ᠵᠠᠰᠠᠭ ᠤᠨ ᠣᠷᠳᠣᠨ ᠤ ᠲᠤᠮᠤ ᠬᠡᠷᠡᠭ ᠶᠠᠪᠤᠳᠡᠯ ᠤᠨ ᠲᠡᠮᠳᠡᠭᠯᠡᠯ ︵2023 ᠤᠨ ᠤ 6 ᠰᠠᠷ᠎ᠠ︶
ᠨᠡᠶᠢᠲᠡᠯᠡᠭᠰᠡᠨ ᠴᠠᠭ᠄
2023/7/11
   6 ᠰᠠᠷ᠎ᠠ ᠶᠢᠨ 5 ᠤ ᠡᠳᠦᠷ᠂ ᠲᠦᠴᠢᠦᠸᠠᠨ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠡᠭᠡ ᠳᠠᠷᠠᠭᠠᠯᠠᠨ ᠪᠠᠶᠢᠴᠠᠭᠠᠬᠤ ᠶᠡᠭᠡ ᠴᠡᠭᠴᠡᠯᠡᠨ ᠰᠠᠶᠢᠵᠢᠷᠠᠭᠤᠯᠬᠤ ᠶᠡᠭᠡ ᠳᠡᠭᠡᠭᠰᠢᠯᠡᠭᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠤ ᠳᠤᠲᠠᠭᠤᠳᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠰᠲ᠋ᠧᠮ ᠲᠠᠢ ᠪᠠᠷ ᠵᠢᠭᠰᠠᠭᠠᠨ ᠪᠠᠶᠢᠴᠠᠭᠠᠵᠤ᠂ ᠰᠢᠰᠲ᠋ᠧᠮ ᠲᠠᠢ ᠪᠠᠷ ᠴᠡᠭᠴᠡᠯᠡᠨ ᠰᠠᠶᠢᠵᠢᠷᠠᠭᠤᠯᠵᠤ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠦᠷ᠎ᠡ ᠠᠰᠢᠭ ᠢ ᠴᠢᠨᠠᠭᠰᠢᠳᠠ ᠳᠡᠭᠡᠭᠰᠢᠯᠡᠭᠦᠯᠬᠦ ᠶᠢ ᠠᠬᠢᠭᠤᠯᠵᠤ᠂ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠬᠡᠨ᠎ᠡ᠃ ᠬᠤᠷᠠᠯ ᠨᠢ ᠸᠢᠳᠢᠤ᠋ ᠶᠢᠨ ᠬᠡᠯᠪᠡᠷᠢ ᠪᠠᠷ ᠶᠠᠪᠤᠭᠳᠠᠪᠠ᠃ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ᠂ ᠸᠠᠩ ᠶᠠᠨ ᠪᠥᠸᠧ ᠵᠡᠷᠭᠡ ᠬᠥᠮᠥᠰ ᠵᠢᠴᠢ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠤᠨ ᠭᠤᠣᠯ ᠲᠠᠯᠠᠪᠠᠶ ᠳᠤ ᠣᠷᠣᠯᠴᠠᠪᠠ᠃ ᠡᠯ᠎ᠡ ᠰᠢᠶᠠᠩ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠥᠷᠲᠡᠭᠡ ᠠᠯᠪᠠᠨ ᠭᠡᠷ ᠭᠠᠵᠠᠷ ᠤᠨ ᠬᠠᠷᠢᠭᠤᠴᠠᠯᠭᠠᠲᠠᠨ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠤ ᠱᠦᠵᠢ ᠪᠣᠯᠣᠨ ᠶᠠᠳᠠᠭᠤ ᠶᠢ ᠲᠡᠳᠬᠦᠬᠦ ᠲᠤᠰᠬᠠᠢ ᠺᠠᠳ᠋ᠷ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃     6 ᠰᠠᠷ᠎ᠠ ᠶᠢᠨ 9 ᠠᠴᠠ 10  ᠤ ᠡᠳᠦᠷ ᠪᠣᠯᠲᠠᠯ᠎ᠠ᠂ ᠪᠦᠬᠦ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠥᠮ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠬᠦ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ᠂ ᠠᠶᠢᠮᠠᠭ ᠤᠨ ᠳᠡᠳ᠋ ᠳᠠᠷᠤᠭ᠎ᠠ ᠴᠢᠦᠢ ᠵᠧᠨ ᠨᠢᠶᠠᠨ ᠬᠤᠷᠠᠯ ᠳᠤ ᠣᠷᠣᠯᠴᠠᠵᠠᠢ᠃ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ᠂ ᠯᠢᠦ ᡁᠢ ᠹᠧᠩ᠂ ᠸᠠᠩ ᠶᠢᠩ ᠴᠢᠶᠦ᠋ᠨ ᠨᠠᠷ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠦᠵᠡᠭᠦᠯᠦᠯᠭᠡ ᠶᠢᠨ ᠬᠤᠷᠠᠯ ᠳᠤ ᠣᠷᠣᠯᠴᠠᠵᠠᠢ᠃ ᠬᠤᠷᠠᠯ ᠳᠤ ᠣᠷᠣᠯᠴᠠᠭᠰᠠᠳ ᠬᠥᠮᠥᠨ ᠮᠠᠯ ᠢ ᠰᠠᠯᠭᠠᠬᠤ ᠵᠢᠱᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠲᠠᠯᠠᠪᠠᠢ᠂ ᠤᠰᠤ ᠬᠠᠩᠭᠠᠬᠤ ᠤᠰᠤ ᠵᠠᠯᠠᠬᠤ ᠶᠢ ᠨᠢᠭᠡ ᠴᠣᠭᠴᠠᠵᠢᠭᠤᠯᠤᠭᠰᠠᠨ ᠲᠦᠷᠦᠯ ᠵᠦᠢᠯ᠂ ᠬᠦᠷᠢᠶᠡᠨ ᠤ ᠠᠵᠤ ᠠᠬᠤᠢ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠲᠦᠷᠦᠯ ᠵᠦᠢᠯ᠂ ᠤᠢ ᠶᠢᠨ ᠬᠤᠷᠮᠣᠢ ᠶᠢᠨ ᠤᠯᠠᠭᠠᠨ ᠨᠠᠷᠠᠰᠤᠨ ᠴᠢᠰᠤᠨ ᠡᠪᠡᠷ ᠲᠠᠷᠢᠬᠤ᠂ ᠵᠢᠮᠢᠰ ᠤᠨ ᠮᠣᠳᠣᠨ ᠤ ᠠᠵᠤ ᠠᠬᠤᠢ ᠶᠢᠨ ᠤᠢ ᠶᠢᠨ ᠲᠦᠷᠦᠯ ᠵᠦᠢᠯ᠂ ᠵᠢᠷᠭᠤᠭᠠᠨ ᠡᠷᠦᠬᠡ ᠶᠢᠨ ᠣᠨᠴᠠᠯᠢᠭᠲᠤ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠵᠢᠴᠢ ᠾᠧ ᠹᠠ ᠲᠣᠰᠬᠤᠨ ᠬᠥᠳᠡᠭᠡ ᠲᠣᠰᠬᠤᠨ ᠢ ᠵᠠᠰᠠᠬᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃      6 ᠰᠠᠷ᠎ᠠ ᠶᠢᠨ 17  ᠤ ᠡᠳᠦᠷ᠂ ᠲᠦᠴᠢᠦᠸᠠᠨ ᠰᠢᠶᠠᠨ ︽ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠪᠠᠷ ᠤᠷᠳᠤ ᠬᠤᠭᠤᠴᠠᠭ᠎ᠠ ᠪᠠᠷ ᠴᠢᠷᠮᠠᠶᠢᠨ ᠲᠡᠮᠡᠴᠡᠵᠦ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠦᠶ᠎ᠡ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ ᠠᠵᠢᠯᠯᠠᠭ᠎ᠠ ᠳᠤ ᠣᠷᠣᠯᠴᠠᠪᠠ᠃    6 ᠰᠠᠷ᠎ᠠ   ᠶᠢᠨ 20 ᠤ ᠡᠳᠦᠷ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠵᠠᠩ ᠽᠦ ᠴᠢᠶᠠᠩ ᠲᠦᠴᠢᠦᠸᠠᠨ ᠰᠢᠶᠠᠨ ᠳᠤ ᠬᠦᠷᠴᠦ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠨᠢᠭᠡᠳᠦᠭᠡᠷ ᠹᠷᠣᠨᠲ ᠤᠨ ᠴᠠᠭ ᠠᠭᠤᠷ ᠤᠨ ᠬᠠᠪᠰᠤᠷᠤᠨ ᠲᠡᠳᠬᠦᠬᠦ ᠺᠠᠳ᠋ᠷᠴᠤᠳ ᠢ ᠡᠷᠭᠢᠨ ᠦᠵᠡᠪᠡ᠃ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠳ᠋ᠠᠩ ᡁᠢ ᠴᠧᠩ᠂ ᠠᠶᠢᠮᠠᠭ ᠤᠨ ᠵᠠᠬᠢᠷᠭ᠎ᠠ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠠᠩ ᠪᠢᠩ ᠢᠦᠢ᠂ ᠰᠢᠶᠠᠨ ᠤ ᠲᠦᠷᠪᠡᠨ ᠶᠡᠭᠡ ᠪᠠᠭ ᠤᠨ ᠤᠳᠤᠷᠢᠳᠤᠯᠭ᠎ᠠ ᠵᠢᠴᠢ ᠲᠣᠭᠤᠷᠢᠭ᠂ ᠠᠶᠢᠮᠠᠭ᠂ ᠰᠢᠶᠠᠨ ᠤ ᠴᠠᠭ ᠠᠭᠤᠷ ᠤᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ     6 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠷᠪᠠᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃     6 ᠰᠠᠷ᠎ᠠ ᠶᠢᠨ 26 ᠤ ᠡᠳᠦᠷ᠂ ᠲᠦᠴᠢᠦᠸᠠᠨ ᠰᠢᠶᠠᠨ ︽ᠡᠷᠡᠭᠦᠯ ᠴᠢᠭᠢᠷᠠᠭ ᠬᠥᠮᠥᠨ ᠤ ᠠᠮᠢᠳᠤᠷᠠᠯ ᠤᠨ ᠪᠣᠬᠢᠷᠲᠤᠯ ᠦᠭᠡᠢ ᠬᠤᠣᠷ ᠦᠭᠡᠢ︾ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠳ᠋ᠠᠢ ᠯᠢ ᠮᠢᠩ ᠠᠵᠢᠯᠯᠠᠭ᠎ᠠ ᠳᠤ ᠣᠷᠣᠯᠴᠠᠪᠠ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号