦᠯᠦᠨ᠎ᠡ᠃ ᠷᠠᠳᠠᠷ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠣᠨᠴᠠ ᠲᠥᠷᠥᠯ ᠤᠨ | ᠠᠵᠢᠭᠯᠠᠯᠲᠠ ᠶᠢᠨ ᠮᠠᠲ᠋ᠧᠷᠢᠶᠠᠯ᠂ ᠳᠠᠭᠠᠭᠤᠯᠢ ᠣᠲᠣ᠂ ᠠᠭᠠᠷ ᠬᠠᠶᠢᠬᠤ ᠪᠠ ᠠᠦ᠋ᠲ᠋ᠣ᠋ ᠴᠠᠭ ᠠᠭᠤᠷ ᠤᠨ ᠥᠷᠲᠡᠭᠡ | ᠵᠡᠷᠭᠡ ᠲᠤᠬᠠᠢ ᠶᠢᠨ ᠴᠠᠭ ᠤᠨ ᠬᠠᠶᠢᠨ ᠬᠡᠮᠵᠢᠯᠲᠡ ᠶᠢᠨ ᠮᠠᠲ᠋ᠧᠷᠢᠶᠠᠯ ᠤᠨ ᠬᠡᠷᠡᠭᠯᠡᠯᠲᠡ ᠶᠢ ᠴᠢᠩᠭᠠᠳᠬᠠᠵᠤ᠂ ᠬᠥᠮᠥᠨ ᠤ | ᠬᠦᠴᠦ ᠪᠠᠷ ᠴᠠᠭ ᠠᠭᠤᠷ ᠢ ᠨᠥᠯᠥᠭᠡᠯᠡᠬᠦ ᠳᠠᠯᠳᠠ ᠪᠠᠶᠢᠳᠠᠯ ᠢ ᠤᠷᠢᠳᠴᠢᠯᠠᠨ ᠮᠡᠳᠡᠭᠡᠯᠡᠬᠦ ᠪᠠ ᠠᠵᠢᠯᠯᠠᠬᠤ | ᠭᠦᠢᠴᠡᠳᠬᠡᠯ ᠲᠤᠭ᠎ᠠ ᠶᠢᠨ ᠰᠤᠳᠤᠯᠭᠠᠨ ᠢ ᠭᠦᠨᠵᠡᠭᠡᠶᠢᠷᠡᠭᠦᠯᠦᠨ᠂ ᠬᠥᠮᠥᠨ ᠤ ᠬᠦᠴᠦ ᠪᠠᠷ ᠴᠠᠭ ᠠᠭᠤᠷ ᠢ | ᠨᠥᠯᠦᠭᠡᠯᠡᠬᠦ ᠠᠵᠢᠯ ᠤᠨ ᠨᠠᠷᠢᠯᠢᠭ ᠣᠨᠣᠪᠴᠢᠲᠤ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭᠠᠨ ᠳᠤ | ᠂ ᠬᠤᠭᠤᠰᠤᠨ ᠭᠠᠵᠠᠷ ᠢ ᠨᠢᠭᠡ ᠴᠣᠭᠴᠠᠵᠢᠭᠤᠯᠤᠨ ᠠᠵᠢᠯᠯᠠᠨ᠎ᠠ᠃ ᠠᠮᠢ ᠠᠬᠤᠢ ᠶᠢ ᠰᠡᠷᠭᠦᠭᠡᠬᠦ ᠬᠡᠯᠪᠡᠷᠢ ᠶᠢᠨ | ᠬᠥᠮᠥᠨ ᠤ ᠬᠦᠴᠦ ᠪᠠᠷ ᠪᠣᠷᠣᠭᠠᠨ ︵ᠴᠠᠰᠤ ︶ ᠨᠡᠮᠡᠭᠳᠡᠭᠦᠯᠬᠦ ᠪᠠᠶᠢᠩᠭᠤᠵᠢᠭᠤᠯᠬᠤ ᠠᠵᠢᠯ ᠢ ᠥᠷᠨᠢᠭᠦᠯᠦᠨ᠎ᠡ᠃ | ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠬᠤ᠂ ᠴᠢᠬᠤᠯᠠ ᠶᠡᠭᠡ ᠨᠡᠶᠢᠭᠡᠮ ᠤᠨ | ᠠᠵᠢᠯᠯᠠᠭ᠎ᠠ ᠶᠢᠨ ᠪᠠᠲᠤᠯᠠᠭ᠎ᠠ᠂ ᠭᠠᠩ ᠲᠠᠢ ᠲᠡᠮᠡᠴᠡᠵᠦ ᠭᠠᠮᠰᠢᠭ ᠢ ᠪᠠᠭᠠᠰᠬᠠᠬᠤ ᠵᠡᠷᠭᠡ ᠬᠥᠮᠥᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ | ᠪᠦᠷᠢᠨᠰᠢᠭᠦᠯᠦᠨ᠎ᠡ᠃ ᠣᠷᠣᠨ ᠪᠦᠰᠡ ᠠᠯᠤᠰᠯᠠᠨ ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠤᠨ᠎ᠠ ︵ | ᠰᠢᠶᠠᠨ ᠤ ᠴᠠᠭ ᠠᠭᠤᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠢᠩᠭᠠᠨ ᠠᠶᠢᠮᠠᠭ ᠤᠨ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ ᠶᠢᠨ ᠲᠦᠴᠢᠤᠸᠠᠨ ᠰᠢᠶᠠᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠨᠠᠮ ᠤᠯᠡᠨ ᠲᠦᠮᠡᠨ ᠤ ᠦᠢᠯᠡᠴᠢᠯᠡᠭᠡᠨ ᠤ | ᠲᠦᠪ ᠠᠴᠠ ᠬᠠᠷᠢᠭᠤᠴᠠᠨ᠎ᠠ ︶᠃ | 10. ᠠᠮᠤᠷ ᠲᠦᠪᠰᠢᠨ ᠢᠶᠠᠷ ᠠᠵᠢᠯᠯᠠᠬᠤ ᠪᠠ ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠭᠰᠡᠨ᠂ ᠴᠡᠷᠢᠭ ᠠᠩᠭᠢ | ᠪᠠ ᠣᠷᠣᠨ ᠨᠤᠲᠤᠭ ᠬᠠᠮᠵᠢᠯᠴᠠᠭᠰᠠᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠤᠭᠰᠠᠨ ᠬᠥᠮᠥᠨ ᠤ ᠬᠦᠴᠦ ᠪᠠᠷ | ᠴᠠᠭ ᠠᠭᠤᠷ ᠢ ᠨᠥᠯᠥᠭᠡᠯᠡᠬᠦ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ | ᠃ ᠠᠵᠢᠯᠯᠠᠬᠤ ᠭᠠᠵᠠᠷ ᠢ ᠪᠠᠷᠢᠮᠵᠢᠶᠠᠵᠢᠭᠤᠯᠤᠨ ᠥᠭᠡᠷᠡᠴᠢᠯᠡᠬᠦ᠂ ᠠᠵᠢᠯᠯᠠᠬᠤ ᠲᠣᠨᠤᠭ ᠲᠥᠬᠦᠭᠡᠷᠦᠮᠵᠢ ᠶᠢ | ᠣᠶᠤᠨᠴᠢᠯᠠᠨ ᠥᠭᠡᠷᠡᠴᠢᠯᠡᠬᠦ ᠪᠠ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠲᠦᠷᠭᠡᠳᠬᠡᠵᠦ᠂ ᠠᠮᠤᠷ ᠲᠦᠪᠰᠢᠨ ᠢᠶᠠᠷ ᠠᠵᠢᠯᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠬᠥᠮᠥᠨ ᠤ | ᠬᠦᠴᠦ ᠪᠠᠷ ᠴᠠᠭ ᠠᠭᠤᠷ ᠢ ᠨᠥᠯᠦᠭᠡᠯᠡᠬᠦ ᠲᠣᠨᠣᠭᠯᠠᠯ ᠤᠨ ᠮᠡᠳᠡᠭᠡ ᠵᠠᠩᠭᠢ ᠶᠢᠨ ᠰᠦᠯᠵᠢᠶ᠎ᠡ ᠪᠠ ᠲᠡᠶᠢᠷᠦᠯᠲᠦ | ᠰᠤᠮᠤ ᠪᠠᠷ ᠪᠣᠷᠣᠭᠠᠨ ᠨᠡᠮᠡᠭᠳᠡᠭᠦᠯᠬᠦ ᠠᠵᠢᠯ ᠢ ᠬᠢᠨᠠᠨ ᠡᠵᠡᠮᠳᠡᠵᠦ ᠵᠢᠯᠤᠭᠤᠳᠬᠤ ᠰᠢᠰᠲ᠋ᠧᠮ ᠢ ᠪᠠᠶᠢᠭᠤᠯᠤᠨ᠎ᠠ᠃ ᠤᠯᠠᠨ | ᠰᠠᠯᠠᠭ᠎ᠠ ᠮᠥᠴᠢᠷ ᠬᠤᠯᠪᠣᠭᠠᠯᠠᠭᠰᠠᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ᠎ᠠ᠃ ᠥᠷᠲᠡᠭᠡ ᠴᠡᠭ᠂ ᠲᠣᠨᠤᠭ ᠲᠥᠬᠦᠭᠡᠷᠦᠮᠵᠢ᠂ ᠠᠵᠢᠯᠲᠠᠨ᠂ ᠰᠤᠮᠤ ᠳᠠᠷᠢ ᠵᠡᠷᠭᠡ ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ | ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠲᠤᠷᠠᠭᠰᠠᠨ ᠪᠠᠶᠢᠴᠠᠭᠠᠯᠲᠠ ᠪᠠ ᠪᠠᠴᠢᠮ ᠪᠠᠶᠢᠳᠠᠯ ᠢ | ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ ︵ᠰᠢᠶᠠᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠴᠠᠭ ᠠᠭᠤᠷ ᠤᠨ | ᠲᠣᠪᠴᠢᠶ᠎ᠠ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠨᠠᠮ ᠤᠯᠡᠨ ᠲᠦᠮᠡᠨ ᠤ ᠦᠢᠯᠡᠴᠢᠯᠡᠭᠡᠨ ᠤ | ᠲᠦᠪ ᠠᠴᠠ ᠭᠠᠵᠠᠷ ᠬᠠᠷᠢᠭᠤᠴᠠᠨ᠎ᠠ ︶᠃ | ︵ᠲᠠᠪᠤ ︶ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | 11. ︽ᠴᠠᠭ ᠠᠭᠤᠷ +︾ ᠡᠨᠧᠷᠭᠢ ᠣᠯᠭᠤᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠵᠠᠮ | ᠬᠠᠷᠢᠯᠴᠠᠭᠠᠨ ᠤ ᠴᠠᠭ ᠠᠭᠤᠷ ᠤᠨ ᠬᠢᠨᠠᠨ ᠬᠡᠮᠵᠢᠬᠦ ᠦᠷᠳᠡᠭᠡ ᠲᠣᠣᠷ ᠢ ᠬᠠᠮᠲᠤᠪᠠᠷ ᠪᠠᠶᠢᠭᠤᠯᠵᠤ᠂ ᠵᠠᠮ | ᠬᠠᠷᠢᠯᠴᠠᠭᠠᠨ ᠤ ᠴᠠᠭ ᠠᠭᠤᠷ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠ ᠠᠭᠤᠰᠤᠯᠴᠠᠭᠤᠯᠤᠨ ᠬᠡᠷᠡᠭᠯᠡᠬᠦ ᠶᠢ | ᠠᠬᠢᠭᠤᠯᠤᠨ᠎ᠠ᠃ ᠶᠡᠭᠡ ᠰᠠᠯᠬᠢᠨ᠂ ᠪᠣᠷᠣᠭᠠᠨ ︵ᠴᠠᠰᠤ ︶᠂ ᠦᠵᠡᠭᠳᠡᠴᠡ ᠳᠣᠣᠷ᠎ᠠ᠂ ᠵᠠᠮ ᠳᠡᠭᠡᠷ᠎ᠡ ᠮᠥᠰᠥ | ᠬᠥᠯᠳᠡᠬᠦ ᠵᠡᠷᠭᠡ ᠴᠠᠭ ᠠᠭᠤᠷ ᠢ ᠶᠡᠭᠡ ᠪᠠᠷ ᠨᠥᠯᠥᠭᠡᠯᠡᠬᠦ ᠵᠠᠮ ᠬᠠᠷᠢᠯᠴᠠᠭᠠᠨ ᠤ ᠴᠠᠭ ᠠᠭᠤᠷ ᠤᠨ ᠤᠷᠢᠳᠴᠢᠯᠠᠭᠰᠠᠨ | ᠮᠡᠳᠡᠭᠡ ᠶᠢᠨ ᠰᠡᠷᠡᠮᠵᠢᠯᠡᠭᠦᠯᠦᠯ ᠢ ᠨᠡᠶᠢᠲᠡᠯᠡᠨ᠎ᠡ᠃ ᠰᠠᠯᠬᠢᠨ ᠡᠨᠧᠷᠭᠢ ᠨᠡᠷᠡᠨ ᠡᠨᠧᠷᠬᠢ ᠶᠢᠨ ᠡᠬᠢ ᠪᠠᠶᠠᠯᠢᠭ ᠢ | ᠨᠠᠷᠢᠯᠢᠭᠵᠢᠭᠤᠯᠤᠨ ᠦᠨᠡᠯᠡᠨ ᠵᠢᠱᠢᠬᠦ ᠶᠢ ᠴᠢᠩᠭᠠᠳᠬᠠᠨ᠂ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ | ᠦᠢᠯᠡᠴᠢᠯᠡᠵᠦ ᠪᠠᠲᠤᠯᠠᠨ᠎ᠠ᠃ ᠠᠶᠤᠩᠭᠠᠲᠤ ᠪᠣᠷᠣᠭᠠᠨ᠂ ᠶᠡᠭᠡ ᠰᠠᠯᠬᠢ ᠵᠡᠷᠭᠡ ᠶᠡᠭᠡ ᠨᠥᠯᠥᠭᠡ ᠲᠠᠢ ᠴᠠᠭ ᠠᠭᠤᠷ ᠤᠨ | ᠴᠠᠬᠢᠯᠭᠠᠨ ᠬᠦᠴᠦ᠂ ᠪᠠᠷᠢᠯᠭ᠎ᠠ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠳᠤ ᠦᠵᠡᠭᠦᠯᠬᠦ ᠴᠠᠭ ᠠᠭᠤᠷ ᠤᠨ | ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠢ ᠴᠢᠩᠭᠠᠷᠠᠭᠤᠯᠤᠨ᠎ᠠ᠃ ᠪᠥᠬᠦ ᠰᠢᠶᠠᠨ ᠤ ᠡᠬᠢ ᠪᠠᠶᠠᠯᠢᠭ ᠢ ᠠᠷᠪᠢᠯᠠᠨ | ᠡᠷᠴᠢᠮᠵᠢᠭᠦᠯᠬᠦ ᠠᠵᠢᠯ ᠳᠤ ᠬᠦᠴᠦ ᠨᠡᠮᠡᠷᠢᠯᠡᠵᠦ᠂ ᠴᠠᠭ ᠠᠭᠤᠷ ᠤᠨ ᠤᠰᠤ ᠠᠷᠪᠢᠯᠠᠬᠤ ᠤᠰᠤᠯᠠᠯᠲᠠ ᠶᠢᠨ ᠣᠶᠤᠨᠴᠢ | ᠮᠡᠷᠭᠡᠵᠢᠯ ᠢ ᠣᠷᠣᠭᠤᠯᠤᠨ ᠠᠪᠴᠢᠷᠠᠵᠤ᠂ ᠠᠭᠤᠷ ᠠᠮᠢᠰᠬᠤᠯ ᠤᠨ ᠡᠬᠢ ᠪᠠᠶᠠᠯᠢᠭ ᠤᠨ ᠳᠤᠯᠠᠭᠠᠯᠠᠭ᠎ᠠ ᠢᠯᠴᠢ | ᠬᠠᠩᠭᠠᠬᠤ ᠵᠡᠷᠭᠡ ᠬᠦᠷᠢᠶ᠎ᠡ ᠴᠠᠷᠠᠭ᠎ᠠ ᠳᠠᠬᠢ ᠰᠢᠨᠵᠢᠯᠡᠬᠦ ᠤᠬᠠᠭᠠᠨᠴᠢ ᠠᠰᠢᠭᠯᠠᠯᠲᠠ ᠶᠢ ᠴᠢᠩᠭᠠᠳᠬᠠᠨ᠎ᠠ ︵ᠰᠢᠶᠠᠨ ᠤ | ᠴᠠᠭ ᠠᠭᠤᠷ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠨᠠᠮ ᠤᠯᠡᠨ ᠲᠦᠮᠡᠨ ᠤ | ᠦᠢᠯᠡᠴᠢᠯᠡᠭᠡᠨ ᠤ ᠲᠦᠪ ᠠᠴᠠ ᠬᠠᠷᠢᠭᠤᠴᠠᠨ᠎ᠠ ︶᠃ | 12. ᠰᠢᠶᠠᠨ ᠤ ᠠᠵᠢᠯᠯᠠᠭᠠᠨ ᠤ ᠴᠠᠭ ᠠᠭᠤᠷ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠳᠠ ᠶᠢᠨ ᠴᠠᠭ ᠠᠭᠤᠷ ᠤᠨ ᠬᠢᠨᠠᠨ ᠬᠡᠮᠵᠢᠬᠦ ᠦᠷᠳᠡᠭᠡ ᠲᠣᠣᠷ ᠢ ᠪᠠᠶᠢᠭᠤᠯᠵᠤ᠂ ᠬᠤᠳᠠ ᠶᠢᠨ ᠤᠰᠤᠲᠤᠯ ᠤᠨ | ᠵᠠᠭᠪᠤᠷ ᠢ ᠰᠤᠳᠤᠯᠵᠤ᠂ ᠬᠤᠳᠠ ᠶᠢᠨ ᠤᠰᠤᠲᠤᠯ ᠤᠨ ᠴᠠᠭ ᠠᠭᠤᠷ ᠤᠨ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠬᠤᠳᠠ ᠶᠢᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠬᠤᠳᠠ ᠶᠢ ᠵᠠᠰᠠᠬᠤ᠂ ᠤᠰᠤ ᠴᠠᠬᠢᠯᠭᠠᠨ ᠬᠠᠩᠭᠠᠬᠤ ᠢᠯᠴᠢ | ᠬᠠᠩᠭᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠨᠠᠷᠢᠯᠢᠭᠵᠢᠭᠤᠯᠤᠭᠰᠠᠨ ᠴᠠᠭ ᠠᠭᠤᠷ ᠤᠨ | ᠦᠢᠯᠡᠴᠢᠯᠡᠭᠡ ᠶᠢ ᠯᠠᠪᠳᠠᠭᠤᠨ ᠪᠠᠲᠤᠲᠠᠢ ᠥᠷᠨᠢᠭᠦᠯᠦᠨ᠎ᠡ ︵ᠰᠢᠶᠠᠨ ᠤ ᠴᠠᠭ ᠠᠭᠤᠷ ᠤᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠴᠧᠩ ᠽᠧ | ᠤᠰᠤᠨ ᠤ ᠶᠠᠪᠤᠳᠠᠯ᠂ ᠴᠠᠬᠢᠯᠭᠠᠨ ᠬᠠᠩᠭᠠᠬᠤ ᠺᠣᠮᠫᠠᠨᠢ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ | ᠨᠠᠮ ᠤᠯᠡᠨ ᠲᠦᠮᠡᠨ ᠤ ᠦᠢᠯᠡᠴᠢᠯᠡᠭᠡᠨ ᠤ ᠲᠦᠪ ᠭᠠᠵᠠᠷ ᠠᠴᠠ ᠬᠠᠷᠢᠭᠤᠴᠠᠨ᠎ᠠ ︶᠃ | 13. ᠠᠷᠠᠳ ᠤᠨ ᠠᠮᠢᠳᠤᠷᠠᠯ ᠢ ᠪᠠᠲᠤᠯᠠᠬᠤ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠨ᠎ᠡ᠃ ᠤᠯᠠᠨ | ᠨᠡᠶᠢᠲᠡ ᠶᠢᠨ ᠴᠠᠭ ᠠᠭᠤᠷ ᠤᠨ ᠦᠢᠯᠡᠴᠢᠯᠡᠭᠡ ᠶᠢ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠪᠠ ᠤᠯᠠᠨ | ᠨᠡᠶᠢᠲᠡ ᠶᠢᠨ ᠦᠢᠯᠡᠴᠢᠯᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠳᠤ ᠣᠷᠤᠭᠤᠯᠤᠨ᠎ᠠ᠃ ᠴᠠᠭ ᠠᠭᠤᠷ ᠤᠨ | ᠦᠢᠯᠡᠴᠢᠯᠡᠭᠡᠨ ᠤ ᠦᠢᠯᠡᠳᠬᠦᠨ ᠤ ᠲᠥᠷᠥᠯ ᠵᠦᠢᠯ ᠢ ᠪᠠᠶᠠᠯᠢᠭᠵᠢᠭᠤᠯᠵᠤ᠂ ᠴᠠᠭ ᠠᠭᠤᠷ ᠤᠨ ᠦᠢᠯᠡᠴᠢᠯᠡᠭᠡᠨ ᠤ | ᠦᠢᠯᠡᠳᠬᠦᠨ ᠤ ᠴᠠᠭ ᠵᠠᠢ ᠶᠢᠨ ᠢᠯᠭᠠᠮᠵᠢ ᠶᠢ ᠳᠡᠭᠡᠭᠰᠢᠯᠡᠭᠦᠯᠦᠨ᠂ ᠠᠷᠠᠳ ᠣᠯᠠᠨ ᠤ ᠠᠮᠢᠳᠤᠷᠠᠯ᠂ ᠡᠷᠡᠭᠦᠯ ᠮᠡᠨᠳᠦ | ᠰᠤᠪᠢᠯᠠᠯᠲᠠ᠂ ᠰᠡᠯᠡᠭᠦᠴᠡᠯ᠂ ᠵᠤᠭᠠᠴᠠᠯ ᠵᠡᠷᠭᠡ ᠶᠢᠨ ᠣᠯᠠᠨ ᠡᠰᠢᠵᠢᠭ᠍ᠰᠡᠨ᠂ ᠥᠪᠡᠷᠮᠢᠴᠡᠵᠢᠭᠰᠡᠨ ᠪᠠ ᠨᠠᠷᠢᠯᠢᠭᠵᠢᠭᠰᠠᠨ | ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠴᠠᠭ ᠠᠭᠤᠷ ᠤᠨ ᠦᠢᠯᠡᠳᠬᠦᠨ ᠢ ᠠᠶᠠᠨᠳᠠᠭᠠᠨ ᠪᠤᠢ | ᠪᠣᠯᠭᠠᠬᠤ ᠪᠠ ᠨᠠᠷᠢᠯᠢᠭ ᠣᠨᠣᠴᠠᠲᠠᠢ ᠪᠠᠷ ᠬᠦᠷᠭᠡᠬᠦ ᠲᠤᠬᠠᠶᠢᠯᠠᠭᠰᠠᠨ ᠠᠵᠢᠯ ᠢ ᠬᠥᠭᠵᠢᠭᠦᠯᠦᠨ᠎ᠡ᠃ ᠴᠠᠭ ᠠᠭᠤᠷ ᠤᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠠᠭ | ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ | ᠤᠬᠠᠭᠤᠯᠭ᠎ᠠ ᠬᠥᠮᠦᠵᠢᠯ ᠢ ᠴᠢᠩᠭᠠᠳᠬᠠᠨ᠂ ᠤᠯᠠᠨ ᠨᠡᠶᠢᠲᠡ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠨ | ᠬᠠᠮᠠᠭᠠᠯᠠᠬᠤ ᠠᠮᠤᠷ ᠲᠥᠪᠰᠢᠨ ᠤ ᠦᠵᠡᠯ ᠤᠬᠠᠮᠰᠠᠷ ᠪᠣᠯᠣᠨ ᠭᠠᠮᠰᠢᠭ ᠢ ᠰᠡᠷᠭᠡᠶᠢᠯᠡᠨ ᠭᠠᠮᠰᠢᠭ ᠠᠴᠠ ᠵᠠᠶᠢᠯᠠᠵᠤ | ᠥᠪᠡᠷ ᠢ ᠪᠠᠨ ᠲᠡᠩᠬᠡᠷᠡᠭᠦᠯᠬᠦ ᠬᠠᠷᠢᠯᠴᠠᠨ ᠲᠡᠩᠬᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ ︵ᠰᠢᠶᠠᠨ ᠤ ᠴᠠᠭ | ᠠᠭᠤᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ | ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ | ᠬᠥᠮᠦᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠯ᠎ᠡ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠂ ᠨᠠᠮ ᠤᠯᠡᠨ ᠲᠦᠮᠡᠨ ᠤ ᠦᠢᠯᠡᠴᠢᠯᠡᠭᠡᠨ ᠤ ᠲᠦᠪ ᠠᠴᠠ ᠬᠠᠷᠢᠭᠤᠴᠠᠨ᠎ᠠ ︶᠃ | ︵ᠵᠢᠷᠭᠤᠭ᠎ᠠ ︶ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | ᠃ | 14. ᠴᠠᠭ ᠠᠭᠤᠷ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠨ᠎ᠠ᠃ ᠵᠡᠭᠦᠨ | ᠬᠤᠶᠢᠲᠤ ᠣᠷᠣᠨ ᠤ ᠬᠦᠢᠲᠡᠨ ᠤᠢᠢᠯ ᠵᠡᠷᠭᠡ ᠴᠢᠬᠤᠯᠠ ᠴᠠᠭ ᠠᠭᠤᠷ ᠤᠨ ᠰᠢᠰᠲ᠋ᠧᠮ ᠤᠨ ᠡᠭᠦᠰᠴᠦ ᠬᠤᠪᠢᠷᠠᠬᠤ | ᠵᠢᠮ᠎ᠡ ᠶᠣᠰᠣᠨ ᠤ ᠰᠤᠳᠤᠯᠤᠯ ᠥᠷᠨᠢᠭᠦᠯᠵᠦ᠂ ᠭᠠᠩ ᠬᠠᠭᠰᠠᠷᠠᠭᠠᠨ᠂ ᠶᠡᠭᠡ ᠰᠠᠯᠬᠢ᠂ ᠰᠢᠷᠦᠭᠦᠨ ᠪᠣᠷᠣᠭᠠᠨ ︵ | ᠴᠠᠰᠤ ︶᠂ ᠬᠦᠢᠲᠡᠨ ᠤᠷᠤᠰᠬᠠᠯ ᠵᠡᠷᠭᠡ ᠭᠠᠮᠰᠢᠭ ᠤᠨ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ | ᠲᠦᠭᠰᠢᠭᠦᠷᠢ ᠶᠢ ᠰᠡᠷᠡᠮᠵᠢᠯᠡᠭᠦᠯᠬᠦ ᠮᠡᠷᠭᠡᠵᠢᠯ ᠤᠨ ᠰᠤᠳᠤᠯᠭᠠᠨ ᠥᠷᠨᠢᠭᠦᠯᠦᠨ᠎ᠡ᠃ ᠠᠭᠤᠷ ᠠᠮᠢᠰᠬᠤᠯ ᠤᠨ | ᠬᠤᠪᠢᠷᠠᠯᠲᠠ ᠶᠢᠨ ᠪᠣᠳᠠᠲᠤ ᠬᠡᠷᠡᠭ ᠪᠠ ᠵᠢᠮ᠎ᠡ ᠶᠣᠰᠣᠨ ᠤ ᠵᠠᠳᠠᠯᠤᠯᠲᠠ ᠶᠢ ᠴᠢᠩᠭᠠᠳᠬᠠᠵᠤ᠂ ᠠᠭᠤᠷ ᠠᠮᠢᠰᠬᠤᠯ ᠤᠨ | ᠬᠤᠪᠢᠷᠠᠯᠲᠠ ᠶᠢᠨ ᠠᠮᠤ ᠪᠤᠳᠠᠭ᠎ᠠ᠂ ᠡᠨᠧᠷᠭᠢ ᠶᠢᠨ ᠰᠤᠷᠪᠤᠯᠵᠢ᠂ ᠤᠰᠤᠨ ᠤ ᠡᠬᠢ ᠪᠠᠶᠠᠯᠢᠭ᠂ ᠠᠮᠢ ᠠᠬᠤᠢ ᠶᠢᠨ | ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠦᠨᠡᠯᠡᠨ ᠵᠢᠱᠢᠬᠦ ᠰᠤᠳᠤᠯᠭᠠᠨ ᠢ ᠠᠬᠢᠭᠤᠯᠤᠨ᠎ᠠ᠃ ᠥᠨᠳᠥᠷ | ᠬᠤᠪᠢ ᠶᠢᠨ ᠳᠠᠭᠠᠭᠤᠯᠢ ᠣᠳᠣᠨ ᠤ ᠲᠤᠭ᠎ᠠ ᠪᠠᠷᠢᠮᠲᠠ ᠶᠢ ᠲᠦᠷᠭᠡᠨ ᠭᠥᠯᠢᠶᠡᠨ ᠠᠪᠴᠤ ᠰᠢᠢᠳᠪᠦᠷᠢᠯᠡᠬᠦ ᠵᠠᠳᠠᠯᠤᠯᠲᠠ | ᠬᠢᠬᠦ ᠬᠡᠷᠡᠭᠯᠡᠭᠡᠨ ᠤ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠥᠷᠨᠢᠭᠦᠯᠦᠨ᠎ᠡ᠃ ᠠᠮᠢ ᠠᠬᠤᠢ ᠶᠢᠨ ᠴᠠᠭ ᠠᠭᠤᠷ ᠢ | ᠦᠨᠡᠯᠡᠨ ᠵᠢᠱᠢᠵᠦ ᠦᠨᠡᠯᠡᠬᠦ ᠭᠦᠢᠴᠡᠳᠬᠡᠯ ᠲᠤᠭ᠎ᠠ ᠪᠠ ᠠᠷᠭ᠎ᠠ ᠶᠢ ᠲᠡᠭᠦᠯᠳᠡᠷᠵᠢᠭᠦᠯᠦᠨ᠎ᠡ ︵ᠰᠢᠶᠠᠨ ᠤ ᠴᠠᠭ | ᠠᠭᠤᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠬᠠᠷᠢᠭᠤᠴᠠᠨ᠎ᠠ ︶᠃ | 15. ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠴᠠᠭ ᠠᠭᠤᠷ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠭᠤᠣᠯᠯᠠᠭᠴᠢ ᠪᠠᠶᠢᠷᠢ ᠰᠠᠭᠤᠷᠢ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ | ᠲᠣᠭᠲᠠᠴᠠ ᠶᠢ ᠪᠠᠶᠢᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠤᠨ ᠣᠷᠣᠨ ᠨᠤᠲᠤᠭ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠲᠦᠷᠦᠯ ᠵᠦᠢᠯ ᠲᠣᠭᠲᠠᠭᠠᠬᠤ ᠡᠷᠴᠢᠮ ᠢ ᠴᠢᠩᠭᠠᠷᠠᠭᠤᠯᠵᠤ᠂ ᠴᠠᠭ ᠠᠭᠤᠷ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠤᠨ᠎ᠠ᠃ | ᠰᠢᠨᠵᠢᠯᠡᠬᠦ ᠤᠬᠠᠭᠠᠨ ᠤ ᠰᠤᠳᠤᠯᠭᠠᠨ ᠬᠢᠭᠡᠳ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠶᠢ | ᠭᠦᠨᠵᠡᠭᠡᠢ ᠠᠭᠤᠰᠤᠯᠴᠠᠭᠤᠯᠤᠭᠰᠠᠨ ᠰᠤᠳᠤᠯᠭᠠᠨ ᠤ ᠬᠡᠯᠪᠡᠷᠢ ᠶᠢᠨ ᠲᠤᠬᠠᠶᠢᠯᠠᠭᠰᠠᠨ ᠠᠵᠢᠯ ᠤᠨ ᠰᠢᠨ᠎ᠡ ᠪᠠᠶᠢᠷᠢᠰᠢᠯ ᠢ | ᠪᠤᠢ ᠪᠣᠯᠭᠠᠨ᠎ᠠ᠃ ᠣᠶᠤᠨᠲᠤ ᠲᠠᠷᠢᠶᠠᠯᠠᠩ᠂ ᠴᠡᠪᠡᠷ ᠡᠨᠧᠷᠭᠢ ᠶᠢᠨ ᠠᠰᠢᠭᠯᠠᠯᠲᠠ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ᠂ ᠪᠥᠬᠦ ᠣᠷᠣᠨ ᠪᠦᠰᠡ ᠶᠢᠨ ᠵᠤᠭᠠᠴᠠᠯ ᠵᠡᠷᠭᠡ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠴᠠᠭ ᠠᠭᠤᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠰᠤᠳᠤᠯᠤᠨ ᠨᠡᠭᠡᠭᠡᠬᠦ ᠪᠤᠶᠤ ᠣᠷᠣᠭᠤᠯᠵᠤ ᠠᠪᠴᠢᠷᠠᠨ᠎ᠠ ︵ᠰᠢᠶᠠᠨ ᠤ | ᠴᠠᠭ ᠠᠭᠤᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠬᠠᠷᠢᠭᠤᠴᠠᠨ᠎ᠠ ︶᠃ | ︵ᠳᠣᠯᠤᠭ᠎ᠠ ︶ ᠣᠲᠣ ᠦᠶ᠎ᠡ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠨ | ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ | 16. ᠨᠠᠷᠢᠯᠢᠭ ᠠᠵᠢᠭᠯᠠᠯᠲᠠ ᠶᠢ ᠬᠥᠭᠵᠢᠭᠦᠯᠦᠨ᠎ᠡ᠃ ᠴᠠᠭ ᠠᠭᠤᠷ ᠤᠨ ᠠᠵᠢᠭᠯᠠᠯᠲᠠ ᠶᠢᠨ ᠠᠦ᠋ᠲ᠋ᠣ᠋ | ᠥᠷᠲᠡᠭᠡ ᠶᠢᠨ ᠪᠠᠷᠢᠮᠵᠢᠶᠠᠵᠢᠭᠤᠯᠤᠨ ᠲᠠᠰ ᠳᠡᠪᠰᠢᠭᠦᠯᠬᠦ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠠᠮᠢ ᠠᠬᠤᠢ ᠶᠢᠨ | ᠰᠢᠰᠲ᠋ᠧᠮ᠂ ᠵᠠᠮ ᠬᠠᠷᠢᠯᠴᠠᠭ᠎ᠠ᠂ ᠰᠢᠨ᠎ᠡ ᠡᠨᠧᠷᠭᠢ ᠶᠢᠨ ᠰᠤᠷᠪᠤᠯᠵᠢ᠂ ᠵᠤᠭᠠᠴᠠᠯ᠂ ᠤᠢ ᠰᠢᠭᠤᠢ᠂ ᠲᠠᠷᠢᠶᠠᠯᠠᠩ ᠵᠡᠷᠭᠡ | ᠲᠤᠰᠬᠠᠢ ᠮᠡᠷᠭᠡᠵᠢᠯ ᠤᠨ ᠴᠠᠭ ᠠᠭᠤᠷ ᠤᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ | ᠴᠢᠩᠭᠠᠳᠬᠠᠨ᠎ᠠ᠃ ᠲᠦᠴᠢᠤᠸᠠᠨ ᠰᠢᠶᠠᠨ ᠤ ᠴᠠᠭ ᠠᠭᠤᠷ ᠤᠨ ᠷᠠᠳᠠᠷ ᠤᠨ ᠭᠠᠮᠰᠢᠭᠲᠤ ᠴᠠᠭ ᠠᠭᠤᠷ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠳᠤᠮᠳᠠᠬᠢ ᠦᠢᠯᠡᠳᠦᠯ ᠢ ᠪᠠᠳᠠᠷᠠᠭᠤᠯᠤᠨ᠎ᠠ᠃ ᠠᠵᠢᠯ ᠲᠦᠷᠦᠯ ᠤᠨ ᠴᠠᠭ | ᠠᠭᠤᠷ ᠤᠨ ᠠᠵᠢᠭᠯᠠᠯᠲᠠ ᠶᠢᠨ ᠲᠥᠬᠦᠭᠡᠷᠦᠮᠵᠢ ᠶᠢ ᠬᠠᠷᠭᠤᠭᠤᠯᠤᠨ ᠲᠣᠭᠲᠠᠭᠠᠬᠤ ᠶᠢ ᠠᠬᠢᠭᠤᠯᠤᠨ᠎ᠠ᠃ ᠴᠠᠭ | ᠠᠭᠤᠷ ᠤᠨ ᠲᠥᠬᠦᠭᠡᠷᠦᠮᠵᠢ ᠵᠢᠴᠢ ᠴᠠᠭ ᠠᠭᠤᠷ ᠢ ᠬᠠᠶᠢᠨ ᠬᠡᠮᠵᠢᠵᠦ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ | ᠴᠢᠩᠭᠠᠳᠬᠠᠨ᠎ᠠ ︵ᠰᠢᠶᠠᠨ ᠤ ᠴᠠᠭ ᠠᠭᠤᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠬᠢᠩᠭᠠᠨ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ | ᠲᠦᠴᠢᠤᠸᠠᠨ ᠰᠢᠶᠠᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠂ ᠨᠠᠮ ᠤᠯᠡᠨ ᠲᠦᠮᠡᠨ ᠤ ᠦᠢᠯᠡᠴᠢᠯᠡᠭᠡᠨ ᠤ ᠲᠦᠪ ᠠᠴᠠ ᠬᠠᠷᠢᠭᠤᠴᠠᠨ᠎ᠠ ︶᠃ | 17. ᠨᠠᠷᠢᠯᠢᠭ ᠣᠨᠣᠴᠠᠲᠠᠢ ᠪᠠᠷ ᠤᠷᠢᠳᠴᠢᠯᠠᠨ ᠮᠡᠳᠡᠭᠡᠯᠡᠬᠦ ᠶᠢ ᠬᠥᠭᠵᠢᠭᠦᠯᠦᠨ᠎ᠡ᠃ ᠲᠤᠭ᠎ᠠ ᠬᠡᠮᠵᠢᠭᠳᠡᠯ ᠤᠨ | ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠦᠢᠯᠡᠳᠬᠦᠨ ᠢ ᠲᠠᠶᠢᠯᠪᠤᠷᠢᠯᠠᠨ ᠬᠡᠷᠡᠭᠯᠡᠬᠦ ᠪᠠ ᠰᠢᠨᠵᠢᠯᠡᠬᠦ | ᠤᠬᠠᠭᠠᠨᠴᠢ ᠪᠠᠷ ᠰᠢᠯᠭᠠᠨ ᠪᠠᠶᠢᠴᠠᠭᠠᠵᠤ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠴᠢᠩᠭᠠᠷᠠᠭᠤᠯᠤᠨ᠎ᠠ᠃ | ᠪᠤᠰᠤᠳᠴᠢ ᠴᠠᠭ ᠠᠭᠤᠷ ᠤᠨ ᠠᠭᠤᠷ ᠠᠮᠢᠰᠬᠤᠯ ᠤᠨ ᠰᠢᠰᠲ᠋ᠧᠮ ᠬᠢᠭᠡᠳ ᠴᠠᠭ ᠠᠭᠤᠷ ᠤᠨ ᠡᠯᠧᠮᠧᠨ᠋ᠲ ᠤᠨ | ᠪᠦᠷᠢᠳᠬᠡᠯ ᠢ ᠬᠠᠷᠢᠯᠴᠠᠨ ᠤᠶᠠᠯᠳᠤᠭᠤᠯᠤᠭᠰᠠᠨ ᠠᠭᠤᠷ ᠠᠮᠢᠰᠬᠤᠯ ᠤᠨ ᠬᠠᠨᠳᠤᠰᠢ ᠶᠢᠨ ᠵᠢᠱᠢᠯᠲᠡ ᠶᠢ ᠥᠷᠨᠢᠭᠦᠯᠦᠨ᠎ᠡ | ᠃ ᠣᠬᠤᠷ ᠴᠠᠭ ᠤᠨ ᠣᠶᠢᠷ᠎ᠠ ᠬᠠᠪᠢ ᠶᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ | ᠠᠵᠢᠯ ᠢ ᠴᠢᠩᠭᠠᠳᠬᠠᠵᠤ᠂ ᠰᠢᠷᠦᠭᠦᠨ ᠪᠣᠷᠣᠭᠠᠨ ︵ᠴᠠᠰᠤ ︶᠂ ᠠᠶᠤᠩᠭᠠᠲᠤ ᠪᠣᠷᠣᠭᠠᠨ᠂ ᠶᠡᠭᠡ ᠰᠠᠯᠬᠢ᠂ | ᠣᠬᠤᠷ ᠴᠠᠭ ᠤᠨ ᠰᠢᠷᠦᠭᠦᠨ ᠪᠣᠷᠣᠭᠠᠨ ᠵᠡᠷᠭᠡ ᠭᠠᠮᠰᠢᠭᠲᠤ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ | ᠣᠨᠣᠪᠴᠢ ᠶᠢᠨ ᠨᠣᠷᠮ᠎ᠠ ᠶᠢ ᠳᠡᠭᠡᠭᠰᠢᠯᠡᠭᠦᠯᠵᠦ᠂ ᠬᠦᠴᠦᠲᠡᠢ ᠰᠣᠯᠢᠭ ᠤᠷᠤᠰᠬᠠᠯ ᠤᠨ ᠴᠠᠭ ᠠᠭᠤᠷ ᠤᠨ | ᠤᠷᠢᠳᠴᠢᠯᠠᠨ ᠰᠡᠷᠡᠮᠵᠢᠯᠡᠭᠦᠯᠬᠦ ᠬᠡᠮᠵᠢᠶ᠎ᠡ ᠶᠢ 50 ᠮᠢᠨᠦ᠋ᠲ ᠠᠴᠠ ᠳᠡᠭᠡᠭᠰᠢ ᠳᠤ ᠬᠦᠷᠦᠭᠦᠯᠦᠨ᠎ᠡ᠃ ᠭᠠᠩ | ᠬᠠᠭᠰᠠᠷᠠᠭᠠᠨ᠂ ᠶᠡᠭᠡ ᠰᠠᠯᠬᠢ᠂ ᠬᠦᠢᠲᠡᠨ ᠤᠷᠤᠰᠬᠠᠯ᠂ ᠰᠢᠷᠦᠭᠦᠨ ᠪᠣᠷᠣᠭᠠᠨ ︵ᠴᠠᠰᠤ ︶᠂ ᠥᠨᠳᠥᠷ ᠳᠤᠯᠠᠭᠠᠨ | ᠵᠡᠷᠭᠡ ᠭᠠᠮᠰᠢᠭᠲᠤ ᠴᠠᠭ ᠠᠭᠤᠷ ᠤᠨ ᠠᠳᠠᠯᠢ ᠪᠤᠰᠤ ᠠᠵᠢᠯ ᠲᠦᠷᠤᠯ ᠳᠤ ᠦᠵᠡᠭᠦᠯᠬᠦ ᠨᠥᠯᠥᠭᠡ ᠶᠢ ᠤᠷᠢᠳᠴᠢᠯᠠᠨ | ᠮᠡᠳᠡᠭᠡᠯᠡᠬᠦ ᠪᠠ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠢ | ᠥᠷᠨᠢᠭᠦᠯᠦᠨ᠎ᠡ︵ᠰᠢᠶᠡᠨ ᠤ ᠴᠠᠭ ᠠᠭᠤᠷ ᠤᠨ ᠲᠣᠪᠴᠢᠶ᠎ᠠ ᠠᠴᠠ ᠬᠠᠷᠢᠭᠤᠴᠠᠨ᠎ᠠ ︶᠃ | 18. ᠨᠠᠷᠢᠯᠢᠭ ᠦᠢᠯᠡᠴᠢᠯᠡᠭᠡ ᠶᠢ ᠬᠥᠭᠵᠢᠭᠦᠯᠦᠨ᠎ᠡ᠃ ᠨᠥᠯᠥᠭᠡᠯᠡᠯ ᠳᠤ ᠰᠠᠭᠤᠷᠢᠯᠠᠭᠰᠠᠨ ᠰᠢᠢᠳᠪᠦᠷᠢᠲᠦ | ᠪᠣᠳᠣᠯᠭ᠎ᠠ ᠶᠢᠨ ᠴᠠᠭ ᠠᠭᠤᠷ ᠤᠨ ᠦᠢᠯᠡᠴᠢᠯᠡᠭᠡ ᠶᠢ ᠬᠥᠭᠵᠢᠭᠦᠯᠵᠦ᠂ ᠭᠠᠮᠰᠢᠭ ᠤᠨ ᠲᠦᠷᠦᠯ ᠵᠦᠢᠯ ᠪᠠ | ᠬᠡᠷᠡᠭᠯᠡᠭᠴᠢᠳ ᠤᠨ ᠲᠦᠷᠦᠯ ᠵᠦᠢᠯ ᠬᠤᠪᠢᠶᠠᠭᠰᠠᠨ ᠰᠢᠢᠳᠪᠦᠷᠢᠲᠦ ᠪᠣᠳᠣᠯᠭ᠎ᠠ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡᠴᠢᠯᠡᠭᠡᠨ ᠤ | ᠦᠢᠯᠡᠳᠬᠦᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ | ᠦᠢᠯᠡᠴᠢᠯᠡᠭᠡᠨ ᠤ ᠦᠢᠯᠡᠳᠬᠦᠨ ᠢ ᠨᠡᠶᠢᠲᠡᠯᠡᠬᠦ ᠠᠷᠭ᠎ᠠ ᠵᠠᠮ ᠢ ᠲᠡᠭᠦᠯᠳᠡᠷᠵᠢᠭᠦᠯᠦᠨ᠎ᠡ᠃ ᠣᠯᠠᠨ ᠨᠡᠶᠢᠲᠡ ᠶᠢᠨ ᠴᠠᠭ | ᠠᠭᠤᠷ ᠤᠨ ᠦᠢᠯᠡᠴᠢᠯᠡᠭᠡᠨ ᠤ ᠦᠢᠯᠡᠳᠬᠦᠨ ᠪᠠ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠤᠨ ᠣᠯᠠᠨ ᠡᠰᠢᠵᠢᠬᠦ ᠶᠢ | ᠠᠬᠢᠭᠤᠯᠵᠤ᠂ ᠣᠶᠤᠨᠴᠢᠯᠠᠭᠰᠠᠨ᠂ ᠬᠡᠷᠡᠭᠴᠡᠭᠡ ᠶᠣᠰᠣᠭᠠᠷ ᠬᠦᠷᠭᠡᠭᠰᠡᠨ ᠣᠯᠠᠨ ᠨᠡᠶᠢᠲᠡ ᠶᠢᠨ ᠴᠠᠭ ᠠᠭᠤᠷ ᠤᠨ | ᠦᠢᠯᠡᠴᠢᠯᠡᠭᠡᠨ ᠤ ᠰᠢᠨ᠎ᠡ ᠵᠠᠭᠪᠤᠷ ᠢ ᠪᠣᠶ ᠪᠣᠯᠭᠠᠨ᠎ᠠ᠃ ᠵᠢᠷᠤᠮᠵᠢᠭᠰᠠᠨ ᠥᠨᠳᠥᠷ ᠪᠦᠲᠦᠮᠵᠢᠲᠡᠶ ᠲᠤᠰᠬᠠᠢ ᠴᠠᠭ | ᠠᠭᠤᠷ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠲᠤᠰᠬᠠᠢ ᠴᠠᠭ | ᠠᠭᠤᠷ ᠤᠨ ᠦᠢᠯᠡᠴᠢᠯᠡᠭᠡᠨ ᠢ ᠵᠢᠷᠤᠮᠵᠢᠭᠤᠯᠬᠤ᠂ ᠴᠤᠪᠤᠷᠠᠭᠤᠯᠬᠤ᠂ ᠲᠤᠬᠠᠶᠢᠯᠠᠭᠰᠠᠨ ᠠᠵᠢᠯ ᠤᠨ ᠪᠣᠯᠭᠠᠬᠤ ᠶᠢ | ᠠᠬᠢᠭᠤᠯᠤᠨ᠎ᠠ ︵ᠰᠢᠶᠠᠨ ᠤ ᠴᠠᠭ ᠠᠭᠤᠷ ᠤᠨ ᠲᠣᠪᠴᠢᠶ᠎ᠠ ᠠᠴᠠ ᠬᠠᠷᠢᠭᠤᠴᠠᠨ᠎ᠠ ︶᠃ | 19. ᠴᠠᠭ ᠠᠭᠤᠷ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠴᠠᠭ ᠠᠭᠤᠷ ᠤᠨ | ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠪᠠᠶᠢᠷᠢᠰᠢᠯ ᠢ ᠰᠢᠯᠢᠳᠡᠭᠵᠢᠭᠦᠯᠵᠦ᠂ ᠴᠠᠭ ᠠᠭᠤᠷ ᠤᠨ ᠮᠡᠳᠡᠭᠡ | ᠵᠠᠩᠭᠢ ᠶᠢᠨ ᠳᠠᠮᠵᠢᠭᠤᠯᠬᠤ ᠬᠤᠷᠳᠤᠴᠠ ᠶᠢ ᠳᠡᠭᠡᠭᠰᠢᠯᠡᠭᠦᠯᠦᠨ᠎ᠡ᠃ ᠲᠣᠮᠣ ᠳ᠋ᠠᠶᠢᠲ᠋ᠠ ᠶᠢᠨ ᠲᠥᠪ ᠤᠨ ᠡᠬᠢ ᠪᠠᠶᠠᠯᠢᠭ ᠢ | ᠭᠦᠢᠴᠡᠳ ᠬᠡᠷᠡᠭᠯᠡᠵᠦ᠂ ᠴᠠᠭ ᠠᠭᠤᠷ ᠤᠨ ᠳ᠋ᠠᠶᠢᠲ᠋ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠴᠠᠭ ᠠᠭᠤᠷ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠪᠠ ᠬᠡᠷᠡᠭᠯᠡᠭᠡᠨ ᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠰᠠᠯᠠᠭ᠎ᠠ ᠮᠥᠴᠢᠷ ᠤᠨ ᠬᠤᠭᠤᠷᠣᠨᠳᠣᠬᠢ ᠴᠠᠭ ᠠᠭᠤᠷ ᠤᠨ ᠲᠤᠭ᠎ᠠ ᠪᠠᠷᠢᠮᠲᠠ ᠶᠢ | ᠬᠤᠷᠢᠶᠠᠩᠭᠤᠶᠢᠯᠠᠨ ᠲᠤᠰᠢᠶᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠴᠠᠭ ᠠᠭᠤᠷ ᠤᠨ ᠮᠡᠳᠡᠭᠡ ᠵᠠᠩᠭᠢ ᠶᠢᠨ | ᠰᠢᠰᠲ᠋ᠧᠮ ᠤᠨ ᠰᠦᠯᠵᠢᠶᠡᠨ ᠤ ᠠᠮᠤᠷ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠤ ᠠᠮᠤᠷ | ᠲᠥᠪᠰᠢᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ︵ᠰᠢᠶᠠᠨ ᠤ ᠴᠠᠭ ᠠᠭᠤᠷ ᠤᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠢᠩᠭᠠᠨ | ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠲᠦᠴᠢᠤᠸᠠᠨ ᠰᠢᠶᠠᠨ ᠤ ᠬᠤᠪᠢᠶᠠᠷᠢ ᠲᠣᠪᠴᠢᠶ᠎ᠠ | ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠯᠵᠢᠮᠡᠯ | ᠬᠤᠯᠪᠣᠭᠠᠨ ᠤ ᠺᠣᠮᠫᠠᠨᠢ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠡᠯ᠎ᠡ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠨᠠᠮ ᠤᠯᠡᠨ ᠲᠦᠮᠡᠨ ᠤ ᠦᠢᠯᠡᠴᠢᠯᠡᠭᠡᠨ ᠤ ᠲᠦᠪ ᠠᠴᠠ | ᠬᠠᠷᠢᠭᠤᠴᠠᠨ᠎ᠠ ︶ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ | ︵ᠨᠢᠭᠡ ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ | ᠨᠢᠭᠡᠴᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠴᠠᠭ | ᠠᠭᠤᠷ ᠤᠨ ᠦᠢᠯᠡᠰ ᠤᠨ ᠬᠥᠭᠵᠢᠯᠲᠡ ᠶᠢᠨ ᠬᠠᠮᠲᠤᠷᠠᠯ ᠬᠦᠴᠦᠨ ᠢ ᠪᠣᠶ ᠪᠣᠯᠭᠠᠵᠤ᠂ ᠡᠯ᠎ᠡ ᠵᠦᠢᠯ ᠤᠨ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ︵ᠬᠤᠶᠠᠷ ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠣᠷᠣᠨ ᠨᠤᠲᠤᠭ ᠤᠨ ᠡᠳ᠋ ᠤᠨ | ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠦᠨ᠎ᠡ᠃ ᠴᠠᠭ ᠠᠭᠤᠷ ᠤᠨ | ᠰᠠᠯᠠᠭ᠎ᠠ ᠮᠥᠴᠢᠷ ᠤᠨ ᠠᠵᠢᠯᠲᠠᠨ ᠠᠵᠢᠯᠴᠢᠨ ᠤ ᠡᠮᠴᠢᠯᠡᠭᠡ᠂ ᠨᠠᠰᠤᠵᠢᠯ ᠤᠨ ᠠᠰᠠᠷᠠᠮᠵᠢ᠂ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠵᠡᠷᠭᠡ ᠬᠠᠷᠢᠶ᠎ᠠ ᠣᠷᠣᠨᠴᠢᠯᠠᠭᠰᠠᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠠᠳᠠᠯᠢ ᠬᠤᠲᠠ ᠳᠤ ᠠᠳᠠᠯᠢ ᠣᠯᠭᠤᠮᠵᠢ ᠣᠯᠭᠤᠬᠤ ᠶᠢ ᠪᠡᠶᠡᠯᠡᠭᠦᠯᠦᠨ᠎ᠡ᠃ ᠴᠠᠭ ᠠᠭᠤᠷ ᠤᠨ | ᠦᠢᠯᠡᠰ ᠤᠨ ᠠᠵᠢᠯᠯᠠᠭᠠᠨ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠵᠠᠷᠤᠳᠠᠯ ᠢ ᠲᠣᠰ | ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠴᠠᠭ ᠠᠭᠤᠷ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠨ᠎ᠡ᠃ | ︵ᠭᠤᠷᠪᠠ ︶ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ᠃ ᠴᠠᠭ ᠠᠭᠤᠷ ᠤᠨ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠠᠭᠤᠷ | ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠶᠤᠩᠭ᠎ᠠ ᠴᠠᠬᠢᠯᠭᠠᠨ ᠤ ᠭᠠᠮᠰᠢᠭ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠨᠠᠶᠢᠳᠠᠪᠤᠷᠢᠵᠢᠭᠤᠯᠤᠨ᠎ᠠ᠃ ᠴᠠᠭ ᠠᠭᠤᠷ ᠤᠨ | ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠪᠠ ᠨᠠᠶᠢᠳᠠᠪᠤᠷᠢᠵᠢᠭᠤᠯᠤᠨ ᠬᠡᠷᠡᠭᠯᠡᠬᠦ ᠠᠵᠢᠯ ᠢ ᠴᠢᠩᠭᠠᠳᠬᠠᠨ᠎ᠠ᠃ | ︵ᠳᠥᠷᠪᠡ ︶ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠨ᠎ᠠ᠃ ᠴᠠᠭ ᠠᠭᠤᠷ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠴᠠᠭ ᠠᠭᠤᠷ ᠤᠨ ᠴᠢᠳᠠᠪᠤᠷᠢᠲᠠᠨ ᠢ ᠲᠦᠴᠢᠤᠸᠠᠨ | ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠥᠵᠢᠭᠦᠯᠬᠦ | ᠰᠢᠰᠲ᠋ᠧᠮ ᠳᠤ ᠣᠷᠣᠭᠤᠯᠤᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ᠂ ᠠᠵᠢᠯ ᠤᠨ ᠪᠠᠶᠢᠷᠢ ᠶᠢᠨ | ᠣᠯᠭᠤᠮᠵᠢ᠂ ᠠᠮᠢᠳᠤᠷᠠᠯ ᠤᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠣᠯᠭᠤᠮᠵᠢ ᠶᠢ ᠨᠠᠶᠢᠳᠠᠪᠤᠷᠢᠵᠢᠭᠤᠯᠤᠨ᠎ᠠ᠃ ᠴᠠᠭ | ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠣᠷᠣᠨ ᠨᠤᠲᠤᠭ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠲᠦᠷᠦᠯ ᠵᠦᠢᠯ ᠤᠨ ᠰᠢᠰᠲ᠋ᠧᠮ ᠳᠤ ᠣᠷᠤᠭᠤᠯᠤᠨ᠎ᠠ᠃ ᠴᠠᠭ ᠠᠭᠤᠷ ᠬᠢᠭᠡᠳ ᠠᠵᠢᠯ | ᠲᠥᠷᠥᠯ ᠤᠨ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠯᠠᠨ ᠬᠦᠷᠢᠶ᠎ᠡ ᠴᠠᠷᠠᠭ᠎ᠠ ᠶᠢᠨ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠠᠮ ᠬᠡᠯᠪᠡᠷᠢ ᠶᠢᠨ ᠴᠠᠭ ᠠᠭᠤᠷ ᠤᠨ ᠴᠢᠳᠠᠪᠤᠷᠢᠲᠠᠨ ᠢ | ᠬᠥᠮᠥᠵᠢᠭᠦᠯᠦᠨ᠎ᠡ᠃ | ︵ᠲᠠᠪᠤ ︶ ᠠᠵᠢᠯ ᠤᠨ ᠦᠨᠡᠯᠡᠯᠲᠡ ᠶᠢ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ ᠨᠢᠭᠡᠴᠢ ᠴᠠᠭ ᠠᠭᠤᠷ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠠᠵᠢᠯ ᠤᠨ ᠡᠭᠦᠷᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠪᠠᠶᠢᠴᠠᠭᠠᠵᠤ᠂ ᠦᠷ᠎ᠡ | ᠪᠦᠲᠦᠮᠵᠢ ᠶᠢ ᠨᠢ ᠠᠰᠠᠭᠤᠵᠤ᠂ ᠠᠵᠢᠯ ᠤᠨ ᠦᠨᠡᠯᠡᠯᠲᠡ ᠶᠢ ᠴᠢᠩᠭᠠᠷᠠᠭᠤᠯᠤᠨ᠂ ᠴᠠᠭ ᠲᠤᠨᠢ ᠲᠣᠬᠢᠷᠠᠭᠤᠯᠤᠨ | ᠦᠨᠡᠯᠡᠨ ᠵᠢᠱᠢᠬᠦ ᠶᠢ ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ | ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃ | |