ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠨᠢᠭᠡᠳᠦᠭᠡᠷ ᠡᠳᠦᠷ᠂ ᠲᠦᠴᠢᠦᠸᠠᠨ ᠰᠢᠶᠠᠨ ᠤ 1182 ᠰᠢᠯᠭᠠᠭᠤᠯᠤᠭᠴᠢ ᠰᠢᠯᠭᠠᠯᠲᠠ‌‍ᠳᠤ ᠤᠷᠤᠯᠴᠠᠪᠠ︕
ᠨᠡᠶᠢᠲᠡᠯᠡᠭᠰᠡᠨ ᠴᠠᠭ᠄
2023/6/8
   6 ᠰᠠᠷ᠎ᠠ ᠶᠢᠨ 7 ᠤ ᠦᠳᠡ ᠶᠢᠨ ᠡᠮᠦᠨᠡᠬᠢ 9 ᠴᠠᠭ ᠲᠤ᠂ 2023 ᠣᠨ ᠤ ᠪᠥᠬᠦ ᠤᠯᠤᠰ ᠤᠨ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠵᠢᠩᠬᠢᠨᠢ ᠪᠠᠷ ᠡᠬᠢᠯᠡᠵᠦ᠂ ᠲᠦᠴᠢᠦᠸᠠᠨ ᠰᠢᠶᠠᠨ ᠳᠤ ᠨᠡᠶᠢᠲᠡ 41 ᠰᠢᠯᠭᠠᠯᠲᠠ ᠶᠢᠨ ᠲᠠᠯᠠᠪᠠᠶ ᠲᠤᠬᠢᠷᠠᠭᠤᠯᠵᠤ᠂ 1182 ᠰᠢᠯᠭᠠᠭᠤᠯᠤᠭᠴᠢ ᠲᠦᠴᠢᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠰᠢᠯᠭᠠᠯᠲᠠ ᠳᠤ ᠣᠷᠣᠯᠴᠠᠵᠤ᠂ ᠲᠡᠳᠡᠨ ᠤ ᠠᠮᠢᠳᠤᠷᠠᠯ ᠤᠨ ᠳᠤᠮᠳᠠᠬᠢ ᠨᠢᠭᠡ ᠤᠳᠠᠭᠠᠨ ᠤ ᠴᠢᠬᠤᠯᠠ ᠥᠷᠢᠰᠥᠯᠳᠦᠭᠡᠨ ᠢ ᠤᠭᠲᠤᠪᠠ᠃    ᠥᠷᠯᠥᠭᠡ ᠶᠢᠨ 7 ᠴᠠᠭ ᠲᠤ᠂ ᠬᠡᠳᠦᠶᠢᠪᠡᠷ ᠰᠢᠯᠭᠠᠯᠲᠠ ᠡᠬᠢᠯᠡᠬᠦ ᠪᠣᠯᠲᠠᠯ᠎ᠠ ᠪᠠᠰᠠ ᠬᠤᠶᠠᠷ ᠴᠠᠭ ᠪᠠᠶᠢᠬᠤ ᠪᠣᠯᠪᠠᠴᠤ ᠴᠥᠭᠡᠨ ᠪᠤᠰᠤ ᠰᠢᠯᠭᠠᠭᠤᠯᠤᠭᠴᠢ ᠪᠠ ᠬᠡᠷ ᠤᠨ ᠠᠬᠠᠮᠠᠳ ᠨᠢᠭᠡᠨᠲᠡ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠭᠰᠡᠨ ᠪᠠᠶᠢᠨ᠎ᠠ᠃ ᠰᠢᠯᠭᠠᠭᠤᠯᠤᠭᠴᠢᠳ ᠰᠢᠯᠭᠠᠭᠤᠯᠬᠤ ᠦᠨᠡᠮᠯᠡᠯ ᠪᠠ ᠪᠡᠶ᠎ᠡ ᠶᠢᠨ ᠦᠨᠡᠮᠯᠡᠯ ᠢᠶᠠᠨ ᠠᠪᠴᠤ᠂ ᠪᠡᠶ᠎ᠡ ᠶᠢᠨ ᠬᠢᠷᠢ ᠬᠡᠮ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ᠂ ᠲᠠᠯᠠᠪᠤᠷ ᠲᠤ ᠣᠷᠣᠬᠤ ᠡᠳ᠋ ᠪᠣᠳᠠᠰ ᠢ ᠪᠠᠶᠢᠴᠠᠭᠠᠬᠤ ᠵᠡᠷᠭᠡ ᠭᠤᠭᠴᠤᠭ᠎ᠠ ᠪᠠᠷ ᠳᠠᠮᠵᠢᠭᠤᠯᠤᠨ ᠰᠢᠯᠭᠠᠯᠲᠠ ᠶᠢᠨ ᠲᠠᠯᠠᠪᠤᠷ ᠲᠤ ᠵᠠᠯᠭᠠᠭ᠎ᠠ ᠪᠠᠷ ᠣᠷᠣᠪᠠ᠃    ᠮᠠᠰᠢ ᠣᠯᠠᠨ ᠰᠤᠷᠤᠭᠴᠢ ᠠᠷᠪᠠᠨ ᠬᠡᠳᠦᠨ ᠵᠢᠯ ᠬᠠᠲᠠᠭᠤᠵᠢᠯᠲᠠᠢ ᠰᠤᠷᠤᠯᠴᠠᠭᠠᠳ ᠡᠴᠦᠰ ᠲᠡᠭᠡᠨ ᠬᠥᠮᠦᠨ ᠤ ᠠᠮᠢᠳᠤᠷᠠᠯ ᠤᠨ ᠠᠩᠬᠠᠨ ᠤ ᠶᠡᠭᠡ ᠰᠢᠯᠭᠠᠯᠲᠠ ᠶᠢ ᠤᠭᠲᠤᠨ ᠠᠪᠴᠢᠷᠠᠵᠤ᠂ ᠬᠠᠨᠢ ᠪᠤᠯᠵᠤ ᠪᠠᠶᠢᠭ᠎ᠠ ᠭᠡᠷ ᠤᠨ ᠠᠬᠠᠮᠠᠳ᠂ ᠬᠡᠦᠬᠡᠳ ᠳᠡᠭᠡᠨ ᠬᠦᠰᠡᠯ ᠲᠦᠭᠦᠷᠡᠩ ᠪᠠᠶᠢᠪᠠ᠃ ᠮᠠᠰᠢ ᠣᠯᠠᠨ ᠰᠢᠯᠭᠠᠭᠤᠯᠤᠭᠴᠢ ᠶᠢᠨ ᠡᠵᠢ ᠨᠢ ᠴᠥᠮ ᠭᠤᠶᠣ ᠰᠠᠶᠢᠬᠠᠨ ᠮᠠᠨᠵᠤ ᠲᠡᠷᠯᠢᠭ ᠡᠮᠦᠰᠴᠦ᠂ ᠬᠡᠦᠬᠡᠳ ᠲᠤ  ︽ᠠᠮᠵᠢᠯᠳᠠ ᠤᠯᠬᠤ︾ ᠥᠯᠵᠡᠶ ᠪᠡᠯᠭᠡ ᠲᠠᠢ ᠤᠳᠬ᠎ᠠ ᠠᠭᠤᠯᠭ᠎ᠠ ᠶᠢ ᠢᠯᠡᠳᠭᠡᠨ᠎ᠡ᠃︽ᠬᠡᠦᠬᠡᠳ ᠡᠴᠢᠨᠡᠭᠡᠨ ᠵᠢᠯ ᠰᠤᠷᠤᠯᠴᠠᠭᠠᠳ ᠡᠴᠦᠰ ᠲᠡᠭᠡᠨ ᠶᠡᠭᠡ ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠰᠢᠯᠭᠠᠯᠲᠠ ᠶᠢᠨ ᠲᠠᠯᠠᠪᠠᠢ ᠳᠤ ᠣᠷᠣᠯ᠎ᠠ᠃ ᠭᠡᠷ ᠤᠨ ᠠᠬᠠᠮᠠᠳ ᠪᠣᠯᠤᠭᠰᠠᠨ ᠤ ᠬᠤᠪᠢ ᠳᠤ᠂ ᠪᠢ ᠮᠠᠰᠢ ᠰᠡᠳᠬᠢᠯ ᠳᠣᠭᠳᠣᠯᠵᠤ ᠪᠠᠶᠢᠨ᠎ᠠ᠂ ᠮᠠᠨ ᠤ ᠬᠡᠦᠬᠡᠳ ᠤᠨ ᠲᠣᠭᠲᠠᠭᠤᠨ ᠢᠶᠠᠷ ᠰᠢᠯᠠᠭᠠᠵᠤ᠂ ᠰᠠᠶᠢᠨ ᠬᠢᠷᠢ ᠪᠦᠳᠦᠮᠵᠢ ᠤᠯᠬᠤ ᠶᠢ ᠬᠦᠰᠡᠵᠦ ᠪᠠᠶᠢᠨ᠎ᠠ︾ ᠭᠡᠵᠦ ᠭᠡᠷ ᠤᠨ ᠠᠬᠠᠮᠠᠳ ᠵᠢᠶᠠ ᠯᠢ ᠬᠡᠯᠡᠪᠡ᠃    ᠰᠢᠯᠭᠠᠯᠲᠠ ᠶᠢᠨ ᠲᠠᠯᠠᠪᠠᠢ ᠳᠤ ᠰᠢᠯᠭᠠᠭᠤᠯᠤᠭᠰᠠᠳ ᠴᠠᠭ ᠠᠮᠵᠢᠨ ᠬᠠᠷᠢᠭᠤᠯᠵᠤ᠂ ᠰᠢᠯᠭᠠᠯᠲᠠ ᠶᠢᠨ ᠲᠠᠯᠠᠪᠠᠢ  ᠶᠢᠨ ᠭᠠᠳᠠᠨ᠎ᠠ ᠲᠦᠴᠢᠦᠸᠠᠨ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠴᠥᠮ ᠰᠢᠯᠭᠠᠭᠤᠯᠤᠭᠰᠠᠳ ᠲᠤ ᠡᠯ᠎ᠡ ᠵᠦᠢᠯ ᠤᠨ ᠦᠢᠯᠡᠴᠢᠯᠡᠭᠡ ᠶᠢ ᠢᠳᠡᠪᠬᠢᠲᠡᠢ ᠰᠠᠶᠢᠲᠤᠷ ᠬᠢᠵᠦ ᠪᠠᠶᠢᠨ᠎ᠠ᠃ ᠲᠦᠴᠢᠦᠸᠠᠨ ᠰᠢᠶᠠᠨ ᠤ ᠳᠣᠲᠣᠭᠠᠳᠤ  ᠶᠢ ᠬᠠᠮᠠᠭᠠᠯᠠᠬᠤ᠂ ᠴᠠᠬᠢᠯᠭᠠᠨ ᠬᠦᠴᠦᠨ᠂ ᠡᠷᠡᠭᠦᠯ ᠬᠠᠮᠠᠭᠠᠯᠠᠯ᠂ ᠴᠢᠮᠡᠭᠡ ᠬᠤᠯᠪᠣᠭ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠬᠤᠲᠠ ᠶᠢᠨ ᠬᠢᠨᠠᠨ ᠪᠠᠶᠢᠴᠠᠭᠠᠬᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠵᠤ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ᠂ ᠬᠢᠨᠠᠨ ᠰᠢᠯᠭᠠᠬᠤ ᠪᠠᠭᠰᠢ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠬᠡᠵᠦ᠂ ᠰᠢᠯᠭᠠᠭᠤᠯᠤᠭᠴᠢ  ᠳᠤ ᠰᠠᠭᠠᠳ ᠥᠬᠡᠶ ᠨᠡᠪᠲᠡᠷᠡᠬᠦ ᠵᠠᠮ ᠢ ᠪᠥᠬᠦ ᠬᠦᠴᠦᠨ ᠢᠶᠠᠷ ᠢᠶᠠᠨ ᠨᠡᠭᠡᠭᠡᠵᠦ᠂ ᠡᠷᠡᠭᠦᠯ ᠮᠡᠨᠳᠦ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠠᠮᠤᠷ ᠲᠦᠪᠰᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠬᠠᠯᠠᠭᠤᠨ ᠳᠤᠯᠠᠭᠠᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠦᠨᠡᠨᠴᠢ ᠢᠲᠡᠭᠡᠮᠵᠢᠲᠡᠶ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠡᠷᠬᠡ ᠲᠡᠭᠰᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ︽ᠬᠠᠮᠠᠭᠠᠯᠠᠯᠲᠠ︾ ᠶᠢ ᠪᠠᠲᠤᠯᠠᠪᠠ᠃    ︽ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠲᠠᠯᠠᠪᠤᠷ ᠵᠢᠴᠢ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠵᠤ᠂ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠵᠤ᠂ 2023 ᠣᠨ ᠤ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠨᠡᠶᠢᠲᠡ 66 ᠴᠠᠭᠳᠠᠭᠠᠨ ᠤ ᠬᠦᠴᠦᠨ᠂ 23 ᠴᠠᠭᠳᠠᠭᠠᠨ ᠤ ᠲᠡᠷᠭᠡ ᠭᠠᠷᠭᠠᠵᠤ᠂ ᠰᠢᠯᠭᠠᠯᠲᠠ ᠶᠢᠨ ᠲᠠᠯᠠᠪᠤᠷ ᠤᠨ ᠣᠶᠢᠷ᠎ᠠ ᠬᠠᠪᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠰᠢᠯᠭᠠᠭᠤᠯᠤᠭᠴᠢ ᠳᠤ ᠨᠠᠮ ᠵᠢᠮ᠂ ᠡᠶ᠎ᠡ ᠨᠠᠶᠢᠷᠠᠮᠳᠠᠭᠤ᠂ ᠡᠮᠬᠢ ᠵᠢᠷᠤᠮ ᠲᠠᠢ᠂ ᠰᠠᠭᠠᠳ ᠥᠬᠡᠶ ᠨᠡᠪᠲᠡᠷᠡᠬᠦ ᠰᠢᠯᠭᠠᠯᠲᠠ  ᠶᠢᠨ ᠣᠷᠴᠢᠨ ᠨᠥᠬᠦᠴᠡᠯ ᠢ ᠬᠠᠩᠭᠠᠪᠠ︾ ᠭᠡᠵᠦ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠳᠠᠷᠤᠭ᠎ᠠ ᠯᠢᠦ ᠮᠢᠩ ᠳ᠋ᠦᠩ ᠬᠡᠯᠡᠪᠡ᠃    ᠡᠭᠦᠨ ᠤ ᠬᠠᠮᠲᠤ᠂ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠥᠮᠦᠰ ᠴᠦ ᠬᠤᠶᠢᠨ᠎ᠠ ᠬᠤᠶᠢᠨ᠎ᠠ ᠠᠴᠠ ᠪᠠᠨ ᠬᠥᠳᠡᠯᠦᠯᠴᠡᠵᠦ᠂ ᠰᠢᠯᠭᠠᠭᠤᠯᠤᠭᠴᠢᠳ ᠲᠤ ᠬᠦᠴᠦ ᠨᠡᠮᠡᠵᠦ ᠪᠠᠶᠢᠨ᠎ᠠ᠃ ᠬᠢᠩᠭᠠᠨ ᠬᠤᠪᠢᠶᠠᠷᠢ ᠺᠣᠮᠫᠠᠨᠢ ᠶᠢᠨ ᠲᠠᠢ ᠳ᠋ᠦᠩ ᠰᠦᠶᠳᠬᠡᠯ ᠬᠤᠷᠢᠶᠠᠬᠤ ᠭᠠᠵᠠᠷ ᠪᠣᠯᠤᠨ ᠲᠦᠴᠢᠦᠸᠠᠨ ᠠᠷᠠᠴᠢᠯᠠᠨ ᠬᠠᠮᠠᠭᠠᠯᠠᠬᠤ ᠠᠵᠢᠯ  ᠤᠨ ᠲᠣᠭᠤᠷᠢᠭ᠂ ᠶᠢᠨ ᠯᠢ ᠵᠢᠯᠣᠭᠤᠴᠢ ᠶᠢᠨ ᠰᠤᠷᠭᠠᠭᠤᠯᠢ ᠥᠪᠡᠰᠦᠪᠡᠨ ᠵᠤᠬᠢᠶᠠᠨ ᠪᠠᠶᠢᠭᠤᠯᠵᠤ ᠲᠡᠷᠭᠡ ᠭᠠᠷᠭᠠᠨ ᠰᠤᠷᠤᠭᠴᠢ ᠬᠦᠷᠭᠡᠵᠦ᠂ ᠰᠢᠯᠭᠠᠭᠤᠯᠤᠭᠴᠢ ᠰᠢᠯᠭᠠᠯᠲᠠ ᠳᠤ ᠣᠷᠣᠯᠴᠠᠬᠤ ᠵᠠᠮ ᠳᠠᠭᠠᠨ ᠤᠯᠠᠭᠠᠨ ᠲᠤᠭ ᠤᠨ ᠲᠡᠮᠳᠡᠭ  ᠢ ᠡᠯᠭᠦᠭᠰᠡᠨ ᠲᠡᠷᠭᠡᠨ ᠳᠤ ᠦᠨ᠎ᠡ ᠲᠥᠯᠥᠪᠦᠷᠢ ᠥᠬᠡᠶ ᠪᠠᠷ ᠰᠠᠭᠤᠵᠤ ᠪᠣᠯᠤᠨ᠎ᠠ᠃    ᠰᠠᠶᠢᠨ ᠳᠤᠷᠠᠴᠤᠳ ᠤᠨ ᠪᠦᠯᠬᠦᠮ ᠪᠠ ᠣᠯᠠᠨ ᠬᠠᠯᠠᠭᠤᠨ ᠰᠡᠳᠬᠢᠯᠲᠦ ᠬᠤᠳᠠᠯᠳᠤᠭᠠᠴᠢᠳ ᠪᠠᠰᠠ ᠬᠠᠶᠢᠷ᠎ᠠ ᠬᠠᠯᠠᠮᠵᠢ ᠶᠢᠨ ᠦᠶᠯᠡᠴᠢᠯᠡᠭᠡᠨ ᠤ ᠴᠡᠭ ᠪᠠᠶᠢᠭᠤᠯᠵᠤ᠂ ᠰᠢᠯᠭᠠᠭᠤᠯᠤᠭᠴᠢ ᠵᠢᠴᠢ ᠬᠡᠷ ᠤᠨ ᠠᠬᠠᠮᠠᠳ ᠲᠤ ᠦᠨ᠎ᠡ ᠲᠥᠯᠥᠪᠦᠷᠢ ᠥᠬᠡᠶ ᠪᠠᠷ ᠰᠢᠯᠭᠠᠯᠲᠠ ᠶᠢᠨ ᠬᠡᠷᠡᠭᠰᠡᠯ᠂ ᠵᠢᠮᠢᠰ᠂ ᠷᠠᠰᠢᠶᠠᠨ ᠤᠰᠤ ᠵᠡᠷᠭᠡ ᠶᠢ ᠲᠠᠷᠬᠠᠭᠠᠨ ᠥᠭᠴᠦ᠂ ᠥᠷᠭᠡᠨ ᠣᠯᠠᠨ ᠰᠢᠯᠭᠠᠭᠤᠯᠤᠭᠴᠢ ᠳᠤ ᠴᠢᠨᠠᠷ ᠰᠠᠶᠢᠲᠠᠶ ᠳᠣᠲᠣᠨᠣ ᠦᠶᠯᠡᠴᠢᠯᠡᠭᠡ ᠬᠠᠩᠭᠠᠵᠤ᠂ ᠥᠷᠭᠡᠨ ᠣᠯᠠᠨ ᠰᠢᠯᠭᠠᠭᠤᠯᠤᠭᠴᠢ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ᠂ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠣᠷᠣᠯᠴᠠᠬᠤ ᠳᠤ ᠬᠦᠴᠦᠨ ᠨᠡᠮᠡᠷᠢᠯᠡᠪᠡ᠃    ︽ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠴᠠᠭ ᠪᠤᠯᠤᠯ᠎ᠠ᠂ ᠪᠠᠰᠠ ᠴᠤ ᠰᠤᠷᠤᠭᠴᠢᠳ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠴᠠᠭ ᠮᠥᠨ᠂ ᠪᠢᠳᠡ ᠡᠯ᠎ᠡ ᠨᠢᠭᠡᠴᠡ ᠲᠠᠢ ᠬᠠᠮᠲᠤᠷᠠᠨ ᠥᠷᠭᠡᠨ ᠣᠯᠠᠨ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ ᠰᠢᠯᠭᠠᠭᠤᠯᠤᠭᠴᠢ ᠵᠢᠴᠢ ᠬᠡᠷ ᠤᠨ ᠠᠬᠠᠮᠠᠳ ᠲᠤ ︿ ᠰᠢᠯᠭᠠᠯᠲᠠ ᠳᠤ ᠲᠤᠰᠠᠯᠠᠬᠤ ᠬᠠᠶᠢᠷ᠎ᠠ ᠬᠠᠯᠠᠮᠵᠢ﹀ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠬᠠᠩᠭᠠᠭᠰᠠᠨ ᠤ ᠵᠣᠷᠢᠯᠭ᠎ᠠ ᠪᠣᠯ ᠳᠠᠷᠤᠶ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠤᠷᠤᠭᠴᠢᠳ ᠤᠨ ᠡᠷᠴᠢ ᠵᠣᠷᠢᠭ ᠢ ᠬᠥᠪᠴᠢᠯᠡᠬᠦ ᠶᠢᠨ ᠲᠥᠯᠥᠭᠡ ᠶᠤᠮ᠂ ᠮᠠᠨ ᠤ ᠲᠦᠴᠢᠦᠸᠠᠨ ᠤ ᠰᠤᠷᠤᠭᠴᠢᠳ ᠥᠨᠥᠳᠦᠷ ᠪᠠ ᠮᠠᠷᠭᠠᠰᠢ ᠶᠢᠨ ᠰᠢᠯᠭᠠᠯᠲᠠ ᠳᠤ ᠰᠢᠯᠢᠳᠡᠭ ᠬᠢᠷᠢ ᠪᠦᠲᠦᠮᠵᠢ ᠣᠯᠵᠤ᠂ ᠬᠦᠰᠡᠨ ᠰᠠᠨᠠᠭᠰᠠᠨ ᠶᠡᠭᠡ ᠰᠤᠷᠭᠠᠭᠤᠯᠢ ᠳᠤ ᠰᠢᠯᠭᠠᠨ ᠣᠷᠣᠬᠤ ᠶᠢ ᠬᠦᠰᠡᠵᠦ ᠪᠠᠶᠢᠨ᠎ᠠ︾ ᠭᠡᠵᠤ ᠲᠦᠴᠢᠦᠸᠠᠨ ᠰᠢᠶᠠᠨ ᠤ ᠰᠢᠨ᠎ᠡ ᠴᠠᠭ ᠦᠶ᠎ᠡ  ᠶᠢᠨ ᠪᠣᠯᠪᠠᠰᠤᠨ ᠤ ᠦᠶᠯᠡᠳᠦᠯᠭᠡ ᠶᠢᠨ ᠦᠶᠯᠡᠴᠢᠯᠡᠭᠡᠨ ᠤ ᠲᠥᠪ ᠤᠨ ᠰᠠᠶᠢᠨ ᠲᠤᠷᠠᠴᠤᠳ ᠹᠧᠩ ᠸᠧᠶ ᠸᠧᠶ ᠬᠡᠯᠡᠪᠡ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号