ᠲᠦᠴᠢᠦᠸᠠᠨ ᠰᠢᠶᠠᠨ ᠪᠠᠶᠠᠯᠢᠭ ᠰᠠᠶᠢᠬᠠᠨ ︽ᠨᠢᠳᠦ ᠪᠠᠨ ᠬᠠᠶᠢᠷᠠᠯᠠᠬᠤ ᠡᠳᠦᠷ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/7
   2023 ᠣᠨ ᠤ 6 ᠰᠠᠷ᠎ᠠ ᠶᠢᠨ 6 ᠤ ᠡᠳᠦᠷ ᠪᠣᠯ ᠬᠤᠷᠢᠨ ᠨᠠᠢᠮᠠᠳᠠᠬᠢ ᠪᠦᠬᠦ ᠤᠯᠤᠰ ᠤᠨ ᠨᠢᠳᠦ ᠪᠠᠨ ᠬᠠᠶᠢᠷᠠᠯᠠᠬᠤ ᠡᠳᠦᠷ ᠪᠣᠯᠤᠨ᠎ᠠ᠃ ᠬᠡᠦᠬᠡᠳ ᠢ ᠬᠠᠪᠰᠤᠷᠴᠤ ᠨᠠᠩ ᠣᠯᠠᠨ ᠨᠢᠳᠦ ᠪᠠᠨ ᠬᠠᠮᠠᠭᠠᠯᠠᠬᠤ ᠮᠡᠳᠡᠯᠭᠡ ᠶᠢ ᠣᠶᠢᠯᠠᠭᠠᠭᠤᠯᠵᠤ᠂ ᠨᠢᠳᠦ ᠪᠠᠨ ᠬᠠᠮᠠᠭᠠᠯᠠᠬᠤ ᠶᠢᠨ ᠴᠢᠬᠤᠯᠠ ᠴᠢᠨᠠᠷ ᠢ ᠲᠠᠨᠢᠭᠤᠯᠬᠤ ᠶᠢᠨ ᠲᠥᠯᠥᠭᠡ᠂ ᠲᠦᠴᠢᠦᠸᠠᠨ ᠰᠢᠶᠠᠨ ᠠᠳᠠᠯᠢ ᠪᠤᠰᠤ ᠬᠡᠯᠪᠡᠷᠢ ᠶᠢᠨ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠠᠵᠢᠯᠯᠠᠭ᠎ᠠ ᠥᠷᠨᠢᠭᠦᠯᠵᠦ᠂ ᠬᠡᠦᠬᠡᠳ ᠤᠳ ᠲᠤ ᠡᠷᠡᠭᠦᠯ ᠮᠡᠨᠳᠦ ᠶᠢᠨ ᠨᠢᠳᠦ ᠪᠠᠨ ᠬᠡᠷᠡᠭᠯᠡᠬᠦ ᠮᠡᠳᠡᠯᠭᠡ ᠶᠢ ᠲᠦᠭᠡᠮᠡᠯᠵᠢᠭᠦᠯᠵᠦ᠂ ᠨᠢᠳᠦ ᠶᠢᠨ ᠡᠷᠡᠭᠦᠯ ᠮᠡᠨᠳᠦ ᠶᠢ ᠬᠠᠮᠠᠭᠠᠯᠠᠵᠠᠶ᠃    ᠬᠡᠦᠬᠡᠳ ᠤᠨ ᠨᠢᠳᠦ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠬᠡᠦᠬᠡᠳ ᠤᠨ ᠨᠢᠳᠦ ᠪᠠᠨ ᠬᠠᠮᠠᠭᠠᠯᠠᠬᠤ ᠡᠷᠡᠭᠦᠯ ᠮᠡᠨᠳᠦ ᠶᠢᠨ ᠮᠡᠳᠡᠯᠭᠡ ᠶᠢ ᠪᠠᠶᠠᠯᠢᠭᠵᠢᠭᠤᠯᠬᠤ ᠶᠢᠨ ᠲᠥᠯᠥᠭᠡ᠂ ᠲᠦᠴᠢᠦᠸᠠᠨ ᠰᠢᠶᠠᠨ ᠤ ᠬᠢᠲᠠᠳ ᠡᠮᠨᠡᠯᠭᠡ  ᠶᠢᠨ ᠬᠤᠷᠢᠶ᠎ᠠ 《 ᠨᠢᠳᠦ ᠪᠠᠨ ᠬᠠᠶᠢᠷᠠᠯᠠᠬᠤ ᠡᠳᠦᠷ 》 ᠢᠶᠠᠷ ᠠᠵᠠ ᠲᠣᠬᠢᠶᠠᠯ ᠪᠣᠯᠭᠠᠵᠤ᠂ ᠲᠦᠴᠢᠦᠸᠠᠨ ᠰᠢᠶᠠᠨ  ᠤ ᠲᠠᠪᠤᠳᠤᠭᠠᠷ ᠬᠡᠦᠬᠡᠳ ᠤᠨ ᠴᠡᠴᠡᠷᠯᠢᠭ ᠲᠤ ᠬᠦᠷᠴᠦ ᠬᠡᠦᠬᠡᠳ ᠤᠨ ᠬᠠᠷᠠᠭᠠᠨ ᠤ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ ᠡᠮᠴᠢ ᠪᠠᠰᠠ ᠨᠢᠯᠬ᠎ᠠ ᠬᠡᠦᠬᠡᠳ ᠲᠤ ᠠᠮᠢᠳᠤᠯᠢᠭ ᠪᠥᠭᠡᠳ ᠰᠣᠨᠢᠷᠬᠠᠯᠲᠠᠶ ᠨᠢᠳᠦ ᠬᠠᠮᠠᠭᠠᠯᠠᠬᠤ ᠮᠡᠳᠡᠯᠭᠡ ᠶᠢᠨ ᠬᠢᠴᠢᠶᠡᠯ ᠣᠷᠣᠵᠤ᠂ ᠬᠡᠦᠬᠡᠳ ᠤᠳ ᠢ ᠨᠢᠳᠦ ᠪᠠᠨ ᠬᠠᠶᠢᠷᠠᠯᠠᠬᠤ ᠪᠠ ᠨᠢᠳᠦ ᠪᠠᠨ ᠬᠠᠮᠠᠭᠠᠯᠠᠬᠤ ᠡᠷᠡᠭᠦᠯ ᠮᠡᠨᠳᠦ ᠶᠢᠨ ᠦᠶᠯᠡ ᠠᠵᠢᠯᠯᠠᠭ᠎ᠠ ᠶᠢᠨ ᠳᠠᠳᠬᠠᠯ ᠲᠠᠢ ᠪᠣᠯᠭᠠᠬᠤ ᠪᠠᠷ ᠰᠤᠷᠭᠠᠨ ᠬᠥᠮᠦᠵᠢᠭᠦᠯᠪᠡ᠃    ︽ᠪᠥᠬᠦ ᠨᠠᠰᠤ ᠵᠢᠯ᠂ ᠪᠥᠬᠦ ᠠᠮᠢ ᠨᠠᠰᠤᠨ ᠤ ᠬᠤᠭᠤᠴᠠᠭᠠᠨ ᠤ ᠨᠢᠳᠦᠨ ᠤ ᠡᠷᠡᠭᠦᠯ ᠮᠡᠨᠳᠦ ᠶᠢ ᠠᠩᠬᠠᠷᠬᠤ ᠳᠤ ᠬᠡᠦᠬᠡᠳ ᠠᠴᠠ ᠡᠬᠢᠯᠡᠨ ᠠᠳᠬᠤᠵᠤ᠂ ᠴᠢ᠂ ᠪᠢ᠂ ᠥᠨᠥᠳᠦᠷ ᠠᠴᠠ ᠡᠬᠢᠯᠡᠵᠦ ᠬᠢᠬᠦ ᠬᠡᠷᠡᠭᠲᠡᠶ᠃ ᠣᠯᠠᠨ ᠢᠶᠠᠷ ᠢᠶᠠᠨ ᠤᠷᠢᠳᠴᠢᠯᠠᠨ ᠰᠡᠷᠭᠡᠶᠢᠯᠡᠬᠦ ᠤᠬᠠᠮᠰᠠᠷ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠤᠯᠴᠠᠯᠭ᠎ᠠ᠂ ᠠᠮᠢᠳᠤᠷᠠᠯ ᠤᠨ ᠳᠤᠮᠳᠠ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠬᠦ ᠳᠠᠳᠬᠠᠯ ᠢ ᠬᠥᠮᠦᠵᠢᠭᠦᠯᠵᠦ᠂ ᠨᠢᠳᠦ ᠪᠠᠨ ᠢᠯᠡᠭᠦᠬᠡᠨ ᠬᠠᠶᠢᠷᠠᠯᠠᠵᠤ᠂ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠢᠶᠠᠨ ᠰᠠᠶᠢᠲᠤᠷ ᠬᠢᠵᠦ᠂ ᠰᠠᠶᠢᠨ ᠰᠠᠶᠢᠬᠠᠨ ᠠᠮᠢᠳᠤᠷᠠᠯ ᠢ ᠣᠯᠵᠤ ᠬᠠᠷᠠᠬᠤ ᠶᠢ ᠬᠦᠰᠡᠵᠦ ᠪᠠᠶᠢᠨ᠎ᠠ︾ ᠭᠡᠵᠦ ᠲᠦᠴᠢᠦᠸᠠᠨ ᠰᠢᠶᠠᠨ ᠤ ᠬᠢᠲᠠᠳ ᠡᠮᠨᠡᠯᠭᠡ  ᠶᠢᠨ ᠬᠤᠷᠢᠶᠠᠨ ᠤ ᠨᠢᠳᠦᠨ ᠰᠠᠯᠠᠭᠠᠨ ᠤ ᠡᠮᠴᠢ ᠯᠢᠨ ᠱᠠᠨ ᠱᠠᠨ ᠲᠠᠨᠢᠯᠴᠠᠭᠤᠯᠪᠠ᠃    ︽ᠵᠢᠵᠢᠭ ᠨᠢᠳᠦ ᠭᠢᠷᠠᠬᠠᠢ᠂ ᠶᠠᠭᠤᠮ᠎ᠠ ᠪᠦᠬᠦᠨ ᠢ ᠲᠣᠳᠣ ᠣᠯᠵᠤ ᠬᠠᠷᠠᠨ᠎ᠠ᠃ ᠰᠠᠶᠢᠨ ᠬᠡᠦᠬᠡᠳ ᠠᠷᠢᠭᠤᠨ ᠴᠡᠪᠡᠷ ᠢ ᠡᠷᠬᠢᠮᠯᠡᠨ᠎ᠡ᠂ ᠪᠤᠵᠠᠷ ᠭᠠᠷ ᠢᠶᠠᠷ ᠨᠢᠳᠦ ᠪᠠᠨ ᠨᠤᠬᠤᠯᠠᠵᠤ ᠪᠤᠯᠠᠬᠤ ᠦᠭᠡᠢ᠃ ᠬᠡᠦᠬᠡᠳ ᠤᠳ ᠲᠤ ᠨᠢᠳᠦᠨ  ᠤ ᠴᠢᠬᠤᠯᠠ ᠴᠢᠨᠠᠷ ᠵᠢᠴᠢ ᠨᠢᠳᠦ ᠪᠠᠨ ᠬᠠᠮᠠᠭᠠᠯᠠᠬᠤ ᠠᠷᠭ᠎ᠠ ᠶᠢ ᠤᠯᠠᠮ ᠨᠢᠭᠡ ᠠᠯᠬᠤᠮ ᠲᠠᠨᠢᠭᠤᠯᠬᠤ ᠶᠢᠨ ᠲᠥᠯᠥᠭᠡ᠂ ᠲᠠᠪᠤᠳᠤᠭᠠᠷ ᠬᠡᠦᠬᠡᠳ ᠤᠨ ᠴᠡᠴᠡᠷᠯᠢᠭ ᠤᠨ ᠪᠠᠭᠰᠢ ᠬᠡᠦᠬᠡᠳ ᠤᠨ ᠨᠠᠰᠤᠨ ᠤ ᠣᠨᠴᠠᠯᠢᠭ ᠲᠤ ᠴᠢᠭᠯᠡᠭᠦᠯᠦᠨ᠂ ᠣᠯᠠᠨ ᠵᠠᠭᠤᠴᠢᠲᠤ ᠬᠢᠴᠢᠶᠡᠯ᠂ ᠭᠠᠷ ᠤᠨ ᠳᠣᠬᠢᠶᠠᠨ ᠤ ᠪᠥᠵᠢᠭ ᠪᠠ ᠨᠢᠳᠦ ᠪᠠᠨ ᠬᠠᠮᠠᠭᠠᠯᠠᠬᠤ ᠲᠠᠮᠢᠷ ᠢ ᠰᠤᠷᠬᠤ ᠵᠡᠷᠭᠡ ᠠᠷᠭ᠎ᠠ ᠮᠠᠶ᠋ᠢᠭ ᠲᠠᠢ ᠤᠶᠠᠯᠳᠤᠭᠤᠯᠤᠨ ᠨᠢᠳᠦ ᠪᠠᠨ ᠬᠠᠶᠢᠷᠠᠯᠠᠬᠤ ᠬᠢᠴᠢᠶᠡᠯ ᠤᠨ ᠲᠠᠩᠬᠢᠮ ᠥᠷᠨᠢᠭᠦᠯᠵᠦ᠂ ᠬᠡᠦᠬᠡᠳ ᠢ ᠪᠠᠭ᠎ᠠ ᠠᠴᠠ ᠨᠢ ᠬᠠᠷᠠᠭ᠎ᠠ ᠪᠠᠨ ᠬᠠᠮᠠᠭᠠᠯᠠᠬᠤ᠂ ᠨᠢᠳᠦ ᠪᠠᠨ ᠬᠠᠮᠠᠭᠠᠯᠠᠬᠤ ᠰᠠᠶᠢᠨ ᠳᠠᠳᠬᠠᠯ ᠲᠠᠢ ᠪᠣᠯᠭᠠᠬᠤ ᠬᠡᠷᠡᠭᠲᠡᠶ᠃    ︽ᠪᠠᠯᠴᠢᠷ ᠬᠡᠦᠬᠡᠳ ᠤᠨ ᠨᠢᠭᠡ ᠡᠳᠦᠷ ᠤᠨ ᠠᠮᠢᠳᠤᠷᠠᠯ ᠳᠤᠮᠳᠠ᠂ ᠨᠢᠳᠦ ᠪᠠᠨ ᠬᠠᠶᠢᠷᠠᠯᠠᠬᠤ ᠶᠢ ᠴᠠᠭ ᠲᠤᠬᠠᠶ  ᠳᠤᠨᠢ ᠰᠠᠨᠠᠭᠤᠯᠵᠤ᠂ ᠪᠠᠯᠴᠢᠷ ᠬᠡᠦᠬᠡᠳ ᠪᠠ ᠬᠡᠷ ᠤᠨ ᠠᠬᠠᠮᠠᠳ ᠲᠤ ᠨᠢᠳᠦ ᠪᠠᠨ ᠬᠠᠶᠢᠷᠠᠯᠠᠬᠤ ᠮᠡᠳᠡᠯᠭᠡ ᠶᠢ ᠴᠠᠭ ᠲᠤᠬᠠᠶ ᠳᠤᠨᠢ ᠤᠬᠠᠭᠤᠯᠤᠨ᠂ ᠪᠠᠯᠴᠢᠷ ᠬᠡᠦᠬᠡᠳ ᠤᠨ ᠵᠥᠪ ᠰᠠᠭᠤᠬᠤ ᠳᠦᠷᠢ ᠪᠠ ᠪᠢᠴᠢᠭ ᠪᠢᠴᠢᠬᠦ ᠮᠡᠳᠡᠯᠭᠡ ᠶᠢ ᠬᠥᠮᠦᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠠᠯᠴᠢᠷ ᠬᠡᠦᠬᠡᠳ ᠢ ᠲᠣᠬᠢᠷᠠᠭᠤᠯᠤᠨ ᠬᠡᠷ ᠤᠨ ᠭᠠᠳᠠᠨ᠎ᠠ ᠬᠥᠳᠡᠯᠭᠡᠭᠡᠨ ᠬᠢᠯᠭᠡᠬᠦ ᠪᠠ ᠠᠯᠤᠰ ᠢ ᠪᠠᠷᠠᠯᠠᠬᠤ ᠬᠦᠳᠡᠯᠭᠡᠭᠡᠨ ᠬᠢᠵᠤ᠂ ᠬᠡᠦᠬᠡᠳ ᠤᠨ ᠨᠢᠳᠦ ᠶᠢ ᠨᠠᠩ ᠰᠠᠶᠢᠨ ᠠᠮᠠᠷᠠᠭᠤᠯᠬᠤ ᠪᠣᠯᠤᠨ᠎ᠠ︾ ᠭᠡᠵᠦ ᠲᠦᠴᠢᠦᠸᠠᠨ ᠰᠢᠶᠠᠨ ᠤ ᠲᠠᠪᠤᠳᠤᠭᠠᠷ ᠬᠡᠦᠬᠡᠳ ᠤᠨ ᠴᠡᠴᠡᠷᠯᠢᠭ ᠤᠨ ᠪᠠᠭᠰᠢ ᠰᠦᠨ ᠪᠢᠩ ᠲᠠᠨᠢᠯᠴᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号