ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠨᠠᠮ ᠤᠨ ᠤᠳᠤᠷᠢᠳᠬᠤ ᠳᠤᠭᠤᠶᠢᠯᠠᠩ 2023 ᠣᠨ ᠤ 9 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/13
   7 ᠳ᠋ᠤᠭᠠᠷ ᠰᠠᠷ᠎ᠠ ᠶᠢᠨ 10 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ 2023 ᠣᠨ ᠤ 9 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠦᠢ ᠵᠦᠸᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠠᠵᠢᠯ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠳᠡᠳ᠋ ᠡᠷᠬᠢᠯᠡᠭᠴᠢ ᠪᠦᠦ ᠰᠢᠨ ᠮᠢᠨ᠂ ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠰᠤᠯᠠ ᠣᠷᠣᠯᠴᠠᠪᠠ᠃       ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠲᠥᠯᠥᠭᠡᠯᠡᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠰᠡᠳᠬᠢᠴᠡ᠂ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠵᠦ ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯᠭᠡ ᠳᠤ ᠦᠨᠡᠨ ᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠪᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号