ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ ᠤ ᠠᠯᠪᠠᠨ ᠭᠡᠷ ᠤᠨ ︽ᠲᠦᠴᠢᠦᠸᠠᠨ ᠰᠢᠶᠠᠨ ᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/7/11
ᠵᠠᠰᠠᠭ ᠠᠯᠪᠠᠨ ᠲᠠᠷᠬᠠᠭᠠᠭᠰᠠᠨ 〔2023〕 57 ᠳ᠋ᠤᠭᠠᠷ ᠲᠣᠭᠠᠲᠤ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ ᠤ ᠠᠯᠪᠠᠨ ᠭᠡᠷ ᠤᠨ ︽ᠲᠦᠴᠢᠦᠸᠠᠨ ᠰᠢᠶᠠᠨ ᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ᠄    ᠡᠳᠦᠭᠡ ︽ᠲᠦᠴᠢᠦᠸᠠᠨ ᠰᠢᠶᠠᠨ ᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠥᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃                                            2023 ᠤᠨ 7 ᠰᠠᠷ᠎ᠠ ᠶᠢᠨ 10 ᠤ ᠡᠳᠦᠷ ᠲᠦᠴᠢᠦᠸᠠᠨ ᠰᠢᠶᠠᠨ ᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠥᠮᠦᠰ ᠤᠨ ᠣᠷᠣᠰᠢᠨ ᠰᠠᠭᠤᠬᠤ ᠣᠷᠴᠢᠨ ᠵᠠᠭᠤᠨ ᠡᠳᠦᠷ ᠤᠨ ᠪᠡᠷᠬᠡ ᠰᠡᠳᠦᠪ ᠢ ᠰᠢᠶᠳᠪᠦᠷᠢᠯᠡᠬᠦ ᠠᠵᠢᠯᠯᠠᠭ᠎ᠠ ᠶᠢᠨ ᠲᠥᠰᠦᠯ     ᠪᠥᠬᠦ ᠰᠢᠶᠠᠨ ᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠣᠷᠴᠢᠨ ᠲᠣᠭᠤᠷᠢᠨ ᠤ ︽ᠪᠤᠵᠠᠷ᠂ ᠰᠠᠮᠠᠭᠤᠨ᠂ ᠪᠠᠷᠤᠭᠲᠠᠶ︾ ᠵᠡᠷᠭᠡ ᠲᠣᠪᠤᠶᠢᠮ᠎ᠠ ᠠᠰᠠᠭᠤᠳᠠᠯ ᠢ ᠦᠨᠡᠨᠬᠦ ᠴᠡᠭᠴᠡᠯᠡᠨ ᠵᠠᠰᠠᠬᠤ ᠶᠢᠨ ᠲᠤᠰᠠᠳᠠ᠂ ︽ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠠᠭᠤᠨ ᠡᠳᠦᠷ ᠤᠨ ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ︾ ︵ᠰᠢᠩ ᠵᠠᠬᠢᠷᠭ᠎ᠠ ᠠᠯᠪᠠᠨ ᠲᠠᠷᠬᠠᠭᠠᠭᠰᠠᠨ ﹇2023﹈ 30 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃ ᠨᠢᠭᠡ᠂ ᠡᠭᠦᠷᠭᠡ ᠬᠠᠷᠠᠯᠲᠠ    7 ᠰᠠᠷ᠎ᠠ ᠶᠢᠨ 1 ᠤ ᠡᠳᠦᠷ ᠠᠴᠠ ᠡᠬᠢᠯᠡᠨ᠂ 100 ᠡᠳᠦᠷ ᠤᠨ ᠴᠠᠭ ᠢ ᠠᠰᠢᠭᠯᠠᠵᠤ᠂ ᠪᠦᠬᠦ ᠰᠢᠶᠠᠨ ᠤ ᠲᠦᠴᠢᠦᠸᠠᠨ ᠪᠠᠯᠭᠠᠰᠤ ᠠᠴᠠ ᠪᠤᠰᠤᠳ 8 ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠲᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠵᠦ᠂ ︽ᠲᠥᠪᠯᠡᠷᠡᠭᠦᠯᠦᠨ ᠴᠡᠭᠴᠡᠯᠡᠨ ᠵᠠᠰᠠᠬᠤ᠂ ᠵᠢᠷᠤᠮᠵᠢᠭᠤᠯᠤᠨ ᠬᠥᠲᠥᠯᠦᠨ ᠵᠢᠯᠣᠭᠤᠳᠬᠤ᠂ ᠲᠦᠷᠢᠮ ᠲᠣᠭᠲᠠᠭᠠᠯ ᠲᠣᠭᠲᠠᠭᠠᠬᠤ᠂ ᠪᠠᠶᠢᠩᠭᠤ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ︾ ᠠᠵᠢᠯ ᠤᠨ ᠰᠡᠳᠬᠢᠮᠵᠢ ᠶᠣᠰᠣᠭᠠᠷ᠂ ᠪᠣᠳᠠᠲᠠᠶ ᠳᠤ ᠰᠠᠭᠤᠷᠢᠯᠠᠨ᠂ ᠪᠥᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠣᠷᠣᠰᠢᠵᠤ ᠪᠠᠶᠢᠭ᠎ᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠵᠠᠰᠠᠵᠤ᠂ ᠣᠷᠴᠢᠨ ᠲᠣᠭᠤᠷᠢᠨ ᠴᠡᠪᠡᠷ ᠲᠡᠭᠰᠢ᠂ ᠬᠠᠮᠢᠶᠠᠷᠤᠯᠲᠠ ᠡᠮᠬᠢ ᠵᠢᠷᠤᠮ ᠲᠠᠢ᠂ ᠡᠶ᠎ᠡ ᠵᠣᠬᠢᠴᠠᠯ ᠲᠠᠢ ᠭᠤᠶᠢᠳᠠ ᠰᠠᠶᠢᠬᠠᠨ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠬᠤᠶᠠᠷ᠂ ᠠᠵᠢᠯ ᠤᠨ  ᠵᠠᠷᠴᠢᠮ ︵ᠨᠢᠭᠡ︶ ᠰᠢᠶᠠᠨ ᠤ ᠱᠠᠲᠤᠨ ᠠᠴᠠ ᠨᠢᠭᠡᠳᠦᠯᠲᠡᠶ ᠲᠥᠯᠥᠪᠯᠡᠵᠦ᠂ ᠰᠢᠶᠠᠩ ᠪᠠᠯᠭᠠᠰᠤ ᠬᠠᠷᠢᠭᠤᠴᠠᠨ᠎ᠠ᠃ ᠰᠢᠶᠠᠨ ᠤ ᠵᠠᠰᠠᠭ ᠤᠨ ᠣᠷᠳᠣᠨ ᠠᠴᠠ ᠪᠦᠬᠦ ᠰᠢᠶᠠᠨ ᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠪᠠ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ︔ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠭᠤᠥᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠣᠰ ᠭᠠᠵᠠᠷ ᠣᠷᠣᠨ ᠤ ᠵᠠᠭᠤᠨ ᠡᠳᠦᠷ ᠤᠨ ᠰᠢᠪᠲᠤᠯᠤᠯᠲᠠ ᠶᠢᠨ ᠠᠵᠢᠯᠯᠠᠭ᠎ᠠ ᠶᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ︵ᠬᠤᠶᠠᠷ︶ ᠵᠠᠰᠠᠭ ᠤᠨ ᠣᠷᠳᠣᠨ ᠢᠶᠠᠷ ᠭᠤᠥᠯᠯᠠᠭᠤᠯᠵᠤ᠂ ᠪᠥᠬᠦ ᠠᠷᠠᠳ ᠢᠶᠠᠷ ᠢᠶᠠᠨ ᠣᠷᠣᠯᠴᠠᠨ᠎ᠠ᠃ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠵᠠᠭᠤᠨ ᠡᠳᠦᠷ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠬᠠᠮᠢᠶ᠎ᠠ ᠪᠥᠬᠦᠶ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠷᠦᠭᠦᠯᠡᠨ ᠰᠠᠶᠢᠲᠤᠷ ᠠᠳᠬᠤᠬᠤ ᠶᠢᠨ ᠬᠠᠮᠲᠤ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠥᠷᠭᠡᠨ ᠣᠯᠠᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠰᠠᠨᠠᠭᠠᠴᠢᠯᠠᠭ᠎ᠠ   ᠠᠴᠠ ᠪᠠᠨ ᠣᠷᠣᠯᠴᠠᠭᠤᠯᠵᠤ᠂ ᠪᠥᠬᠦ ᠨᠡᠶᠢᠭᠡᠮ ᠢᠶᠠᠷ ᠢᠶᠠᠨ ᠬᠡᠷᠡᠭᠵᠢᠭᠦᠯᠬᠦ ᠶᠢ ᠬᠠᠮᠲᠤᠪᠠᠷ ᠳᠥᠯᠭᠢᠨ ᠠᠬᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ︵ᠭᠤᠷᠪᠠ︶ ᠦᠨᠡᠨ ᠬᠡᠷᠡᠭ ᠠᠴᠠ ᠵᠥᠪ ᠢ ᠡᠷᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠬᠡᠷᠡᠭᠲᠡᠶ᠃ ᠲᠣᠰ ᠭᠠᠵᠠᠷ ᠣᠷᠣᠨ ᠤ ᠪᠣᠳᠠᠲᠤ ᠨᠥᠬᠦᠴᠡᠯ ᠲᠠᠢ ᠪᠠᠨ ᠤᠶᠠᠯᠳᠤᠭᠤᠯᠤᠨ᠂ ᠣᠷᠴᠢᠨ ᠲᠣᠭᠤᠷᠢᠨ ᠴᠡᠪᠡᠷ ᠲᠡᠭᠰᠢ᠂ ᠬᠠᠮᠢᠶᠠᠷᠤᠯᠲᠠ ᠡᠮᠬᠢ ᠵᠢᠷᠤᠮ ᠲᠠᠢ᠂ ᠡᠶ᠎ᠡ ᠵᠣᠬᠢᠴᠠᠯ ᠲᠠᠢ ᠭᠤᠶᠢᠳᠠ ᠰᠠᠶᠢᠬᠠᠨ ᠪᠠᠶᠢᠬᠤ ᠪᠠᠷ ᠬᠠᠷᠠᠯᠲᠠ ᠪᠣᠯᠭᠠᠵᠤ᠂ ᠡᠯ᠎ᠡ ᠵᠦᠶᠯ ᠤᠨ ᠴᠡᠭᠴᠡᠯᠡᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠥᠷᠨᠢᠭᠦᠯᠵᠦ᠂ ᠬᠡᠯᠪᠡᠷᠢ ᠶᠢᠨ ᠦᠵᠡᠯ᠂ ᠳᠦᠷᠢ ᠲᠥᠷᠬᠦ ᠶᠢᠨ ᠢᠨᠵᠧᠨᠧᠷᠢᠩ ᠢ ᠡᠷᠡᠰ ᠬᠤᠷᠢᠭᠯᠠᠬᠤ ᠬᠡᠷᠡᠭᠲᠡᠶ᠃ ︵ᠳᠥᠷᠪᠡ︶ ᠲᠥᠪᠯᠡᠷᠡᠭᠦᠯᠦᠨ ᠪᠣᠭᠤᠮᠲᠠ ᠰᠢᠪᠲᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠵᠠᠰᠠᠯᠲᠠ ᠬᠢᠨ᠎ᠠ᠃ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠥᠷᠨᠢᠭᠦᠯᠬᠦ ᠶᠢᠨ ᠬᠠᠮᠲᠤ᠂ ᠡᠯ᠎ᠡ ᠵᠦᠢᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠲᠤᠪᠠᠷ ᠪᠠᠶᠢᠭᠤᠯᠬᠤ᠂ ᠬᠠᠮᠲᠤᠪᠠᠷ ᠬᠠᠮᠢᠶᠠᠷᠬᠤ᠂ ᠬᠠᠮᠲᠤᠪᠠᠷ ᠡᠳ᠋ᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠭᠤᠷᠪᠠ᠂ ᠴᠡᠭᠴᠡᠯᠡᠨ ᠵᠠᠰᠠᠬᠤ ᠠᠭᠤᠯᠭ᠎ᠠ ︵ᠨᠢᠭᠡ︶ ᠣᠷᠴᠢᠨ ᠲᠣᠭᠤᠷᠢᠨ ᠨᠢ ᠴᠡᠪᠡᠷ ᠲᠡᠭᠰᠢ ᠪᠠᠶᠢᠬᠤ᠃ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠡᠪᠴᠢᠶᠡᠨ ᠳᠠᠬᠢ ᠡᠯ᠎ᠡ ᠵᠦᠢᠯ ᠤᠨ ᠬᠤᠭ ᠨᠣᠪᠰᠢ ᠬᠠᠶᠠᠭᠳᠠᠮᠠᠯ ᠪᠣᠳᠠᠰ ᠢ ᠪᠦᠬᠦ ᠲᠠᠯ᠎ᠠ ᠪᠠᠷ ᠶᠡᠭᠡ ᠵᠡᠭᠡᠯᠢ ᠪᠠᠭ᠎ᠠ ᠭᠤᠳᠤᠮᠵᠢ ᠶᠢ ᠴᠠᠭ ᠲᠤᠬᠠᠢ ᠳᠤᠨᠢ ᠴᠡᠪᠡᠷᠯᠡᠵᠦ᠂ ᠵᠠᠮ ᠤᠨ ᠭᠠᠳᠠᠷᠭᠤ ᠶᠢ ᠴᠡᠪᠡᠷ ᠪᠠᠶᠢᠯᠭᠠᠵᠤ᠂ ᠰᠣᠬᠤᠷ ᠪᠠᠯᠠᠢ ᠭᠠᠵᠠᠷ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ᠃ ᠬᠤᠭ ᠨᠣᠪᠰᠢ ᠶᠢᠨ ᠬᠠᠶᠢᠷᠴᠠᠭ ᠵᠢᠴᠢ ᠬᠤᠭ ᠨᠣᠪᠰᠢ ᠶᠢ ᠬᠤᠷᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠴᠢᠬ ᠢ ᠵᠦᠶ ᠵᠣᠬᠢᠰᠲᠠᠶ ᠪᠠᠶᠢᠷᠢᠯᠠᠭᠤᠯᠵᠤ᠂ ᠡᠯ᠎ᠡ ᠲᠥᠷᠥᠯ ᠤᠨ ᠠᠮᠢᠳᠤᠷᠠᠯ᠂ ᠪᠠᠷᠢᠯᠭ᠎ᠠ ᠶᠢᠨ ᠬᠤᠭ ᠨᠣᠪᠰᠢ ᠶᠢ ᠴᠠᠭ ᠲᠤᠬᠠᠶ  ᠳᠤᠨᠢ ᠲᠣᠬᠢᠲᠠᠶ ᠰᠢᠶᠳᠪᠦᠷᠢᠯᠡᠬᠦ ᠬᠡᠷᠡᠭᠲᠡᠶ᠃ ᠭᠤᠤ ᠰᠤᠪᠠᠭ ᠭᠤᠣᠯ ᠤᠨ ᠵᠠᠮ ᠢ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠵᠦ᠂ ᠠᠮᠢᠳᠤᠷᠠᠯ ᠤᠨ ᠪᠣᠬᠢᠷ ᠤᠰᠤ ᠶᠢ ᠳᠤᠷ᠎ᠠ ᠪᠠᠷ ᠢᠶᠠᠨ ᠭᠠᠳᠠᠭᠰᠢᠯᠠᠭᠤᠯᠵᠤ ᠳᠤᠷ᠎ᠠ ᠪᠠᠷ ᠢᠶᠠᠨ ᠲᠠᠯᠪᠢᠬᠤ ᠶᠢ ᠪᠦᠲᠦᠮᠵᠢᠲᠡᠶ ᠵᠠᠰᠠᠬᠤ ᠬᠡᠷᠡᠭᠲᠡᠶ᠃ ᠨᠡᠶᠢᠲᠡ ᠶᠢᠨ ᠵᠣᠷᠯᠣᠩ ᠢ ᠵᠣᠬᠢᠰᠲᠠᠶ ᠲᠣᠬᠢᠷᠠᠭᠤᠯᠵᠤ᠂ ᠠᠷᠢᠭᠤᠨ ᠴᠡᠪᠡᠷ ᠪᠠᠶᠢᠬᠤ ᠶᠢ ᠪᠠᠲᠤᠯᠠᠨ᠎ᠠ᠃ ︵ᠬᠤᠶᠠᠷ︶ ᠬᠠᠮᠢᠶᠠᠷᠤᠯᠲᠠ ᠶᠢᠨ ᠵᠢᠷᠤᠮᠵᠢᠯ᠃ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ᠂ ᠴᠤᠭᠯᠠᠭ᠎ᠠ ᠮᠠᠶᠢᠮᠠᠶ ᠶᠢ ᠳᠤᠷ᠎ᠠ ᠪᠠᠷ ᠢᠶᠠᠨ ᠳᠡᠯᠭᠡᠵᠦ ᠳᠤᠷ᠎ᠠ ᠪᠠᠷ ᠢᠶᠠᠨ ᠲᠠᠯᠪᠢᠬᠤ ᠶᠢ ᠴᠢᠩᠭ᠎ᠠ ᠵᠠᠰᠠᠨ᠎ᠠ᠃ ᠡᠪᠳᠡᠷᠬᠡᠶ ᠬᠠᠭᠤᠴᠢᠨ ᠫᠠᠶᠢᠰᠠ ᠢᠯᠡᠷᠬᠡᠶᠢᠯᠡᠯ᠂ ᠲᠦᠷᠢᠮ ᠠᠴᠠ ᠵᠥᠷᠢᠴᠡᠭᠰᠡᠨ ᠪᠠᠷᠢᠯᠭ᠎ᠠ᠂ ᠡᠮᠬᠢ ᠵᠠᠮᠪᠠᠷᠠᠭ᠎ᠠ ᠥᠬᠡᠶ ᠵᠠᠮ ᠱᠤᠭᠤᠮ᠂ ᠡᠪᠳᠡᠷᠬᠡᠶ ᠬᠡᠷᠡᠮ ᠵᠡᠷᠭᠡ ᠶᠢ ᠴᠠᠭ ᠲᠤᠬᠠᠶ ᠳᠤᠨᠢ ᠴᠡᠪᠡᠷᠯᠡᠬᠦ ᠬᠡᠷᠡᠭᠲᠡᠶ᠃ ᠲᠡᠷᠭᠡ ᠵᠣᠭᠰᠣᠭᠠᠬᠤ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠡᠷᠭᠡ ᠵᠣᠭᠰᠣᠭᠠᠬᠤ ᠣᠷᠣᠨ ᠪᠠᠶᠢᠷᠢ ᠶᠢ ᠨᠡᠮᠡᠨ ᠪᠠᠶᠢᠭᠤᠯᠵᠤ᠂ ᠵᠡᠭᠡᠯᠢ ᠳᠠᠭᠠᠤ ᠲᠡᠷᠭᠡ ᠬᠥᠰᠬᠡ ᠵᠣᠭᠰᠣᠭᠠᠬᠤ ᠶᠢ ᠪᠦᠲᠦᠮᠵᠢᠲᠡᠶ ᠪᠠᠷ ᠵᠢᠷᠤᠮᠵᠢᠭᠤᠯᠤᠨ᠎ᠠ᠃ ︽ᠡᠭᠦᠳᠡᠨ ᠡᠮᠦᠨᠡᠬᠢ ᠲᠠᠪᠤᠨ ᠳᠠᠭᠠᠭᠠᠴᠢᠯᠠᠯᠲᠠ︾ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠪᠠᠯᠭᠠᠰᠤ ᠲᠣᠭᠤᠷᠢᠭ ᠵᠡᠭᠡᠯᠢ ᠭᠤᠳᠤᠮᠵᠢ ᠶᠢᠨ ︽ᠵᠠᠮ ᠤᠨ ᠳᠠᠷᠤᠭ᠎ᠠ ᠶᠢᠨ ᠲᠦᠷᠢᠮ︾ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠵᠡᠭᠡᠯᠢ ᠭᠤᠳᠤᠮᠵᠢ᠂ ᠣᠷᠣᠨ ᠪᠦᠰᠡ ᠬᠤᠪᠢᠶᠠᠨ ᠬᠥᠮᠦᠨ ᠪᠠ ᠠᠵᠢᠯ ᠤᠨ ᠪᠠᠶᠢᠷᠢ ᠶᠢ ᠲᠣᠭᠲᠠᠭᠠᠵᠤ᠂ ᠬᠠᠷᠢᠭᠤᠴᠠᠯᠭ᠎ᠠ ᠨᠢ ᠲᠣᠳᠣᠷᠬᠠᠶ᠂ ᠵᠣᠬᠢᠴᠠᠩᠭᠤᠶ ᠪᠥᠭᠡᠳ ᠡᠮᠬᠢ ᠵᠢᠷᠤᠮ ᠲᠠᠢ᠂ ᠬᠢᠨᠠᠯᠲᠠ ᠬᠠᠮᠢᠶᠠᠷᠤᠯᠲᠠ ᠨᠢ ᠬᠦᠴᠦᠲᠡᠶ ᠵᠡᠭᠡᠯᠢ ᠲᠣᠭᠤᠷᠢᠭ ᠤᠨ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ︵ᠭᠤᠷᠪᠠ︶ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠨᠣᠭᠤᠭᠠᠷᠠᠭᠤᠯᠬᠤ᠂ ᠭᠤᠶᠤᠵᠢᠭᠤᠯᠬᠤ᠂ ᠭᠡᠷᠡᠯᠲᠦᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠲᠥᠪ ᠵᠡᠭᠡᠯᠢ ᠲᠣᠭᠤᠷᠢᠭ ᠤᠨ ᠬᠤᠶᠠᠷ ᠬᠠᠵᠠᠭᠤ᠂ ᠭᠤᠥᠯ ᠵᠠᠮ ᠳᠠᠭᠠᠸ᠂ ᠰᠤᠯᠠ ᠪᠠᠶᠢᠬᠤ ᠭᠠᠵᠠᠷ ᠰᠢᠷᠣᠶ ᠪᠠᠷ ᠭᠤᠥᠯᠳᠠᠯᠭ᠎ᠠ ᠪᠣᠯᠭᠠᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠥᠷᠨᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠭᠤᠶᠤᠵᠢᠭᠤᠯᠤᠨ᠎ᠠ᠃ ᠲᠥᠪ ᠲᠠᠯᠠᠪᠠᠢ᠂ ᠦᠵᠡᠮᠵᠢ ᠶᠢᠨ ᠱᠤᠭ ᠵᠦᠴᠦᠭᠡ ᠵᠡᠷᠭᠡ ᠲᠥᠬᠦᠭᠡᠷᠦᠮᠵᠢ ᠶᠢ ᠬᠠᠮᠠᠭᠠᠯᠠᠨ ᠲᠡᠭᠦᠯᠳᠡᠷᠵᠢᠭᠦᠯᠦᠨ᠎ᠡ᠃ ᠳᠥᠷᠪᠡ᠂ ᠠᠵᠢᠯ ᠤᠨ ᠠᠯᠬᠤᠮ ᠳᠠᠷᠠᠭ᠎ᠠ ︵ᠨᠢᠭᠡ︶ ᠲᠥᠪᠯᠡᠷᠡᠭᠦᠯᠦᠨ ᠴᠡᠭᠴᠡᠯᠡᠨ ᠵᠠᠰᠠᠬᠤ ᠱᠠᠳᠤ ᠦᠶ᠎ᠡ ︵7 ᠲᠤᠭᠠᠷ ᠰᠠᠷ᠎ᠠ ᠶᠢᠨ 1 ᠤ ᠡᠳᠦᠷ ᠠᠴᠠ 7 ᠲᠤᠭᠠᠷ ᠰᠠᠷ᠎ᠠ ᠶᠢᠨ 31 ᠤ ᠡᠳᠦᠷ ᠬᠦᠷᠲᠡᠯ᠎ᠡ︶   ᠡᠯ᠎ᠡ ᠰᠢᠶᠠᠩ ᠪᠠᠯᠭᠠᠰᠤ ᠲᠠᠶᠢᠴᠢᠯᠠᠨ ᠪᠠᠶᠢᠷᠢᠯᠠᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠭᠦᠢᠴᠡᠳ ᠲᠠᠶᠢᠴᠢᠯᠠᠵᠦ᠂ ᠴᠠᠭ ᠬᠤᠭᠤᠴᠠᠭ᠎ᠠ ᠪᠠ ᠬᠦᠴᠦᠨ ᠢᠶᠠᠨ ᠲᠥᠪᠯᠡᠷᠡᠭᠦᠯᠵᠦ᠂ ᠤᠯᠠᠨ ᠶᠠᠩᠵᠤ ᠶᠢᠨ ᠬᠡᠯᠪᠡᠷᠢ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠳᠲᠡᠷ ᠲᠦᠷᠭᠡᠨ ᠥᠷᠨᠢᠭᠦᠯᠵᠦ᠂ ᠣᠷᠴᠢᠨ ᠲᠣᠭᠤᠷᠢᠨ ᠤ ︽ᠪᠣᠬᠢᠷᠲᠤᠯ᠂ ᠰᠠᠮᠠᠭᠤᠷᠠᠯ᠂ ᠠᠨᠠᠢ︾ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠢ᠃ ︵ᠬᠤᠶᠠᠷ︶ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠦᠶ᠎ᠡ ︵8 ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ︶   ᠡᠯ᠎ᠡ ᠰᠢᠶᠠᠩ ᠪᠠᠯᠭᠠᠰᠤ ᠲᠤᠰᠬᠠᠶ ᠵᠦᠶᠯ ᠤᠨ ᠠᠵᠢᠯᠯᠠᠭ᠎ᠠ ᠶᠢᠨ ᠬᠠᠷᠠᠯᠲᠠᠲᠤ ᠡᠭᠦᠷᠭᠡ ᠪᠠ ᠡᠮᠦᠨᠡᠬᠢ ᠬᠤᠭᠤᠴᠠᠭᠠᠨ ᠤ ᠥᠷᠨᠢᠭᠦᠯᠦᠭᠰᠡᠨ ᠪᠠᠶᠢᠳᠠᠯ ᠢᠶᠠᠨ ᠦᠨᠳᠦᠰᠦᠯᠡᠨ ᠥᠪᠡᠷ ᠤᠨ ᠪᠠᠶᠢᠴᠠᠭᠠᠯᠲᠠ ᠬᠢᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠶ ᠵᠦᠶᠯ ᠳᠤ ᠴᠢᠭᠯᠡᠭᠦᠯᠦᠨ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠲᠤᠰᠬᠠᠶ ᠵᠦᠶᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠶ᠃ ︵ᠭᠤᠷᠪᠠ︶ ᠪᠠᠶᠢᠩᠭᠤ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠱᠠᠲᠤ ᠦᠶ᠎ᠡ ︵ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ︶   ᠡᠯ᠎ᠡ ᠰᠢᠶᠠᠩ ᠪᠠᠯᠭᠠᠰᠤ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠵᠦ᠂ ᠬᠠᠮᠢᠶ᠎ᠠ ᠪᠥᠬᠦᠶ ᠲᠦᠷᠢᠮ ᠲᠣᠭᠲᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠵᠤ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠳᠦᠷᠢᠮᠵᠢᠭᠦᠯᠬᠦ᠂ ᠪᠠᠶᠢᠩᠭᠤᠵᠢᠭᠤᠯᠬᠤ᠂ ᠣᠷᠳᠣ ᠬᠤᠭᠤᠴᠠᠭᠠᠨ ᠤ ᠪᠦᠲᠦᠮᠵᠢᠲᠡᠶ ᠪᠣᠯᠭᠠᠬᠤ ᠶᠢ ᠳᠥᠯᠭᠢᠨ ᠠᠬᠢᠭᠤᠯᠬᠤ ᠬᠡᠷᠡᠭᠲᠡᠶ᠃ ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠰᠢᠶᠠᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠰᠢᠶᠠᠨ ᠤ ᠳᠠᠷᠤᠭ᠎ᠠ ᠲᠦᠷᠦᠭᠦᠯᠡᠨ ᠬᠠᠷᠢᠭᠤᠴᠠᠵᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠵᠣᠬᠢᠴᠠᠭᠤᠯᠤᠨ ᠬᠠᠮᠵᠢᠯᠴᠠᠵᠤ᠂ ᠵᠠᠭᠤᠨ ᠡᠳᠦᠷ ᠤᠨ ᠪᠡᠷᠬᠡ ᠰᠡᠳᠦᠪ ᠢ ᠰᠢᠶᠳᠪᠦᠷᠢᠯᠡᠬᠦ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠥᠷᠨᠢᠯᠲᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠭᠠᠷᠠᠭ ᠢᠶᠠᠷ ᠲᠣᠬᠢᠷᠠᠭᠤᠯᠬᠤ᠂ ᠰᠠᠷ᠎ᠠ ᠪᠠᠷ ᠮᠡᠳᠡᠭᠦᠯᠬᠦ ᠲᠦᠷᠢᠮ ᠢ ᠬᠡᠷᠡᠭᠵᠢᠭᠦᠯᠵᠦ᠂ ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡ ᠲᠤᠰ ᠰᠢᠶᠠᠩ ᠪᠠᠯᠭᠠᠰᠤᠨ ᠤ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ ᠢᠶᠠᠨ ᠰᠢᠶᠠᠨ ᠤ ᠲᠤᠰᠬᠠᠶ ᠠᠵᠢᠯ ᠤᠨ ᠰᠢᠪᠠᠳᠠᠨ ᠵᠢᠯᠣᠭᠤᠳᠬᠤ ᠳᠤᠭᠤᠶᠢᠯᠠᠩ ᠳᠤ ᠮᠡᠳᠡᠭᠦᠯᠵᠦ᠂ ᠰᠢᠪᠠᠳᠠᠨ ᠵᠢᠯᠣᠭᠤᠳᠬᠤ ᠳᠤᠭᠤᠶᠢᠯᠠᠩ ᠤᠨ ᠠᠯᠪᠠᠨ ᠭᠡᠷ ᠢ ᠰᠢᠶᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠳᠡᠳ᠋ ᠲᠣᠪᠴᠢᠶᠠᠨ ᠳᠠᠷᠤᠭ᠎ᠠ  ᠱᠤ᠋ ᠵᠢᠶᠠᠨ ᠨᠥᠬᠦᠷ ᠬᠠᠪᠰᠤᠷᠭᠠᠨ ᠬᠠᠷᠢᠭᠤᠴᠠᠨ᠎ᠠ᠃ ︵ᠬᠤᠶᠠᠷ︶ ᠠᠵᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠯ᠎ᠡ ᠰᠢᠶᠠᠩ ᠪᠠᠯᠭᠠᠰᠤ ᠨᠢ ᠵᠣᠬᠢᠬᠤ ᠠᠵᠢᠯᠲᠠᠨ᠂ ᠲᠥᠬᠦᠭᠡᠷᠦᠮᠵᠢ᠂ ᠪᠠᠯᠠ ᠮᠥᠩᠭᠦ ᠶᠢᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠶᠠᠩ ᠪᠠᠯᠭᠠᠰᠤ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠬᠠᠮᠢᠶᠠᠷᠴᠤ ᠬᠠᠮᠠᠭᠠᠯᠠᠬᠤ ᠡᠩᠨᠡᠭᠡ ᠲᠠᠢ᠂ ᠪᠡᠯᠡᠳᠬᠡᠮᠵᠢ ᠲᠥᠬᠦᠭᠡᠷᠦᠮᠵᠢ ᠲᠠᠢ᠂ ᠠᠵᠢᠯ ᠤᠨ ᠵᠠᠷᠤᠳᠠᠯ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ︵ᠭᠤᠷᠪᠠ︶ ᠶᠡᠬᠡᠪᠡᠷ ᠤᠬᠠᠭᠤᠯᠵᠤ ᠬᠥᠲᠥᠯᠦᠨ ᠵᠢᠯᠣᠭᠤᠳᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠬᠠᠮᠢᠶ᠎ᠠ ᠪᠥᠬᠦᠶ ᠲᠦᠷᠢᠮ ᠤᠨ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ᠂ ᠲᠤᠷᠰᠢᠯᠭ᠎ᠠ ᠠᠷᠭ᠎ᠠ ᠬᠢᠳᠡᠯ᠂ ᠨᠡᠶᠢᠲᠡᠯᠢᠭ ᠵᠢᠱᠢᠶ᠎ᠡ ᠵᠡᠷᠭᠡ ᠰᠢᠷᠢᠰ ᠤᠬᠠᠭᠤᠯᠭ᠎ᠠ ᠮᠡᠳᠡᠭᠡᠯᠡᠯ ᠢ ᠥᠷᠨᠢᠭᠦᠯᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠦᠨᠡᠨᠬᠦ ᠪᠣᠶ ᠪᠣᠯᠭᠠᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠵᠠᠭᠤᠨ ᠡᠳᠦᠷ ᠤᠨ ᠰᠢᠪᠲᠤᠯᠤᠯᠲᠠ ᠶᠢᠨ ᠠᠵᠢᠯᠯᠠᠭ᠎ᠠ ᠶᠢ ᠢᠳᠡᠪᠬᠢᠲᠡᠶ ᠳᠡᠮᠵᠢᠬᠦ ᠪᠠ ᠲᠡᠭᠦᠨ ᠳᠤ ᠣᠷᠣᠯᠴᠠᠭᠤᠯᠬᠤ ᠬᠡᠷᠡᠭᠲᠡᠶ᠃ ︵ᠳᠥᠷᠪᠡ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠥᠷᠨᠢᠭᠦᠯᠦᠨ᠎ᠡ᠃ ᠰᠢᠶᠠᠨ ᠤ ᠵᠠᠰᠠᠭ ᠤᠨ ᠣᠷᠳᠣᠨ  ᠨᠢ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠭᠰᠡᠨ᠂ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ᠲᠤᠰᠬᠠᠶ ᠠᠵᠢᠯ ᠤᠨ ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠪᠣᠳᠠᠲᠠᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ︽ᠬᠢᠩᠭᠠᠨ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵2022 ︱ 2025 ᠣᠨ︶︾ ︵ᠠᠯᠪᠠᠨ ᠲᠠᠷᠬᠠᠭᠠᠭᠰᠠᠨ ﹇2022﹈ 16 ᠳ᠋ᠤᠭᠠᠷ ᠲᠣᠭᠠᠲᠤ︶ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠲᠣᠰ ᠤᠳᠠᠭᠠᠨ ᠤ ᠠᠵᠢᠯᠯᠠᠭ᠎ᠠ ᠶᠢᠨ ᠴᠡᠭᠴᠡᠯᠡᠨ ᠵᠠᠰᠠᠬᠤ ᠠᠵᠢᠯ ᠤᠨ ᠠᠭᠤᠯᠭ᠎ᠠ ᠶᠣᠰᠣᠭᠠᠷ᠂ ᠰᠢᠯᠭᠠᠨ ᠬᠢᠨᠠᠬᠤ ᠪᠠᠷᠢᠮᠵᠢᠶ᠎ᠠ ᠶᠢ ᠨᠠᠷᠢᠯᠢᠬᠵᠢᠭᠤᠯᠵᠤ ᠪᠣᠯᠤᠨ᠎ᠠ᠃ ᠪᠥᠬᠦ ᠰᠢᠶᠠᠨ ᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠵᠢᠯᠣᠭᠤᠳᠬᠤ᠂ ᠰᠢᠮᠳᠠᠭᠤᠯᠤᠨ ᠪᠠᠶᠢᠴᠠᠭᠠᠬᠤ ᠵᠢᠴᠢ ᠬᠢᠨᠠᠨ ᠰᠢᠯᠭᠠᠬᠤ ᠠᠵᠢᠯ ᠢ ᠶᠠᠪᠤᠭᠳᠠᠭᠤᠯᠤᠨ᠎ᠠ᠃ ᠲᠤᠰᠬᠠᠶ ᠠᠵᠢᠯ ᠤᠨ ᠬᠢᠨᠠᠨ ᠵᠢᠯᠣᠭᠤᠳᠬᠤ ᠳᠤᠭᠤᠶᠢᠯᠠᠩ ᠨᠢ ᠡᠯ᠎ᠡ ᠰᠢᠶᠠᠩ ᠪᠠᠯᠭᠠᠰᠤ ᠶᠢᠨ ᠠᠵᠢᠯ ᠤᠨ ᠥᠷᠨᠢᠭᠦᠯᠦᠭᠰᠡᠨ ᠪᠣᠳᠠᠲᠤ ᠪᠠᠶᠢᠳᠠᠯ ᠢᠶᠠᠨ ᠦᠨᠳᠦᠰᠦᠯᠡᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠣᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号