ᠲᠦᠴᠢᠦᠸᠠᠨ ᠰᠢᠶᠠᠨ ᠬᠤᠸᠠ ᠪᠢᠶᠤᠤ ᠱᠠᠩᠨᠠᠯ ᠭᠥᠷᠳᠡᠭᠰᠡᠨ ᠺᠢᠨᠣ᠋ ︽ᠰᠠᠬᠢᠨ ᠪᠡᠷᠡᠯᠡᠵᠦ ᠬᠠᠷᠢᠯᠴᠠᠨ ᠮᠥᠷᠥᠭᠡᠳᠦᠭᠰᠡᠨ ᠮᠣᠳᠣ︾ ᠶᠢ ᠳᠡᠯᠭᠡᠨ ᠦᠵᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/6/9
   5 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠠᠷᠪᠠᠨ ᠨᠠᠶᠮᠠᠳᠤᠭᠠᠷ᠂ ᠠᠷᠪᠠ ᠶᠢᠰᠦᠳᠦᠭᠡᠷ ᠬᠤᠭᠤᠴᠠᠭᠠᠨ ᠤ ᠺᠢᠨᠣ᠋ ᠶᠢᠨ ᠬᠤᠸᠠ ᠪᠢᠶᠤᠤ ᠱᠠᠩᠨᠠᠯ ᠵᠢᠩᠬᠢᠨᠢ ᠪᠠᠷ ᠱᠠᠩᠨᠠᠯ ᠭᠠᠷᠳᠠᠭᠤᠯᠵᠤ᠂ ᠷᠠᠰᠢᠶᠠᠨ ᠬᠤᠲᠠ ᠳᠤ ᠰᠡᠭᠦᠳᠡᠷᠯᠡᠭᠰᠡᠨ ︽ᠰᠠᠬᠢᠨ ᠪᠡᠷᠡᠯᠡᠵᠦ ᠬᠠᠷᠢᠯᠴᠠᠨ ᠰᠠᠨᠠᠭᠠᠯᠵᠠᠭᠰᠠᠨ ᠮᠣᠳᠣ︾ ᠭᠡᠬᠦ ᠺᠢᠨᠣ᠋ ᠨᠢ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠺᠢᠨᠣ᠋ ᠶᠢᠨ ᠬᠤᠸᠠ ᠪᠢᠶᠤᠤ ᠱᠠᠩᠨᠠᠯ ᠤᠨ ᠰᠢᠯᠢᠳᠡᠭ ᠴᠥᠭᠡᠨ ᠲᠣᠭᠠᠲᠤ ᠦᠨᠳᠦᠰᠦᠲᠡᠨ ᠤ ᠰᠡᠳᠦᠪᠲᠦ ᠺᠢᠨᠣ᠋ ᠶᠢᠨ ᠱᠠᠩᠨᠠᠯ ᠢ ᠭᠥᠷᠳᠡᠪᠡ᠃ 6 ᠰᠠᠷ᠎ᠠ ᠶᠢᠨ 6 ᠤ ᠣᠷᠣᠶ ᠶᠢᠨ 8 ᠴᠠᠭ 30 ᠮᠢᠨᠦ᠋ᠲ ᠲᠤ᠂ ᠲᠦᠴᠢᠦᠸᠠᠨ ᠰᠢᠶᠠᠨ ᠤ  ︽ᠰᠠᠬᠢᠨ ᠪᠡᠷᠡᠯᠡᠵᠦ ᠬᠠᠷᠢᠯᠴᠠᠨ ᠮᠥᠷᠥᠭᠡᠳᠦᠭᠰᠡᠨ ᠮᠣᠳᠣ︾ ᠭᠡᠬᠦ ᠺᠢᠨᠣ᠋  ᠶᠢᠨ ᠦᠵᠡᠭᠦᠯᠦᠯᠭᠡ ᠶᠢᠨ ᠠᠵᠢᠯᠯᠠᠭ᠎ᠠ ᠯᠢᠴᠢᠦᠸᠠᠨ ᠲᠠᠯᠠᠪᠠᠶ ᠳᠤ ᠶᠠᠪᠤᠭᠳᠠᠵᠤ᠂ ᠣᠯᠠᠨ ᠲᠦᠮᠡᠨ ᠢᠳᠡᠪᠬᠢᠳᠡᠢ ᠺᠢᠨᠣ᠋ ᠰᠣᠨᠢᠷᠬᠠᠪᠠ᠃    ᠰᠥᠨᠢ ᠶᠢᠨ ᠬᠥᠰᠢᠭᠡᠨ ᠲᠤᠤᠷ᠎ᠠ᠂ ᠰᠠᠭᠤᠭᠠᠯᠢ ᠠᠷᠠᠳ  ᠡᠷᠳᠡᠭᠡᠨ ᠢᠷᠡᠵᠤ ᠬᠥᠰᠢᠭᠡ ᠶᠢᠨ ᠡᠮᠦᠨ᠎ᠡ ᠰᠠᠭᠤᠵᠤ᠂ ᠺᠢᠨᠣ᠋ ᠲᠠᠯᠪᠢᠬᠤ ᠶᠢ ᠬᠦᠯᠢᠶᠡᠨ᠎ᠡ᠃ ᠲᠢᠶᠠᠨ ᠶᠤᠸᠠᠨ ᠭᠤᠷᠪᠠᠳᠤᠭᠠᠷ ᠬᠤᠭᠤᠴᠠᠭᠠᠨ ᠤ ᠰᠠᠭᠤᠭᠠᠯᠢ ᠲᠤᠭᠤᠷᠢᠭ ᠤᠨ ᠯᠢᠦ ᠹᠦ᠋ ᠴᠧᠩ ᠡᠨᠡ ᠵᠢᠯ 67 ᠨᠠᠰᠤᠲᠠᠢ᠂ 1982 ᠣᠨ ᠳᠤ ᠴᠡᠷᠢᠭ ᠠᠴᠠ ᠬᠠᠯᠠᠭᠳᠠᠵᠤ ᠨᠤᠲᠤᠭ ᠲᠠᠭᠠᠨ ᠪᠤᠴᠠᠵᠤ᠂ ᠡᠩ ᠤᠨ ᠦᠶ᠎ᠡ ᠳᠤ ᠤᠴᠢᠷ ᠦᠭᠡᠢ ᠪᠣᠯ ᠲᠠᠯᠠᠪᠠᠢ ᠳᠤ ᠢᠷᠡᠵᠦ ᠶᠠᠩᠭᠠᠷ ᠲᠣᠭᠯᠠᠳᠠᠭ᠂ ᠥᠨᠥᠳᠦᠷ ᠤᠨ ᠨᠡᠪᠲᠡᠷᠡᠭᠦᠯᠵᠦ ᠪᠠᠶᠢᠭ᠎ᠠ ᠺᠢᠨᠣ᠋ ᠨᠢ ᠶᠠᠭ ᠰᠠᠶᠢᠬᠠᠨ ᠬᠢᠯᠢ ᠶᠢᠨ ᠬᠠᠮᠠᠭᠠᠯᠠᠯᠲᠠ ᠶᠢᠨ ᠴᠡᠷᠢᠭ ᠤᠨ ᠬᠠᠮᠢᠶᠠᠳᠠᠢ ᠺᠢᠨᠣ᠋ ᠪᠠᠶᠢᠵᠤ᠂ ᠲᠡᠷᠡ ᠺᠢᠨᠣ᠋ ᠦᠵᠡᠵᠦ ᠪᠠᠷᠠᠭᠰᠠᠨ ᠤ ᠲᠠᠷᠠᠭ᠎ᠠ ᠶᠡᠭᠡ ᠲᠦᠷᠦᠭᠳᠡᠯ ᠲᠠᠢ ᠪᠠᠶᠢᠯ᠎ᠠ᠃    ︽ᠨᠢᠭᠡᠨᠲᠡ ᠣᠯᠠᠨ ᠵᠢᠯ ᠭᠠᠳᠠᠨ᠎ᠠ ᠺᠢᠨᠣ᠋ ᠦᠵᠡᠭᠰᠡᠨ ᠦᠭᠡᠢ᠂ ᠶᠠᠭ ᠣᠷᠣᠢ ᠭᠠᠷᠴᠤ ᠢᠷᠡᠭᠡᠳ ᠶᠠᠩᠭᠠᠷ ᠲᠤᠭᠯᠠᠵᠤ᠂ ᠺᠢᠨᠣ᠋ ᠲᠠᠯᠪᠢᠵᠤ ᠪᠠᠶᠢᠬᠤ ᠶᠢ ᠣᠯᠵᠤ ᠦᠵᠡᠭᠡᠳ᠂ ᠢᠷᠡᠵᠦ ᠦᠵᠡᠵᠡᠢ᠃ ᠣᠳᠣ ᠶᠢᠨ ᠠᠵᠢᠯ ᠶᠢᠨ ᠴᠢᠯᠥᠭᠡᠨ ᠤ ᠠᠮᠢᠳᠤᠷᠠᠯ ᠤᠯᠠᠮ ᠠᠴᠠ ᠤᠯᠠᠮ ᠪᠠᠶᠠᠯᠢᠭ ᠪᠣᠯᠵᠤ ᠪᠠᠶᠢᠨ᠎ᠠ᠂ ᠺᠢᠨᠣ᠋ ᠳᠣᠲᠣᠷ᠎ᠠ ᠪᠠᠭ᠎ᠠ ᠪᠤᠰᠤ ᠷᠠᠰᠢᠶᠠᠨ  ᠤ ᠦᠵᠡᠮᠵᠢ ᠪᠠᠶᠢᠵᠤ᠂ ᠮᠠᠰᠢ ᠣᠯᠠᠨ ᠬᠢᠯᠢ ᠬᠢᠵᠠᠭᠠᠷ ᠤᠨ ᠪᠠᠶᠢᠯᠳᠤᠭᠴᠢ ᠶᠢᠨ ᠠᠮᠢᠳᠤᠷᠠᠯ ᠢ ᠶᠠᠷᠢᠵᠤ᠂ ᠪᠢ ᠪᠠᠰᠠ ᠨᠢᠭᠡ ᠴᠡᠷᠢᠭ ᠠᠴᠠ ᠬᠠᠯᠠᠭᠳᠠᠭᠰᠠᠨ ᠬᠥᠮᠦᠨ᠂ ᠺᠢᠨᠣ᠋ ᠦᠵᠡᠭᠡᠳ᠂ ᠲᠥᠷᠥᠭᠳᠡᠯ ᠲᠤᠩ ᠭᠦᠨ᠂ ᠪᠠᠶᠢᠯᠳᠤᠭᠴᠢ ᠶᠢᠨ ᠠᠮᠢᠳᠤᠷᠠᠯ ᠨᠢ ᠨᠠᠳᠠ ᠶᠢ ᠲᠤᠬᠠᠢ ᠶᠢᠨ ᠵᠢᠯ ᠢ ᠪᠣᠳᠣᠭᠳᠠᠭᠤᠯᠵᠠᠢ᠂ ᠨᠠᠮ᠂ ᠤᠯᠤᠰ ᠳᠤ ᠲᠠᠯᠠᠷᠬᠠᠵᠤ᠂ ᠪᠢᠳᠡᠨ ᠳᠤ ᠡᠶᠢᠮᠦ ᠰᠠᠶᠢᠨ ᠠᠮᠢᠳᠤᠷᠠᠯ ᠥᠭᠴᠡᠢ︾ ᠭᠡᠵᠦ ᠰᠠᠭᠤᠭᠠᠯᠢ ᠠᠷᠠᠳ ᠯᠢᠦ ᠹᠦ᠋ ᠴᠧᠩ ᠰᠡᠳᠬᠢᠯ ᠳᠣᠭᠳᠣᠯᠤᠨ ᠬᠡᠯᠡᠪᠡ᠃    ᠨᠢᠭᠡ ᠬᠡᠰᠡᠭ ᠬᠥᠰᠢᠭᠡ᠂ ᠨᠢᠭᠡ ᠲᠤᠰᠬᠠᠯᠳᠠ ᠶᠢᠨ ᠮᠠᠰᠢᠨ ᠨᠢ ᠡᠩ ᠤᠨ ᠦᠶ᠎ᠡ ᠳᠤ ᠶᠠᠭᠠᠷᠠᠯᠳᠤᠵᠤ ᠪᠠᠶᠢᠭᠰᠠᠨ ᠠᠶᠢᠯ ᠬᠥᠷᠰᠢ ᠳᠤ ᠴᠤᠭᠷᠠᠯᠠᠬᠤ ᠠᠵᠠ ᠲᠣᠬᠢᠶᠠᠯ ᠣᠯᠭᠤᠭᠰᠠᠨ ᠢᠶᠠᠷ ᠪᠠᠷᠠᠬᠤ ᠦᠭᠡᠢ᠂ ᠨᠡᠩ ᠴᠤ ᠬᠢᠯᠢ ᠶᠢᠨ ᠬᠠᠷᠠᠭᠤᠯ ᠤᠨ ᠭᠠᠵᠠᠷ ᠤᠨ ᠳᠠᠷᠤᠭ᠎ᠠ ᠪᠠᠶᠢᠯᠳᠤᠭᠴᠢᠳ ᠤᠨ ᠦᠬᠦᠵᠦ ᠰᠡᠬᠡᠬᠦ ᠶᠢᠨ ᠬᠠᠶᠢᠷ᠎ᠠ ᠰᠡᠳᠬᠢᠯᠭᠡ ᠪᠣᠯᠤᠨ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠤᠯᠠᠨ ᠲᠦᠮᠡᠨ ᠤ ᠡᠮᠦᠨ᠎ᠡ ᠢᠯᠡᠷᠡᠭᠦᠯᠵᠦ᠂ ᠪᠦᠬᠦ ᠠᠷᠠᠳ ᠤᠨ ᠤᠯᠤᠰ  ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃    ︽ᠬᠢᠩᠭᠠᠨ ᠠᠶᠢᠮᠠᠭ ᠤᠨ ᠣᠷᠣᠨ ᠪᠦᠰᠡ ᠶᠢᠨ ᠳᠦᠷᠢ ᠲᠥᠷᠬᠦ ᠶᠢ ᠨᠠᠩ ᠰᠠᠶᠢᠲᠤᠷ ᠱᠤᠭᠤᠵᠤ᠂ ᠪᠥᠬᠦ ᠠᠶᠢᠮᠠᠭ ᠤᠨ ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ ᠡᠬᠢᠨ ᠠᠴᠠ 8 ᠰᠠᠷ᠎ᠠ ᠶᠢᠨ ᠰᠡᠭᠦᠯᠴᠢ ᠪᠣᠯᠲᠠᠯ᠎ᠠ ᠪᠢᠳᠡ ᠠᠭᠤᠳᠠᠮ ᠲᠠᠯᠠᠪᠠᠶ᠂ ᠰᠢᠶᠠᠩ ᠪᠠᠯᠭᠠᠰᠤᠨ ᠳᠤ ᠭᠦᠨᠵᠡᠭᠡᠶᠢᠷᠡᠨ ᠦᠷᠭᠦᠯᠵᠢᠯᠡᠨ ᠺᠢᠨᠣ᠋ ᠲᠠᠯᠪᠢᠵᠤ᠂  ︽ᠰᠠᠬᠢᠨ ᠪᠡᠷᠡᠯᠡᠵᠦ ᠬᠠᠷᠢᠯᠴᠠᠨ ᠮᠥᠷᠥᠭᠡᠳᠦᠭᠰᠡᠨ ᠮᠣᠳᠣ︾ ᠶᠢ ᠲᠠᠯᠪᠢᠬᠤ ᠬᠠᠯᠠᠮᠰᠢᠯ ᠢ ᠨᠡᠮᠡᠭᠳᠡᠭᠦᠯᠵᠦ᠂ ᠺᠢᠨᠣ᠋ ᠶᠢᠨ ᠤᠬᠠᠭᠤᠯᠭ᠎ᠠ ᠬᠥᠮᠦᠵᠢᠯ ᠤᠨ ᠦᠶᠯᠡᠳᠦᠯ ᠢ ᠭᠦᠶᠴᠡᠳ ᠪᠠᠳᠠᠷᠠᠭᠤᠯᠤᠨ᠎ᠠ︾ ᠭᠡᠵᠦ ᠲᠦᠴᠢᠦᠸᠠᠨ ᠤ ᠺᠢᠨᠣ᠋ ᠶᠢᠨ ᠠᠩᠭᠢ ᠶᠢᠨ ᠲᠣᠭᠯᠠᠭᠴᠢ ᠯᠢ ᠸᠧᠨ ᠮᠢᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号