‍ᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠵᠢᠴᠢ ︽ᠲᠠᠪᠤᠨ ᠶᠡᠭᠡ ᠡᠭᠦᠷᠭᠡ︾ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/13
   7 ᠰᠠᠷ᠎ᠠ ᠶᠢᠨ 10 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠵᠢᠴᠢ ︽ᠲᠠᠪᠤᠨ ᠶᠡᠭᠡ ᠡᠭᠦᠷᠭᠡ︾ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠢᠩᠰᠢᠶᠠ ᠶᠢᠨ ᠢᠷᠭᠠᠢ ᠬᠤᠲᠠ ᠶᠢᠨ ᠰᠢᠩᠴᠢᠩ ᠲᠣᠭᠤᠷᠢᠭ ᠤᠨ ᠹᠦᠶᠠᠩ ᠱᠤᠷᠤᠯᠭ᠎ᠠ ᠤᠨ ᠭᠠᠵᠠᠷ ᠤᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠬᠡᠷᠡᠭ᠂ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠥᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ᠂ ︽ᠲᠠᠪᠤᠨ ᠶᠡᠭᠡ ᠡᠭᠦᠷᠭᠡ︾ ᠵᠡᠷᠭᠡ ᠪᠥᠬᠦ ᠠᠶᠢᠮᠠᠭ ᠤᠨ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠶᠢ ᠰᠤᠳᠤᠯᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ  ᠤᠨ ᠠᠶᠤᠯᠭᠦᠢ ᠦᠢᠯᠡᠳᠪᠦᠷᠢᠯᠡᠯ ᠪᠣᠯᠣᠨ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ᠂ ᠲᠤᠶᠢᠯᠰᠢᠷᠠᠯ ᠤᠨ ᠰᠡᠳᠬᠢᠬᠦᠢ ᠶᠢ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠨ ᠴᠢᠩᠭ᠎ᠠ ᠠᠳᠬᠤᠵᠤ᠂ ︽ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠠᠴᠠ ᠠᠪᠤᠷᠠᠬᠤ᠂ ᠶᠡᠭᠡ ᠭᠠᠮᠰᠢᠭ ᠠᠴᠠ ᠠᠪᠤᠷᠠᠬᠤ︾ ᠡᠯ᠎ᠡ ᠭᠤᠭᠴᠤᠭ᠎ᠠ ᠶᠢᠨ ᠪᠡᠯᠡᠳᠬᠡᠯ ᠠᠵᠢᠯ ᠢ ᠪᠣᠳᠠᠲᠠᠢ ᠪᠥᠭᠡᠳ ᠨᠠᠷᠢᠯᠢᠭ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃    ᠬᠤᠷᠠᠯ ᠠᠴᠠ ᠴᠢᠩᠭᠠᠳᠬᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ᠂ ᠪᠠᠶᠢᠯᠳᠤᠬᠤ ᠪᠣᠳᠣᠯᠭ᠎ᠠ ᠶᠢᠨ᠂ ᠪᠦᠬᠦ ᠲᠠᠯ᠎ᠠ ᠶᠢᠨ ᠥᠨᠳᠥᠷᠴᠡ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠬᠡᠷᠡᠭᠲᠡᠢ᠃ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠦᠪᠡᠭᠴᠢᠯᠡᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠠᠵᠢᠯ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠰᠢᠨ᠎ᠡ ᠬᠠᠷᠠᠯᠲᠠ᠂ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠪᠠᠷ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃    ᠬᠤᠷᠠᠯ ᠠᠴᠠ ᠴᠢᠩᠭᠠᠳᠬᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠣᠨᠴᠠᠭᠠᠶᠢᠯᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ︽ᠰᠢᠨ᠎ᠡ ᠵᠣᠷᠢᠭ ᠰᠠᠨᠠᠭ᠎ᠠ︾ ᠶᠢ ᠭᠦᠨᠵᠡᠭᠡᠢ ᠣᠶᠢᠯᠠᠭᠠᠵᠤ᠂ ︽ᠰᠢᠨ᠎ᠡ ᠱᠠᠭᠠᠷᠳᠠᠯᠭ᠎ᠠ︾ ᠳᠤ ᠪᠥᠬᠦ ᠲᠠᠯ᠎ᠠ ᠪᠠᠷ ᠲᠤᠯᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠬᠤᠯᠪᠣᠭᠳᠠᠯ ᠪᠦᠬᠦᠢ ᠡᠭᠦᠷᠭᠡ ᠶᠢ ︽ᠲᠠᠪᠤᠨ ᠶᠡᠭᠡ ᠡᠭᠦᠷᠭᠡ︾ ᠶᠢᠨ ᠪᠣᠳᠠᠲᠠᠢ ᠬᠡᠷᠡᠭᠵᠢᠭᠦᠯᠬᠦ ᠲᠥᠰᠥᠯ ᠳᠤ ᠦᠨᠡᠨ ᠬᠦ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠥᠨᠢ ᠤᠳᠠᠭᠠᠨ ᠴᠢᠷᠮᠠᠶᠢᠨ ᠠᠵᠢᠯᠯᠠᠵᠤ᠂ ︽ᠲᠠᠪᠤᠨ ᠶᠡᠭᠡ ᠡᠭᠦᠷᠭᠡ︾ ᠶᠢᠨ ᠦᠷ᠎ᠡ ᠪᠦᠲᠦᠭᠡᠯ ᠭᠠᠷᠭᠠᠵᠤ᠂ ᠪᠣᠳᠠᠲᠤ ᠦᠷ᠎ᠡ ᠪᠦᠲᠦᠮᠵᠢ ᠣᠯᠬᠤ ᠶᠢ ᠬᠦᠴᠦ ᠨᠡᠮᠡᠵᠦ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号