ᠵᠠᠰᠠᠭ ᠤᠨ ᠣᠷᠳᠣᠨ ᠤ ᠲᠤᠮᠤ ᠬᠡᠷᠡᠭ ᠶᠠᠪᠤᠳᠡᠯ ᠤᠨ ᠲᠡᠮᠳᠡᠭᠯᠡᠯ ︵2023 ᠤᠨ ᠤ 5 ᠰᠠᠷ᠎ᠠ︶
ᠨᠡᠶᠢᠲᠡᠯᠡᠭᠰᠡᠨ ᠴᠠᠭ᠄
2023/7/11
  5 ᠰᠠᠷ᠎ᠠ ᠶᠢᠨ 6 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠢᠶᠠᠩ ᠲᠢᠶᠠᠨ ᠬᠤ ᠲᠦᠴᠢᠦᠸᠠᠨ ᠰᠢᠶᠠᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠭᠠᠵᠠᠷ ᠰᠢᠷᠣᠢ ᠶᠢ ᠠᠷᠪᠢᠯᠠᠨ ᠡᠷᠴᠢᠮᠵᠢᠭᠦᠯᠦᠨ ᠠᠰᠢᠭᠯᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠸᠠᠩ ᠵᠢᠶᠠ ᠵᠢᠶᠦ᠋ᠨ᠂ ᠯᠢᠦ ᡁᠢ ᠹᠧᠩ᠂ ᠯᠢ ᠬᠤᠩ ᠰᠢᠩ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃    5 ᠰᠠᠷ᠎ᠠ ᠶᠢᠨ 11 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠼᠤᠤ ᠺᠠᠢ ᠬᠤᠩ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠲᠠᠪᠤᠳᠤᠭᠠᠷ ᠰᠢᠪᠠᠳᠠᠨ ᠵᠢᠯᠤᠭᠤᠳᠬᠤ ᠳᠤᠭᠤᠶᠢᠯᠠᠩ ᠢ ᠳᠠᠭᠠᠭᠤᠯᠤᠨ ᠲᠦᠴᠢᠦᠸᠠᠨ ᠰᠢᠶᠠᠨ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠬᠤ ᠶᠡᠭᠡ ᠴᠡᠭᠴᠡᠯᠡᠨ ᠵᠠᠰᠠᠬᠤ ᠠᠵᠢᠯ ᠢ ᠰᠢᠪᠠᠳᠠᠨ ᠵᠢᠯᠤᠭᠤᠳᠴᠤ ᠪᠠᠶᠢᠴᠠᠭᠠᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠳ᠋ᠠᠢ ᠯᠢ ᠮᠢᠩ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃    5 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠷᠪᠠᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    5 ᠰᠠᠷ᠎ᠠ ᠶᠢᠨ 31 ᠤ ᠡᠳᠦᠷ᠂ ᠲᠦᠴᠢᠦᠸᠠᠨ ᠰᠢᠶᠠᠨ 22 ᠳ᠋ᠤᠭᠠᠷ ᠪᠦᠬᠦ ᠤᠯᠤᠰ ᠤᠨ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂  ︽ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠪᠠ ᠠᠶᠤᠯᠭᠦᠢ ᠪᠠᠶᠢᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠠᠳᠡᠯ ᠤᠨ ᠲᠠᠯᠳᠠ ᠭᠡᠮ ᠢ ᠠᠷᠢᠯᠭᠠᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠠᠬᠢᠭᠤᠯᠪᠠ᠃ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ᠂ ᠸᠠᠩ ᠶᠠᠨ ᠪᠥᠸᠧ ᠵᠢᠴᠢ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号